《ᠮᠠᠰᠢᠨ ᠲᠡᠷᠭᠡᠨ᠎ᠤ ᠵᠢᠯᠤᠭᠤᠴᠢ ᠵᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠤᠭᠲᠠᠭ᠋ᠠᠯ》 (2016 ᠣᠨ᠎ᠤ 1 ᠰᠠᠷ᠎ᠠ ᠵᠢᠨ 29᠎ᠤ ᠡᠳᠦᠷ᠂ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠳᠠᠷᠤᠭ᠎ᠠ ᠭᠦᠸᠸ ᠱᠸᠡᠩ ᠺᠦᠨ ᠭᠠᠷ ᠤᠨ ᠦᠰᠦᠭ ᠵᠢᠷᠤᠵᠤ ᠨᠡᠢ᠌ᠲᠡᠯᠡᠭᠰᠡᠨ᠂ ᠲᠤᠲᠤᠭ᠋ᠠᠲᠤ ᠵᠢ ᠬᠠᠮᠠᠭ᠋ᠠᠯᠠᠬᠤ ᠶᠠᠮᠤᠨ᠎ᠤ 139 ᠳ᠋ᠦ᠍ᠭᠡᠷ ᠲᠤᠭ᠋ᠠᠲᠤ ᠵᠠᠷᠯᠢᠭ)᠎ᠤᠨ ᠠᠷᠪᠠᠨ ᠨᠠᠢ᠍ᠮᠠᠳᠤᠭ᠋ᠠᠷ᠎ᠠᠴᠠ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ᠎ᠢ ᠭᠤᠶᠤᠴᠢᠯᠠᠬᠤ ᠪᠤᠶᠤ ᠰᠣᠯᠢᠬᠤ (ᠴᠡᠷᠢᠭ᠎ᠤᠨ ᠪᠤᠶᠤ ᠬᠢᠯᠢ ᠵᠢᠨ ᠭᠠᠳᠠᠨᠠᠬᠢ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ)᠎ᠳᠤ ᠲᠤᠰᠢᠶᠠᠪᠠᠰᠤ ᠵᠣᠬᠢᠬᠤ ᠭᠡᠷᠡᠴᠢ ᠮᠠᠲᠸᠷᠢᠶᠠᠯᠤᠳᠨᠢ ᠳᠤᠤᠷᠠᠬᠢ ᠮᠡᠲᠦ᠄
ᠠᠷᠪᠠᠨ ᠨᠠᠢ᠍ᠮᠠᠳᠤᠭ᠋ᠠᠷ ᠵᠦᠢ᠍ᠯ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ ᠭᠣᠶᠣᠴᠢᠯᠠᠭᠴᠢ᠂ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠲᠡᠷᠭᠡ ᠬᠥᠰᠬᠡ ᠵᠢᠨ ᠬᠠᠮᠢᠶᠠᠷᠤᠯᠲᠠ ᠵᠢᠨ ᠭᠠᠵᠠᠷ᠎ᠲᠤ ᠭᠤᠶᠤᠴᠢᠯᠠᠬᠤ ᠬᠡᠷᠡᠭᠲᠡᠢ᠃
(ᠨᠢᠭᠡ) ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠲᠠᠭᠠᠨ ᠰᠠᠭᠤᠵᠤ ᠪᠠᠢ᠌ᠭ᠎ᠠ ᠭᠣᠶᠣᠴᠢᠯᠠᠭᠴᠢᠨᠢ᠂ ᠡᠷᠦᠬᠡ ᠠᠮᠠ ᠪᠠᠶ᠋ᠢᠭ᠎ᠠ ᠭᠠᠵᠠᠷ᠎ᠲᠠᠭᠠᠨ ᠭᠤᠶᠤᠴᠢᠯᠠᠬᠤ ᠬᠡᠷᠡᠭᠲᠡᠢ;
(ᠬᠣᠶᠠᠷ) ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ ᠠᠴᠠ ᠣᠨᠳᠣᠣ ᠭᠠᠵᠠᠷ᠎ᠲᠤ ᠣᠷᠣᠰᠢᠨ ᠰᠠᠭᠤᠵᠤ ᠪᠠᠢ᠌ᠭ᠎ᠠ ᠪᠣᠯ᠂ ᠣᠷᠣᠰᠢᠨ ᠰᠠᠭᠤᠵᠤ ᠪᠠᠶ᠋ᠢᠭ᠎ᠠ ᠭᠠᠵᠠᠷ᠎ᠲᠠᠭᠠᠨ ᠭᠤᠶᠤᠴᠢᠯᠠᠯ ᠭᠠᠷᠭ᠋ᠠᠵᠤ ᠪᠣᠯᠤᠨ᠎ᠠ;
(ᠭᠤᠷᠪᠠ) ᠠᠯᠪᠠᠨ᠎ᠤ ᠴᠡᠷᠢᠭ (ᠵᠡᠪᠰᠡᠭᠲᠦ ᠴᠠᠭᠳᠠᠭ᠎ᠠ ᠪᠠᠭᠳᠠᠨ᠎ᠠ) ᠪᠣᠯ᠂ ᠣᠷᠣᠰᠢᠨ ᠰᠠᠭᠤᠵᠤ ᠪᠠᠶ᠋ᠢᠭ᠎ᠠ ᠭᠠᠵᠠᠷ᠎ᠲᠠᠭᠠᠨ ᠭᠤᠶᠤᠴᠢᠯᠠᠯ ᠭᠠᠷᠭ᠋ᠠᠬᠤ ᠬᠡᠷᠡᠭᠲᠡᠶ;
(ᠲᠤᠢ᠍ᠷᠪᠡ) ᠬᠢᠯᠢ ᠵᠢᠨ ᠭᠠᠳᠠᠨᠠᠬᠢ ᠬᠥᠮᠦᠰ᠂ ᠣᠷᠣᠰᠢᠨ ᠰᠠᠭᠤᠭ᠎ᠠ ᠭᠠᠵᠠᠷ ᠪᠤᠶᠤ ᠰᠠᠭᠤᠵᠤ ᠪᠠᠶ᠋ᠢᠭ᠎ᠠ ᠭᠠᠵᠠᠷ᠎ᠲᠠᠭᠠᠨ ᠭᠤᠶᠤᠴᠢᠯᠠᠯ ᠭᠠᠷᠭ᠋ᠠᠬᠤ ᠬᠡᠷᠡᠭᠲᠡᠶ;
(ᠲᠠᠪᠤ) ᠵᠢᠯᠣᠭᠣᠳᠴᠤ ᠪᠣᠯᠬᠤ ᠲᠡᠷᠭᠡ ᠵᠢᠨ ᠬᠡᠯᠪᠡᠷᠢ (ᠲᠥᠷᠥᠯ ᠵᠦᠢ᠍ᠯ) ᠵᠢ ᠨᠡᠮᠡᠬᠦ ᠪᠠᠷ ᠭᠤᠶᠤᠴᠢᠯᠠᠪᠠᠯ᠂ ᠤᠭ᠎ᠤᠨ ᠮᠠᠰᠢᠨ ᠲᠡᠷᠭᠡ ᠵᠢᠯᠣᠭᠣᠳᠬᠤ ᠦᠨᠡᠮᠯᠡᠯ ᠢ ᠵᠥᠪᠰᠢᠶᠡᠷᠡᠨ ᠣᠯᠭᠣᠭᠰᠠᠨ ᠭᠠᠵᠠᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠶ;
(ᠵᠢᠷᠭᠤᠭ᠎ᠠ) ᠪᠦᠬᠦᠯᠢ ᠡᠳᠦᠷ᠎ᠤᠨ ᠳᠦᠷᠢᠮᠲᠦ ᠵᠢᠯᠣᠭᠣᠳᠬᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠳᠡᠭᠰᠡᠳ᠂ ᠲᠣᠮᠣ ᠬᠡᠯᠪᠡᠷᠢ ᠵᠢᠨ ᠠᠶᠠᠨᠴᠢᠨ᠎ᠤ ᠮᠠᠰᠢᠨ ᠪᠠ ᠴᠢᠷᠭᠡᠦᠯ ᠲᠡᠷᠭᠡ ᠵᠢ ᠵᠢᠯᠣᠭᠣᠳᠴᠤ ᠪᠣᠯᠬᠤ ᠦᠨᠡᠮᠯᠡᠯ᠎ᠢ ᠭᠤᠶᠤᠴᠢᠯᠠᠬᠤ᠎ᠳᠤ᠂ ᠵᠢᠯᠣᠭᠣᠴᠢ ᠵᠢᠨ ᠰᠤᠷᠭ᠋ᠠᠨ ᠬᠥᠮᠦᠵᠢᠯ ᠬᠦᠷᠲᠡᠭᠰᠡᠨ ᠭᠠᠵᠠᠷ᠎ᠲᠤ ᠭᠤᠶᠤᠴᠢᠯᠠᠬᠤ ᠬᠡᠷᠡᠭᠲᠡᠶ᠃
ᠠᠷᠪᠠᠨ ᠶᠢᠰᠦᠳᠦᠭᠡᠷ ᠵᠦᠢ᠍ᠯ ᠠᠩᠬ᠎ᠠ ᠤᠳᠠᠭ᠎ᠠ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ ᠭᠣᠶᠣᠴᠢᠯᠠᠬᠤᠳᠤ᠂ ᠭᠣᠶᠣᠴᠢᠯᠠᠯ᠎ᠤᠨ ᠬᠥᠰᠥᠨᠥᠭᠲᠦ ᠲᠠᠭᠯᠠᠬᠤ ᠪᠥᠭᠡᠳ ᠳᠣᠣᠷᠠᠬᠢ ᠭᠡᠷᠡᠴᠢᠨᠦᠭᠦᠳᠢ ᠲᠤᠰᠢᠶᠠᠬᠤ ᠬᠡᠷᠡᠭᠲᠡᠢ᠄
(ᠨᠢᠭᠡ) ᠭᠤᠶᠤᠴᠢᠯᠠᠭᠴᠢ ᠵᠢᠨ ᠪᠡᠶ᠎ᠡ ᠵᠢᠨ ᠦᠨᠡᠮᠯᠡᠯ;
(ᠬᠣᠶᠠᠷ) ᠰᠢᠶᠠᠨ᠎ᠤ ᠱᠠᠲᠤ ᠪᠣᠶᠤ ᠴᠡᠷᠢᠭ ᠠᠩᠭᠢ ᠵᠢᠨ ᠬᠣᠷᠢᠶᠠᠨ᠎ᠤ ᠱᠠᠲᠤ᠎ᠠᠴᠠ ᠳᠡᠭᠡᠭᠰᠢᠬᠢ ᠡᠮᠴᠢᠯᠡᠭᠡᠨ᠎ᠤ ᠪᠠᠢ᠌ᠭᠤᠯᠤᠮᠵᠢ᠎ᠠᠴᠠ ᠭᠠᠷᠭ᠋ᠠᠵᠤ ᠥᠭᠭᠦᠭᠰᠡᠨ (ᠭᠡᠷᠡᠴᠢᠯᠡᠭᠰᠡᠨ) ᠬᠣᠯᠪᠤᠭᠳᠠᠯ ᠪᠥᠬᠦᠢ ᠪᠡᠶ᠎ᠡ ᠵᠢᠨ ᠨᠥᠬᠦᠴᠡᠯ᠎ᠤᠨ ᠭᠡᠷᠡᠴᠢ᠃ ᠵᠡᠮᠳᠡᠭᠴᠦᠳ᠎ᠤᠨ ᠲᠤᠰᠬᠠᠢ ᠬᠡᠷᠡᠭᠯᠡᠬᠦ ᠵᠢᠵᠢᠭ ᠬᠡᠯᠪᠡᠷᠢ ᠵᠢᠨ ᠠᠦ᠋ᠲ᠋ᠤ᠋ ᠵᠠᠯᠭ᠋ᠠᠯᠲᠠ᠎ᠲᠠᠢ ᠠᠶᠠᠨᠴᠢᠳ᠎ᠢ ᠠᠴᠢᠬᠤ ᠮᠠᠰᠢᠨᠳᠤ ᠬᠠᠷᠢᠶᠠᠯᠠᠭᠳᠠᠪᠠᠯ᠂ ᠮᠤᠵᠢ ᠵᠢᠨ ᠱᠠᠲᠤᠨ᠎ᠤ ᠡᠷᠡᠭᠦᠯ ᠬᠠᠮᠠᠭ᠋ᠠᠯᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠲᠣᠭᠲᠠᠭ᠋ᠠᠭᠰᠠᠨ ᠲᠤᠰᠬᠠᠢ ᠡᠮᠴᠢᠯᠡᠭᠡᠨ᠎ᠤ ᠪᠠᠢ᠌ᠭᠤᠯᠤᠮᠵᠢ᠎ᠠᠴᠠ ᠭᠠᠷᠭ᠋ᠠᠵᠤ ᠥᠭᠭᠦᠭᠰᠡᠨ ᠬᠣᠯᠪᠤᠭᠳᠠᠯ ᠪᠥᠬᠦᠢ ᠪᠡᠶ᠎ᠡ ᠵᠢᠨ ᠨᠥᠬᠦᠴᠡᠯ᠎ᠤᠨ ᠭᠡᠷᠡᠴᠢ ᠵᠢ ᠲᠤᠰᠢᠶᠠᠬᠤ ᠬᠡᠷᠡᠭᠲᠡᠢ᠃
ᠬᠣᠷᠢᠳᠤᠭ᠋ᠠᠷ ᠵᠦᠢ᠍ᠯ ᠵᠢᠯᠤᠭᠤᠳᠬᠤ ᠵᠢ ᠵᠦᠪᠰᠢᠶᠡᠷᠡᠬᠦ ᠲᠡᠷᠭᠡᠨ᠎ᠤ ᠬᠡᠯᠪᠡᠷᠢ ᠨᠡᠮᠡᠬᠦ ᠵᠢ ᠭᠣᠶᠣᠴᠢᠯᠠᠬᠤᠳᠤ᠂ ᠭᠤᠶᠤᠴᠢᠯᠠᠯ᠎ᠤᠨ ᠬᠥᠰᠥᠨᠥᠭᠲᠦ ᠲᠠᠭᠯᠠᠬᠤ᠎ᠠᠴᠠ ᠭᠠᠳᠠᠨ᠎ᠠ᠂ ᠠᠷᠪᠠᠨ ᠶᠢᠰᠦᠳᠦᠭᠡᠷ ᠵᠦᠢ᠍ᠯ᠎ᠳᠤ ᠲᠣᠭᠲᠠᠭ᠋ᠠᠭᠰᠠᠨ ᠭᠡᠷᠡᠴᠢ ᠵᠢ ᠲᠤᠰᠢᠶᠠᠬᠤ᠎ᠠᠴᠠ ᠭᠠᠳᠠᠨ᠎ᠠ᠂ ᠠᠪᠴᠤ ᠪᠠᠢ᠌ᠭ᠎ᠠ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ ᠵᠶ᠋ᠡᠨ ᠲᠤᠰᠢᠶᠠᠬᠤ ᠬᠡᠷᠡᠭᠲᠡᠢ᠃ ᠪᠥᠬᠦᠯᠢ ᠡᠳᠦᠷ᠎ᠤᠨ ᠳᠦᠷᠢᠮ᠎ᠳᠤ ᠵᠢᠯᠣᠭᠣᠴᠢ ᠵᠢᠨ ᠠᠵᠢᠯ ᠮᠡᠷᠭᠡᠵᠢᠯ᠎ᠤᠨ ᠰᠤᠷᠤᠭᠴᠢᠳ᠂ ᠲᠤᠮᠦ ᠬᠡᠯᠪᠡᠷᠢ ᠵᠢᠨ ᠠᠶᠠᠨᠴᠢᠳ᠎ᠤᠨ ᠮᠠᠰᠢᠨ ᠲᠡᠷᠭᠡ ᠪᠠ ᠴᠢᠷᠭᠡᠤᠯ ᠲᠡᠷᠭᠡ ᠵᠢ ᠵᠢᠯᠤᠭᠤᠳᠴᠦ ᠪᠣᠯᠬᠤ ᠵᠢᠯᠣᠭᠣᠴᠢ ᠵᠢᠨ ᠦᠨᠡᠮᠯᠡᠯ᠎ᠢ ᠭᠤᠶᠤᠴᠢᠯᠠᠬᠤ᠎ᠳᠤ᠂ ᠰᠤᠷᠭ᠋ᠠᠭᠤᠯᠢ᠎ᠠᠴᠠ ᠭᠡᠷᠡᠴᠢᠯᠡᠭᠰᠡᠨ ᠰᠤᠷᠭ᠋ᠠᠭᠤᠯᠢ ᠵᠢᠨ ᠬᠠᠷᠢᠶᠠᠯᠠᠯ᠎ᠤᠨ ᠭᠡᠷᠡᠴᠢ ᠲᠤᠰᠢᠶᠠᠬᠤ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ ᠴᠡᠷᠢᠭ ᠠᠩᠭᠢ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠮᠠᠰᠢᠨ ᠲᠡᠷᠭᠡ ᠵᠢᠯᠤᠭᠤᠳᠬᠤ ᠦᠨᠡᠮᠯᠡᠯ᠎ᠲᠠᠢ ᠬᠥᠮᠦᠨ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ ᠭᠤᠶᠤᠴᠢᠯᠠᠬᠤ᠎ᠳᠤ᠂ ᠭᠤᠶᠤᠴᠢᠯᠠᠯ᠎ᠤᠨ ᠬᠥᠰᠥᠨᠥᠭᠲᠦ ᠲᠠᠭᠯᠠᠬᠤ ᠵᠢᠨ ᠬᠠᠮᠲᠤ ᠳᠤᠤᠷᠠᠬᠢ ᠭᠡᠷᠡᠴᠢ ᠪᠠᠷᠢᠮᠲᠠ ᠵᠢ ᠲᠤᠰᠢᠶᠠᠬᠤ ᠬᠡᠷᠡᠭᠲᠡᠢ᠄
(ᠨᠢᠭᠡ) ᠭᠤᠶᠤᠴᠢᠯᠠᠭᠴᠢ ᠵᠢᠨ ᠪᠡᠶ᠎ᠡ ᠵᠢᠨ ᠭᠡᠷᠡᠴᠢ᠃ ᠴᠡᠷᠢᠭ᠎ᠠᠴᠠ ᠬᠠᠯᠠᠭᠳᠠᠭᠰᠠᠳ᠂ ᠴᠡᠷᠢᠭ᠎ᠠᠴᠠ ᠰᠢᠯᠵᠢᠭᠰᠡᠳ᠂ ᠴᠡᠷᠢᠭ᠎ᠠᠴᠠ ᠪᠠᠭᠤᠭᠰᠠᠳ᠎ᠲᠤ ᠬᠠᠷᠢᠶᠠᠯᠠᠭᠳᠠᠪᠠᠯ᠂ ᠴᠡᠷᠢᠭ ᠠᠩᠭᠢ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠬᠢᠨᠠᠨ ᠲᠠᠷᠬᠠᠭ᠋ᠠᠭᠰᠠᠨ ᠴᠡᠷᠢᠭ᠎ᠠᠴᠠ ᠬᠠᠯᠠᠭᠳᠠᠭᠰᠠᠨ᠂ ᠰᠢᠯᠵᠢᠭᠰᠡᠨ ᠪᠤᠶᠤ ᠪᠠᠭᠤᠭᠰᠠᠨ ᠭᠡᠷᠡᠴᠢ ᠵᠢ ᠲᠤᠰᠢᠶᠠᠬᠤ ᠬᠡᠷᠡᠭᠲᠡᠢ;
(ᠬᠣᠶᠠᠷ) ᠰᠢᠶᠠᠨ᠎ᠤ ᠱᠠᠲᠤ ᠪᠣᠶᠤ ᠴᠡᠷᠢᠭ ᠠᠩᠭᠢ ᠵᠢᠨ ᠬᠣᠷᠢᠶᠠᠨ᠎ᠤ ᠱᠠᠲᠤ᠎ᠠᠴᠠ ᠳᠡᠭᠡᠭᠰᠢᠬᠢ ᠡᠮᠴᠢᠯᠡᠭᠡᠨ᠎ᠤ ᠪᠠᠢ᠌ᠭᠤᠯᠤᠮᠵᠢ᠎ᠠᠴᠠ ᠭᠠᠷᠭ᠋ᠠᠵᠤ ᠥᠭᠭᠦᠭᠰᠡᠨ ᠬᠣᠯᠪᠤᠭᠳᠠᠯ ᠪᠥᠬᠦᠢ ᠪᠡᠶ᠎ᠡ ᠵᠢᠨ ᠨᠥᠬᠦᠴᠡᠯ᠎ᠤᠨ ᠭᠡᠷᠡᠴᠢ ᠲᠤᠰᠢᠶᠠᠬᠤ;
(ᠭᠤᠷᠪᠡ) ᠴᠡᠷᠢᠭ ᠠᠩᠭᠢ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ ᠵᠶ᠋ᠠᠨ ᠲᠤᠰᠢᠶᠠᠬᠤ᠃
ᠬᠣᠷᠢᠨ ᠬᠣᠶᠠᠳᠤᠭ᠋ᠠᠷ ᠵᠦᠢ᠍ᠯ ᠬᠢᠯᠢ ᠵᠢᠨ ᠭᠠᠳᠠᠨᠠᠬᠢ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ᠎ᠲᠠᠢ ᠬᠥᠮᠦᠨ᠂ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ ᠭᠤᠶᠤᠴᠢᠯᠠᠬᠤ᠎ᠳᠤ᠂ ᠭᠤᠶᠤᠴᠢᠯᠠᠯ᠎ᠤᠨ ᠬᠥᠰᠥᠨᠥᠭᠲᠦ ᠲᠠᠭᠯᠠᠬᠤ ᠵᠢᠨ ᠬᠠᠮᠲᠤ ᠳᠤᠤᠷᠠᠬᠢ ᠭᠡᠷᠡᠴᠢ ᠪᠠᠷᠢᠮᠲᠠ ᠵᠢ ᠲᠤᠰᠢᠶᠠᠬᠤ ᠬᠡᠷᠡᠭᠲᠡᠢ᠄
(ᠨᠢᠭᠡ) ᠭᠤᠶᠤᠴᠢᠯᠠᠭᠴᠢ ᠵᠢᠨ ᠪᠡᠶ᠎ᠡ ᠵᠢᠨ ᠭᠡᠷᠡᠴᠢ;
(ᠬᠣᠶᠠᠷ) ᠰᠢᠶᠠᠨ᠎ᠤ ᠱᠠᠲᠤ᠎ᠠᠴᠠ ᠳᠡᠭᠡᠭᠰᠢᠬᠢ ᠡᠮᠴᠢᠯᠡᠭᠡᠨ᠎ᠤ ᠪᠠᠢ᠌ᠭᠤᠯᠤᠮᠵᠢ᠎ᠠᠴᠠ ᠭᠠᠷᠭ᠋ᠠᠵᠤ ᠥᠭᠭᠦᠭᠰᠡᠨ (ᠭᠡᠷᠡᠴᠢᠯᠡᠭᠰᠡᠨ) ᠬᠣᠯᠪᠤᠭᠳᠠᠯ ᠪᠥᠬᠦᠢ ᠪᠡᠶ᠎ᠡ ᠵᠢᠨ ᠨᠥᠬᠦᠴᠡᠯ᠎ᠤᠨ ᠭᠡᠷᠡᠴᠢ᠃ ᠭᠠᠳᠠᠭ᠋ᠠᠳᠤ ᠤᠯᠤᠰ᠎ᠤᠨ ᠳᠤᠮᠳᠠᠲᠤ᠎ᠳᠤ ᠰᠠᠭᠤᠭ᠎ᠠ ᠡᠯᠴᠢᠨ ᠰᠠᠢ᠌ᠳ᠎ᠤᠨ ᠭᠠᠵᠠᠷ᠂ ᠺᠣᠨᠰᠦ᠋ᠯ᠎ᠤᠨ ᠭᠠᠵᠠᠷ᠎ᠤᠨ ᠠᠵᠢᠯᠲᠠᠨ ᠪᠣᠯᠣᠨ ᠣᠯᠠᠨ ᠤᠯᠤᠰ᠎ᠤᠨ ᠵᠣᠬᠢᠶᠠᠨ ᠪᠠᠢ᠌ᠭᠤᠯᠤᠯᠲᠠ ᠵᠢᠨ ᠳᠤᠮᠳᠠᠲᠤ᠎ᠳᠤ ᠰᠠᠭᠤᠭ᠎ᠠ ᠲᠥᠯᠦᠭᠡᠯᠡᠬᠦ ᠪᠠᠢ᠌ᠭᠤᠯᠤᠮᠵᠢ ᠵᠢᠨ ᠠᠵᠢᠯᠲᠠᠨ ᠭᠤᠶᠤᠴᠢᠯᠠᠭᠰᠠᠨ ᠪᠣᠯ᠂ ᠭᠠᠳᠠᠭ᠋ᠠᠳᠤ ᠬᠠᠷᠢᠯᠴᠠᠭ᠋ᠠᠨ ᠤ ᠡᠷᠬᠡ ᠲᠡᠭᠰᠢ ᠵᠠᠷᠴᠢᠮ ᠶᠣᠰᠤᠭ᠋ᠠᠷ ᠭᠦᠢ᠍ᠴᠡᠳᠬᠡᠨ᠎ᠡ;
(ᠭᠣᠷᠪᠡ) ᠭᠠᠷᠳᠠᠵᠤ ᠪᠠᠢ᠌ᠭ᠎ᠠ ᠮᠠᠰᠢᠨ ᠲᠡᠷᠭᠡ ᠵᠢᠨ ᠵᠢᠯᠣᠭᠣᠴᠢ ᠵᠢᠨ ᠦᠨᠡᠮᠯᠡᠯ᠃ ᠬᠢᠲᠠᠳ ᠦᠰᠦᠭ᠎ᠤᠨ ᠪᠣᠰᠤ ᠲᠠᠢ᠌ᠯᠪᠤᠷᠢ᠎ᠲᠠᠢ ᠵᠢᠯᠣᠭᠣᠴᠢ ᠵᠢᠨ ᠦᠨᠡᠮᠯᠡᠯ ᠪᠣᠯ᠂ ᠬᠢᠲᠠᠳ ᠪᠢᠴᠢᠭ᠎ᠤᠨ ᠣᠷᠴᠢᠭᠤᠯᠭ᠎ᠠ ᠵᠢᠨ ᠲᠠᠢ᠌ᠯᠪᠤᠷᠢ ᠬᠠᠩᠭ᠋ᠠᠬᠤ ᠬᠡᠷᠡᠭᠲᠡᠢ᠃
ᠭᠤᠶᠤᠴᠢᠯᠠᠭᠴᠢ᠎ᠨᠢ ᠳᠣᠲᠣᠷ᠎ᠠ ᠭᠠᠵᠠᠷ᠎ᠤᠨ ᠬᠥᠮᠥᠨ ᠪᠣᠯ᠂ ᠥᠪᠡᠷ᠎ᠤᠨ ᠫᠠᠰᠫᠣᠷᠲ ᠡᠰᠡᠬᠦᠯ᠎ᠡ 《ᠳᠣᠲᠣᠷ᠎ᠠ ᠭᠠᠵᠠᠷ᠎ᠤᠨ ᠰᠠᠭᠤᠭ᠋ᠠᠯᠢ ᠠᠷᠠᠳ᠎ᠤᠨ ᠰᠢᠶᠠᠩᠭ᠋ᠠᠩ ᠣᠣᠮᠧᠨ᠎ᠳᠤ ᠣᠴᠢᠵᠤ ᠢᠷᠡᠬᠦ ᠵᠢ ᠵᠥᠪᠰᠢᠶᠡᠷᠡᠭᠰᠡᠨ ᠦᠨᠡᠮᠯᠡᠯ》᠂ 《ᠡᠬᠡ ᠬᠠᠭᠤᠷᠠᠢ ᠵᠢᠨ ᠰᠠᠭᠤᠭ᠋ᠠᠯᠢ ᠠᠷᠠᠳ᠎ᠤᠨ ᠲᠠᠢ᠌ᠸᠠᠨ᠎ᠳᠤ ᠣᠴᠢᠵᠤ ᠢᠷᠡᠬᠦ ᠵᠢ ᠵᠥᠪᠰᠢᠶᠡᠷᠡᠭᠰᠡᠨ ᠦᠨᠡᠮᠯᠡᠯ》 ᠵᠶ᠋ᠠᠨ ᠲᠤᠰᠢᠶᠠᠬᠤ ᠬᠡᠷᠡᠭᠲᠡᠢ᠃