ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-03-17

       ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ》᠎ᠤᠨ ᠲᠤᠬᠠᠢ ᠮᠡᠳᠡᠭᠳᠡᠯ (ᠥᠪᠥᠷ ᠵᠠᠰᠠᠭ ᠲᠠᠷᠬᠠᠭ᠋ᠠᠭᠰᠠᠨ [2025] 9 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠶᠠᠪᠤᠭᠤᠯᠪᠠ᠃

      ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠭᠰᠠᠨ᠂ ᠣᠷᠣᠨ ᠵᠠᠢ ᠵᠢ ᠲᠡᠩᠴᠡᠭᠦᠷᠢᠲᠡᠢ ᠪᠠᠢ᠌ᠯᠭ᠋ᠠᠬᠤ᠂ ᠰᠢᠰᠲᠸᠮᠵᠢᠭᠦᠯᠦᠨ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠵᠤ ᠠᠷᠪᠢᠯᠠᠬᠤ ᠰᠡᠳᠬᠢᠮᠵᠢ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠤᠳᠠᠭ᠋ᠠᠨ᠎ᠤ ᠪᠥᠬᠥᠳᠡ ᠬᠤᠷᠠᠯᠳᠤᠭ᠋ᠠᠨ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠤᠰᠤ ᠠᠷᠪᠢᠯᠠᠬᠤ ᠠᠵᠢᠯᠯᠠᠭ᠋ᠠᠨ᠎ᠢ ᠶᠡᠬᠡ᠎ᠪᠠᠷ ᠬᠡᠷᠡᠭᠵᠢᠭᠦᠯᠬᠦ ᠵᠢᠨ ᠲᠤᠯᠠᠳᠠ᠂ ᠲᠣᠰ ᠲᠥᠰᠥᠯ᠎ᠢ ᠲᠣᠭᠲᠠᠭ᠋ᠠᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠰᠦᠯᠵᠢᠶ᠎ᠡ