ᠮᠠᠨ᠎ᠤ ᠤᠷᠤᠨ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ
ᠲᠤᠰᠬᠠᠢ ᠲᠡᠮᠡᠴᠡᠯ᠎ᠤᠨ ᠬᠠᠮᠵᠢᠯᠴᠠᠭ᠋ᠠᠨ᠎ᠤ ᠲᠤᠭᠳᠠᠴᠠ ᠵᠢ ᠪᠠᠢ᠌ᠭᠤᠯᠪᠠ
ᠤᠢ᠌ᠷ᠎ᠠ᠎ᠳᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠪᠠᠢ᠌ᠴᠠᠭ᠋ᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠲᠤᠳᠤᠭ᠋ᠠᠳᠤ ᠵᠢ ᠬᠠᠮᠠᠭ᠋ᠠᠯᠠᠬᠤ ᠲᠢᠩᠬᠢᠮ ᠬᠠᠮᠳᠣᠷᠠᠨ 《ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭ᠋ᠠᠬᠤ ᠲᠤᠰᠬᠠᠢ ᠲᠡᠮᠡᠴᠡᠯ᠎ᠤᠨ ᠬᠠᠮᠵᠢᠯᠴᠠᠭ᠋ᠠᠨ᠎ᠤ ᠲᠤᠭᠳᠠᠴᠠ ᠵᠢ ᠪᠠᠢ᠌ᠭᠤᠯᠬᠤ ᠲᠤᠬᠠᠢ ᠰᠠᠨᠠᠯ》᠎ᠢ ᠲᠠᠷᠤᠮᠠᠯᠯᠠᠨ ᠲᠠᠷᠬᠠᠭ᠋ᠠᠵᠠᠢ᠃ 《ᠰᠠᠨᠠᠯ》᠎ᠨᠢ ᠪᠤᠳᠠᠳᠠᠢ ᠪᠠᠢ᠌ᠳᠠᠯ᠎ᠳᠤ ᠰᠠᠭᠤᠷᠢᠯᠠᠨ᠂ ᠤᠷᠢᠳᠴᠢᠯᠠᠨ ᠤᠷᠤᠯᠴᠠᠬᠤ᠂ ᠬᠠᠮᠳᠣᠷᠠᠭᠰᠠᠨ ᠬᠤᠷᠠᠯ ᠬᠢᠬᠦ ᠵᠡᠷᠭᠡ ᠲᠠᠯ᠎ᠠ᠎ᠠᠴᠠ ᠵᠤᠯᠭ᠋ᠠᠭᠤᠯᠬᠤ ᠲᠤᠭᠳᠠᠴᠠ ᠵᠢ ᠴᠢᠨᠠᠭᠰᠢᠳᠠ ᠲᠤᠳᠤᠷᠬᠠᠢ᠌ᠯᠠᠨ᠂ ᠦᠵᠡᠯ ᠰᠠᠨᠠᠭ᠎ᠠ᠎ᠪᠠᠨ ᠨᠢᠭᠡᠳᠭᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ᠎ᠤ ᠶᠠᠯᠠᠳᠣ ᠬᠡᠷᠡᠭ᠎ᠢ ᠰᠢᠢ᠍ᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠳᠦᠮᠵᠢ ᠵᠢ ᠴᠢᠨᠠᠭᠰᠢᠳᠠ ᠲᠡᠭᠡᠭᠰᠢᠯᠡᠭᠦᠯᠬᠦ ᠪᠤᠯᠤᠨ᠎ᠠ᠃
《ᠰᠠᠨᠠᠯ》᠎ᠳᠠᠬᠢ ᠲᠤᠭᠳᠠᠭ᠋ᠠᠯ᠎ᠢ ᠦᠨᠳᠦᠰᠦᠯᠡᠪᠡᠯ᠂ ᠲᠤᠳᠣᠭ᠋ᠠᠳᠣ ᠵᠢ ᠬᠠᠮᠠᠭ᠋ᠠᠯᠠᠬᠤ ᠪᠠᠢ᠌ᠴᠠᠭ᠋ᠠᠬᠤ ᠰᠢᠭᠦᠨ ᠲᠠᠰᠣᠯᠬᠤ ᠭᠤᠷᠪᠠᠨ ᠪᠠᠢ᠌ᠭᠤᠯᠭ᠎ᠠ ᠲᠤᠭᠳᠠᠭᠰᠠᠨ ᠬᠤᠭᠤᠴᠠᠭ᠎ᠠ᠎ᠲᠠᠢ᠎ᠪᠠᠷ ᠬᠠᠮᠳᠣᠷᠠᠭᠰᠠᠨ ᠬᠤᠷᠠᠯ ᠬᠢᠵᠦ᠂ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠠᠬᠢᠴᠠ ᠵᠢᠨ ᠪᠠᠢ᠌ᠳᠠᠯ᠎ᠢ ᠵᠠᠷᠯᠠᠨ ᠨᠡᠢ᠌ᠳᠡᠯᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ᠎ᠤ ᠶᠠᠯᠠᠳᠣ ᠬᠡᠷᠡᠭ᠎ᠤᠨ ᠬᠠᠤᠯᠢ ᠴᠠᠭ᠋ᠠᠵᠠ ᠵᠢᠨ ᠬᠡᠷᠡᠭᠯᠡᠯᠳᠡ᠂ ᠲᠦᠷᠦ ᠵᠢᠨ ᠪᠤᠳᠤᠯᠭ᠎ᠠ ᠵᠢᠨ ᠡᠵᠡᠮᠳᠡᠯ ᠵᠡᠷᠭᠡ ᠲᠠᠯ᠎ᠠ᠎ᠪᠠᠷ ᠤᠷᠤᠰᠢᠵᠤ ᠪᠠᠢ᠌ᠭ᠎ᠠ ᠠᠰᠠᠭᠤᠳᠠᠯ᠎ᠢ ᠬᠠᠮᠳᠣ᠎ᠪᠠᠷ ᠰᠣᠳᠣᠯᠣᠨ ᠰᠢᠢ᠍ᠳᠪᠦᠷᠢᠯᠡᠨ᠎ᠡ᠃ ᠬᠠᠮᠵᠢᠯᠴᠠᠨ ᠱᠠᠭ᠋ᠠᠷᠳᠠᠨ ᠰᠢᠢ᠍ᠳᠪᠦᠷᠢᠯᠡᠭᠦᠯᠬᠦ ᠪᠤᠯᠤᠨ ᠲᠠᠷᠣᠢ ᠲᠦᠷᠭᠡᠨ ᠰᠢᠢ᠍ᠳᠪᠦᠷᠢᠯᠡᠬᠦ ᠲᠦᠷᠢᠮ᠎ᠢ ᠪᠠᠢ᠌ᠭᠤᠯᠤᠨ᠎ᠠ᠃ ᠴᠢᠬᠤᠯᠠ ᠶᠡᠬᠡ᠂ ᠬᠦᠴᠢᠷ ᠲᠦᠪᠡᠭᠳᠡᠢ᠂ ᠪᠤᠳᠤᠯᠢᠶᠠᠨᠳᠠᠢ ᠬᠠᠷ᠎ᠠ ᠪᠦᠯᠦᠭᠳᠡᠨ ᠬᠠᠷᠬᠢᠰ ᠬᠦᠴᠦᠨ᠎ᠤ ᠶᠠᠯᠠᠳᠣ ᠬᠡᠷᠡᠭ᠎ᠢ ᠦᠪᠡᠷᠳᠡᠭᠡᠨ ᠵᠠᠰᠠᠬᠤ ᠤᠷᠤᠨ᠎ᠤ ᠪᠠᠢ᠌ᠴᠠᠭ᠋ᠠᠬᠤ ᠬᠤᠷᠢᠶ᠎ᠠ ᠪᠤᠯᠤᠨ ᠲᠤᠳᠤᠭ᠋ᠠᠳᠤ ᠵᠢ ᠬᠠᠮᠠᠭ᠋ᠠᠯᠠᠬᠤ ᠲᠢᠩᠬᠢᠮ ᠬᠠᠮᠳᠣ᠎ᠪᠠᠷ ᠰᠣᠳᠣᠯᠣᠨ ᠬᠠᠮᠵᠢᠯᠴᠠᠨ ᠫᠠᠢ᠌ᠰᠠ ᠡᠯᠭᠦᠨ ᠱᠠᠭ᠋ᠠᠷᠳᠠᠨ ᠰᠢᠢ᠍ᠳᠪᠦᠷᠢᠯᠡᠭᠦᠯᠦᠨ᠎ᠡ᠃ 《ᠰᠠᠨᠠᠯ》᠎ᠳᠤ᠂ ᠬᠡᠷᠡᠭ ᠰᠢᠢ᠍ᠳᠪᠦᠷᠢᠯᠡᠬᠦ ᠴᠢᠨᠠᠷ ᠴᠢᠨᠰᠠᠭ᠎ᠠ ᠵᠢ ᠪᠠᠳᠣᠯᠠᠭᠰᠠᠨ ᠤᠷᠢᠳᠠᠯ ᠲᠤᠤᠷ᠎ᠠ ᠵᠠᠷᠭᠤ ᠵᠢᠨ ᠪᠦᠳᠦᠮᠵᠢ ᠵᠢ ᠲᠡᠭᠡᠭᠰᠢᠯᠡᠭᠦᠯᠦᠨ᠂ ᠬᠡᠷᠡᠭ᠎ᠢ ᠦᠳᠳᠡᠷ ᠲᠦᠷᠭᠡᠨ ᠰᠢᠢ᠍ᠳᠪᠦᠷᠢᠯᠡᠬᠦ ᠬᠡᠷᠡᠭᠳᠡᠢ᠃ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠠᠵᠢᠯᠯᠠᠭ᠎ᠠ ᠲᠤᠮᠳᠠ ᠲᠤᠬᠢᠶᠠᠯᠳᠣᠭᠰᠠᠨ ᠰᠢᠨ᠎ᠡ ᠪᠠᠢ᠌ᠳᠠᠯ᠂ ᠰᠢᠨ᠎ᠠ ᠠᠰᠠᠭᠤᠳᠠᠯ᠎ᠢ ᠰᠢᠭᠦᠭᠦ ᠬᠤᠷᠢᠶ᠎ᠠ᠂ ᠪᠠᠢ᠌ᠴᠠᠭ᠋ᠠᠬᠤ ᠬᠤᠷᠢᠶ᠎ᠠ᠂ ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠠᠰᠠᠭᠤᠳᠠᠯ᠎ᠤᠨ ᠵᠠᠩᠭᠢᠯᠠᠭ᠎ᠠ ᠵᠢ ᠤᠨᠤᠪᠴᠢᠳᠠᠢ ᠡᠷᠢᠵᠤ᠂ ᠵᠢᠯᠤᠭᠤᠳᠬᠤ ᠴᠢᠨᠠᠷᠳᠠᠢ ᠠᠵᠢᠯ᠎ᠤᠨ ᠰᠠᠨᠠᠭᠤᠯᠭ᠎ᠠ ᠲᠤᠷᠠᠳᠬᠤ ᠬᠡᠷᠡᠭᠳᠡᠢ ᠭᠡᠵᠦ ᠱᠠᠭ᠋ᠠᠷᠳᠠᠵᠠᠢ᠃ ᠲᠠᠨᠢᠯᠴᠠᠭᠤᠯᠤᠭᠰᠠᠨ᠎ᠢ ᠦᠨᠳᠦᠰᠦᠯᠡᠪᠡᠯ᠂ 《ᠰᠠᠨᠠᠯ》᠎ᠨᠢ ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠪᠠᠢ᠌ᠴᠠᠭ᠋ᠠᠬᠤ ᠬᠤᠷᠢᠶ᠎ᠠ᠂ ᠰᠢᠭᠦᠭᠦ ᠬᠤᠷᠢᠶ᠎ᠠ ᠵᠢᠨ ᠬᠤᠭᠤᠷᠤᠨᠳᠤᠬᠢ ᠬᠠᠮᠵᠢᠯᠴᠠᠭ᠎ᠠ ᠪᠤᠯᠤᠨ ᠬᠢᠨᠠᠯᠳᠠ ᠵᠢ ᠴᠢᠨᠠᠭᠰᠢᠳᠠ ᠴᠢᠩᠭ᠋ᠠᠳᠬᠠᠨ᠂ ᠬᠠᠷ᠎ᠠ ᠪᠦᠯᠦᠭᠳᠡᠨ ᠬᠠᠷᠬᠢᠰ ᠬᠦᠴᠦᠨ᠎ᠤ ᠶᠠᠯᠠᠳᠣ ᠬᠡᠷᠡᠭ᠎ᠢ ᠰᠢᠢ᠍ᠳᠪᠦᠷᠢᠯᠡᠬᠦ ᠴᠢᠨᠠᠷ ᠴᠢᠨᠰᠠᠭ᠎ᠠ ᠵᠢ ᠲᠡᠭᠡᠭᠰᠢᠯᠡᠭᠦᠯᠬᠦ᠎ᠳᠤ ᠢᠳᠡᠪᠬᠢᠳᠡᠢ ᠠᠴᠢ ᠬᠤᠯᠪᠤᠭᠳᠠᠯ᠎ᠲᠠᠢ᠃ (ᠦᠪᠦᠷ ᠮᠤᠩᠭᠤᠯ᠎ᠤᠨ ᠡᠳᠦᠷ᠎ᠤᠨ ᠰᠣᠨᠢᠨ᠎ᠠᠴᠠ ᠱᠦᠭᠦᠪᠡ)