ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠬᠣᠯᠢᠰᠢᠨ ᠢᠳᠡᠭᠡᠨ ᠡᠳ᠋ᠰᠢᠭᠦᠯᠬᠦ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ (2025 –2027 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-04-14

       ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠬᠣᠯᠢᠰᠢᠨ ᠢᠳᠡᠭᠡᠨ ᠡᠳ᠋ᠰᠢᠭᠦᠯᠬᠦ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠠᠵᠢᠯᠯᠠᠭ᠋ᠠᠨ᠎ᠤ ᠲᠥᠰᠥᠯ (2025 – 2027 ᠣᠨ)》᠎ᠤᠨ ᠲᠤᠬᠠᠢ ᠮᠡᠳᠡᠭᠳᠡᠯ (ᠥᠪᠥᠷ ᠵᠠᠰᠠᠭ ᠠᠯᠪᠠᠨ ᠲᠠᠷᠬᠠᠭ᠋ᠠᠭᠰᠠᠨ [2025] 9 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠶᠠᠪᠤᠭᠤᠯᠪᠠ᠃

      ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯᠳᠤᠭ᠋ᠠᠨ᠂ ᠶᠢᠰᠦᠳᠦᠭᠡᠷ ᠪᠥᠬᠥᠳᠡ ᠬᠤᠷᠠᠯᠳᠤᠭ᠋ᠠᠨ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠨ᠂ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠲᠥᠬᠦᠬᠡᠢ ᠠᠮᠤ ᠪᠤᠳᠠᠭ᠎ᠠ ᠠᠮᠢᠳᠤ ᠮᠠᠯ᠎ᠤᠨ ᠭᠠᠳᠠᠭᠰᠢ ᠤᠷᠤᠰᠬᠤ᠂ ᠨᠠᠷᠢᠯᠢᠭ ᠭᠦᠨᠵᠡᠭᠡᠢ ᠡᠳ᠋ᠰᠢᠭᠦᠯᠬᠦ᠎ᠪᠠᠷ ᠬᠦᠷᠦᠯᠴᠡᠬᠦ ᠦᠭᠡᠢ ᠪᠠᠢ᠌ᠬᠤ ᠵᠡᠷᠭᠡ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ᠂ 《ᠠᠮᠤ ᠪᠤᠳᠠᠭ᠋ᠠᠨ᠎ᠤ ᠦᠢ᠍ᠯᠡᠳᠪᠦᠷᠢᠯᠡᠯ ᠬᠢᠭᠡᠳ ᠪᠣᠷᠣᠯᠠᠭᠤᠯᠭ᠎ᠠ ᠵᠢ ᠵᠣᠯᠭ᠋ᠠᠭᠤᠯᠬᠤ》᠂ 《ᠮᠠᠯ ᠲᠡᠵᠢᠭᠡᠨ ᠦᠷᠡᠵᠢᠭᠦᠯᠬᠦ ᠬᠢᠭᠡᠳ ᠮᠠᠯ᠎ᠤᠨ ᠠᠰᠢᠭ ᠰᠢᠮ᠎ᠡ ᠵᠢ ᠡᠳ᠋ᠰᠢᠭᠦᠯᠦᠨ ᠪᠣᠯᠪᠠᠰᠤᠷᠠᠭᠤᠯᠬᠤ ᠵᠢ ᠨᠢᠭᠡ ᠴᠣᠭᠴᠠᠵᠢᠭᠤᠯᠬᠤ》᠂ 《ᠲᠠᠷᠢᠮᠠᠯ᠎ᠤᠨ ᠦᠢ᠍ᠯᠡᠰ ᠬᠢᠭᠡᠳ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ ᠵᠢ ᠠᠭᠤᠰᠤᠯᠴᠠᠭᠤᠯᠤᠨ ᠬᠥᠭᠵᠢᠭᠦᠯᠬᠦ》 ᠵᠡᠷᠭᠡ ᠲᠠᠯ᠎ᠠ᠎ᠪᠠᠷ ᠬᠦᠴᠦ ᠲᠠᠯᠪᠢᠵᠤ᠂ ᠮᠠᠨ᠎ᠤ ᠣᠷᠣᠨ᠎ᠤ ᠲᠠᠷᠢᠶᠠᠯᠠᠩ᠎ᠤᠨ ᠬᠣᠯᠢᠰᠢᠨ ᠢᠳᠡᠭᠡᠨ ᠡᠳ᠋ᠰᠢᠭᠦᠯᠬᠦ ᠦᠢ᠍ᠯᠡᠰ᠎ᠢ ᠲᠦᠷᠭᠡᠨ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠯᠲᠡ᠂ ᠠᠵᠤ ᠦᠶ᠋ᠢᠯᠡᠰᠵᠢᠯᠲᠡ᠂ ᠨᠠᠷᠠᠲᠤ ᠲᠥᠷᠥᠯ ᠲᠡᠮᠳᠡᠭᠵᠢᠯᠲᠡ ᠪᠠ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠤᠯᠠᠳᠠ᠂ ᠲᠣᠰ ᠠᠵᠢᠯᠯᠠᠭ᠋ᠠᠨ᠎ᠤ ᠲᠥᠰᠥᠯ᠎ᠢ ᠲᠣᠭᠲᠠᠭ᠋ᠠᠪᠠ᠃

 

ᠢᠷᠡᠯᠲᠡ᠄ ᠥᠪᠥᠷ ᠮᠣᠩᠭᠤᠯ᠎ᠤᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ