ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠸᠢᠰᠠ ᠪᠢᠴᠢᠭᠦᠯᠵᠦ ᠠᠪᠬᠤ ᠦᠭᠡᠢ ᠤᠯᠤᠰ ᠨᠡᠮᠡᠭᠳᠡᠭᠡᠳ 47 ᠪᠣᠯᠪᠠ
ᠨᠡᠶ᠋ᠢᠲᠡᠯᠡᠭᠰᠡᠨ ᠴᠠᠭ᠄ 2025-06-11

      6 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ ᠡᠬᠢᠯᠡᠨ᠂ ᠮᠠᠨ᠎ᠤ ᠤᠯᠤᠰ ᠰᠠᠦ᠋ᠳ᠋᠎ᠤᠨ ᠠᠷᠠᠪ᠂ ᠤᠮᠠᠨ᠂ ᠺᠦᠸᠠᠶ᠋ᠢᠲ᠂ ᠪᠠᠷᠸᠢᠢ᠍ᠨ᠎ᠤ ᠡᠩ᠎ᠤᠨ ᠫᠠᠰᠫᠣᠷᠲ᠎ᠲᠠᠢ ᠬᠥᠮᠥᠰ᠎ᠲᠤ ᠸᠢᠰᠠ ᠪᠢᠴᠢᠭᠦᠯᠵᠦ ᠠᠪᠬᠤ ᠦᠭᠡᠢ ᠲᠥᠷᠥ ᠵᠢᠨ ᠪᠣᠳᠣᠯᠭ᠎ᠠ ᠵᠢ ᠲᠤᠷᠰᠢᠨ ᠬᠡᠷᠡᠭᠵᠢᠭᠦᠯᠵᠦ᠂ ᠳᠤᠮᠳᠠᠳᠤ ᠤᠯᠤᠰ᠎ᠤᠨ ᠲᠠᠯ᠎ᠠ᠎ᠠᠴᠠ ᠸᠢᠰᠠ ᠪᠢᠴᠢᠭᠦᠯᠵᠦ ᠠᠪᠬᠤ ᠦᠭᠡᠢ 《ᠨᠠᠶ᠋ᠢᠵᠠ ᠵᠢᠨ ᠲᠣᠭᠤᠷᠢᠭ》᠎ᠲᠤ᠎ᠪᠠᠨ ᠪᠠᠰᠠ ᠰᠢᠨ᠎ᠡ ᠭᠡᠰᠢᠭᠦᠳ᠎ᠲᠠᠢ ᠪᠣᠯᠪᠠ᠃
      2025 ᠣᠨ᠎ᠤ 6 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ 2026 ᠣᠨ᠎ᠤ 6 ᠳ᠋ᠤᠭ᠋ᠠᠷ ᠰᠠᠷ᠎ᠠ ᠵᠢᠨ 8᠎ᠤ ᠡᠳᠦᠷ ᠪᠣᠯᠲᠠᠯ᠎ᠠ᠂ ᠳᠡᠭᠡᠷ᠎ᠡ ᠳᠤᠷᠠᠳᠤᠭᠰᠠᠨ ᠲᠡᠳᠡᠭᠡᠷ ᠤᠯᠤᠰ᠎ᠤᠨ ᠡᠩ᠎ᠤᠨ ᠫᠠᠰᠫᠣᠷᠲ᠎ᠲᠠᠢ ᠬᠥᠮᠥᠰ ᠳᠤᠮᠳᠠᠳᠤ ᠤᠯᠤᠰ᠎ᠲᠤ ᠢᠷᠡᠵᠦ ᠬᠤᠳᠠᠯᠳᠤᠭ᠎ᠠ ᠡᠷᠭᠢᠯᠡᠬᠦ᠂ ᠵᠢᠭᠤᠯᠴᠢᠯᠠᠬᠤ᠂ ᠲᠥᠷᠥᠯ ᠰᠠᠳᠤᠨ ᠨᠠᠶ᠋ᠢᠵᠠ ᠨᠥᠬᠦᠳ ᠵᠶ᠋ᠠᠨ ᠡᠷᠭᠢᠵᠦ ᠦᠵᠡᠬᠦ᠂ ᠰᠣᠯᠢᠯᠴᠠᠵᠤ ᠰᠤᠷᠪᠤᠯᠵᠢᠯᠠᠬᠤ᠎ᠪᠠᠷ ᠬᠢᠯᠢ ᠣᠷᠣᠵᠤ ᠭᠠᠷᠬᠤ ᠴᠠᠭ᠎ᠨᠢ 30 ᠡᠳᠦᠷ᠎ᠠᠴᠠ ᠬᠡᠲᠦᠷᠡᠬᠦ ᠦᠭᠡᠢ ᠪᠣᠯ ᠸᠢᠰᠠ ᠪᠢᠴᠢᠭᠦᠯᠬᠦ ᠦᠭᠡᠢ᠎ᠪᠠᠷ ᠬᠢᠯᠢ᠎ᠳᠤ ᠣᠷᠣᠵᠤ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠰᠦᠯᠵᠢᠶ᠎ᠡ