ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ》᠎ᠤᠨ ᠲᠤᠬᠠᠢ ᠮᠡᠳᠡᠭᠳᠡᠯ (ᠥᠪᠥᠷ ᠵᠠᠰᠠᠭ ᠲᠠᠷᠬᠠᠭ᠋ᠠᠭᠰᠠᠨ [2025] 7 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠶᠠᠪᠤᠭᠤᠯᠪᠠ᠃
ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯᠳᠤᠭ᠋ᠠᠨ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠵᠢᠨ ᠲᠤᠯᠠᠳᠠ᠂ ᠥᠪᠡᠷᠲᠡᠭᠡᠨ ᠵᠠᠰᠠᠬᠤ ᠣᠷᠣᠨ᠎ᠤ ᠪᠤᠲᠠᠲᠠᠢ᠎ᠲᠠᠢ ᠤᠶᠠᠯᠳᠤᠭᠤᠯᠤᠨ ᠲᠣᠰ ᠲᠥᠰᠥᠯ᠎ᠢ ᠲᠣᠭᠲᠠᠭ᠋ᠠᠪᠠ᠃