ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ ᠣᠷᠣᠨ ᠡᠷᠦᠬᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠪᠠ
ᠨᠡᠶ᠋ᠢᠲᠡᠯᠡᠭᠰᠡᠨ ᠴᠠᠭ᠄ 2019-01-24

      ᠥᠪᠥᠷ ᠮᠣᠩᠭᠣᠯ ᠣᠷᠣᠨ ᠡᠷᠦᠬᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠪᠠ


    ᠣᠢ᠌ᠷ᠎ᠠ᠎ᠳᠤ᠂ ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ《ᠬᠣᠲᠠ ᠪᠠᠯᠭ᠋ᠠᠰᠤᠨ᠎ᠳᠤ ᠡᠷᠦᠬᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠵᠤ ᠡᠷᠦᠭᠡ ᠠᠮᠠ ᠵᠢᠨ ᠳᠠᠩᠰᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠳᠣᠷᠣᠭᠰᠢ ᠪᠠᠭᠤᠯᠭ᠋ᠠᠵᠤ ᠬᠣᠲᠠ ᠪᠠᠯᠭ᠋ᠠᠰᠤᠨ᠎ᠳᠤ ᠡᠷᠦᠬᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠵᠤ᠂ ᠡᠷᠦᠬᠡ ᠠᠮᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠥᠮᠥᠨ ᠠᠮᠠ ᠪᠣᠯᠤᠨ ᠪᠤᠰᠤᠳ ᠪᠠᠢ᠌ᠩᠭᠤ ᠰᠠᠭᠤᠭ᠎ᠠ ᠬᠥᠮᠥᠨ ᠠᠮᠠ ᠵᠢ ᠬᠣᠲᠠ ᠪᠠᠯᠭ᠋ᠠᠰᠤᠨ᠎ᠳᠤ ᠡᠷᠦᠬᠡ ᠠᠮᠠ ᠣᠷᠣᠬᠤ ᠵᠢ ᠠᠬᠢᠭᠤᠯᠵᠤ᠂ ᠪᠠᠢ᠌ᠩᠭᠤ ᠣᠷᠣᠰᠢᠨ ᠰᠠᠭᠤᠬᠤ ᠭᠠᠵᠠᠷ᠎ᠲᠠᠭᠠᠨ ᠡᠷᠦᠭᠡ ᠠᠮᠠ ᠳᠠᠩᠰᠠᠯᠠᠭᠤᠯᠬᠤ᠎ᠪᠠᠷ ᠦᠨᠳᠦᠰᠦᠨ ᠬᠡᠯᠪᠡᠷᠢ ᠪᠣᠯᠭ᠋ᠠᠭᠰᠠᠨ ᠡᠷᠦᠬᠡ ᠠᠮᠠ ᠵᠢᠨ ᠳᠠᠩᠰᠠᠯᠠᠯᠲᠠ ᠵᠢᠨ ᠳᠦᠷᠢᠮ᠎ᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ ᠭᠡᠵᠦ ᠳᠤᠷᠠᠳᠴᠠᠢ᠃
      ᠰᠠᠨᠠᠯ᠎ᠳᠤ ᠳᠤᠷᠠᠳᠤᠭᠰᠠᠨ᠎ᠨᠢ᠂ ᠡᠷᠦᠭᠡ ᠠᠮᠠ ᠰᠢᠯᠵᠢᠭᠦᠯᠬᠦ ᠲᠥᠷᠥ ᠵᠢᠨ ᠪᠣᠳᠣᠯᠭ᠎ᠠ᠎ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠬᠣᠲᠠ ᠪᠠᠯᠭ᠋ᠠᠰᠤᠨ᠎ᠳᠤ ᠡᠷᠦᠬᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠨ᠎ᠠ᠃ ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠥᠮᠥᠨ ᠠᠮᠠ ᠵᠢᠨ ᠣᠷᠣᠰᠢᠨ ᠰᠠᠭᠤᠵᠤ ᠪᠠᠢ᠌ᠭ᠎ᠠ ᠭᠠᠵᠠᠷ᠎ᠲᠠᠭᠠᠨ ᠪᠤᠶᠤ ᠠᠵᠢᠯ ᠣᠯᠣᠭᠰᠠᠨ ᠭᠠᠵᠠᠷ᠎ᠲᠠᠭᠠᠨ ᠡᠷᠦᠭᠡ ᠠᠮᠠ ᠣᠷᠣᠬᠤ ᠵᠢ ᠵᠥᠪᠰᠢᠶᠡᠷᠡᠨ᠎ᠡ ᠮᠠᠯᠵᠢᠬᠤ ᠲᠠᠷᠢᠶᠠᠯᠠᠬᠤ ᠣᠷᠣᠨ᠎ᠤ ᠰᠤᠷᠤᠭᠴᠢᠳ᠎ᠤᠨ ᠰᠤᠷᠭ᠋ᠠᠭᠤᠯᠢ ᠳᠡᠪᠰᠢᠬᠦ ᠪᠠ ᠴᠡᠷᠢᠭ᠎ᠲᠤ ᠡᠯᠰᠡᠭᠳᠡᠵᠦ ᠬᠣᠲᠠ ᠪᠠᠯᠭ᠋ᠠᠰᠤᠨ᠎ᠳᠤ ᠣᠷᠣᠭᠰᠠᠨ ᠬᠥᠮᠥᠨ ᠠᠮᠠ ᠵᠢᠨ ᠡᠷᠦᠭᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠨ᠎ᠠ᠂ ᠳᠡᠭᠡᠳᠦ ᠰᠤᠷᠭ᠋ᠠᠭᠤᠯᠢ ᠲᠡᠭᠦᠰᠦᠭᠰᠡᠳ᠂ ᠮᠡᠷᠭᠡᠵᠢᠯ᠎ᠤᠨ ᠠᠵᠢᠯᠴᠢᠨ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠲᠡᠭᠦᠰᠦᠭᠰᠡᠳ᠂ ᠭᠠᠳᠠᠭ᠋ᠠᠳᠤ᠎ᠳᠤ ᠰᠤᠷᠤᠯᠴᠠᠭ᠋ᠠᠳ ᠪᠤᠴᠠᠵᠤ ᠢᠷᠡᠭᠰᠡᠳ᠎ᠤᠨ ᠡᠷᠦᠭᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠨ᠎ᠠ᠂ ᠪᠤᠰᠤᠳ ᠪᠠᠢ᠌ᠩᠭᠤ ᠰᠠᠭᠤᠭ᠎ᠠ ᠬᠥᠮᠥᠨ ᠠᠮᠠ ᠵᠢᠨ ᠬᠣᠲᠠ ᠪᠠᠯᠭ᠋ᠠᠰᠤᠨ᠎ᠳᠤ ᠡᠷᠦᠭᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠲᠡᠢ ᠪᠣᠯᠭ᠋ᠠᠨ᠎ᠠ᠂ ᠬᠥᠬᠡᠬᠣᠲᠠ ᠪᠤᠭᠤᠲᠤ ᠣᠷᠳᠣᠰ᠎ᠤᠨ ᠬᠣᠲᠠ ᠵᠢᠨ ᠪᠥᠭᠡᠮᠨᠡᠷᠡᠯ᠎ᠳᠤ ᠡᠷᠦᠭᠡ ᠠᠮᠠ ᠵᠢ ᠴᠢᠯᠦᠭᠡᠲᠡᠢ ᠰᠢᠯᠵᠢᠭᠦᠯᠬᠦ ᠳᠦᠷᠢᠮ᠎ᠢ ᠬᠡᠷᠡᠭᠵᠢᠭᠦᠯᠦᠨ᠎ᠡ᠃ ᠡᠭᠦᠨ᠎ᠳᠤ᠂ ᠬᠣᠲᠠ᠂ ᠪᠠᠢ᠌ᠭᠤᠯᠤᠯᠲᠦ ᠪᠠᠯᠭ᠋ᠠᠰᠤᠨ᠎ᠳᠤ ᠰᠠᠭᠤᠷᠢᠰᠢᠨ ᠠᠮᠢᠳᠤᠷᠠᠵᠤ ᠪᠠᠢ᠌ᠭ᠎ᠠ ᠲᠠᠷᠢᠶᠠᠯᠠᠬᠤ ᠮᠠᠯᠵᠢᠬᠤ ᠣᠷᠣᠨ᠎ᠤ ᠡᠷᠦᠭᠡ ᠠᠮᠠ ᠪᠦᠬᠦᠢ ᠬᠥᠮᠥᠨ ᠬᠠᠤᠯᠢ ᠶᠣᠰᠣᠨ᠎ᠤ ᠲᠣᠭᠲᠠᠪᠤᠷᠢᠲᠠᠢ ᠣᠷᠣᠨ ᠰᠠᠭᠤᠴᠠ (ᠲᠦᠷᠢᠶᠡᠰᠦᠯᠡᠭᠰᠡᠨ᠎ᠢ ᠪᠠᠭᠲᠠᠭ᠋ᠠᠨ᠎ᠠ) ᠵᠢᠨ ᠨᠥᠬᠥᠴᠡᠯ ᠵᠶ᠋ᠡᠷ ᠵᠶ᠋ᠡᠨ ᠬᠣᠲᠠ ᠪᠠᠯᠭ᠋ᠠᠰᠤᠨ᠎ᠳᠤ ᠡᠷᠦᠭᠡ ᠠᠮᠠ ᠣᠷᠣᠬᠤ᠎ᠪᠠᠷ ᠭᠤᠶᠤᠴᠢᠯᠠᠵᠤ ᠪᠣᠯᠣᠨ᠎ᠠ᠂ ᠪᠠᠰᠠ ᠬᠠᠤᠯᠢ ᠶᠣᠰᠣᠨ᠎ᠤ ᠲᠣᠭᠲᠠᠪᠤᠷᠢᠲᠠᠢ ᠠᠵᠢᠯ᠎ᠤᠨ ᠨᠥᠬᠥᠴᠡᠯ ᠵᠶ᠋ᠡᠷ ᠵᠶ᠋ᠡᠨ ᠬᠣᠲᠠ ᠪᠠᠯᠭ᠋ᠠᠰᠤᠨ᠎ᠳᠤ ᠡᠷᠦᠭᠡ ᠠᠮᠠ ᠣᠷᠣᠬᠤ᠎ᠪᠠᠷ ᠭᠤᠶᠤᠴᠢᠯᠠᠵᠤ ᠪᠣᠯᠣᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠡᠷᠦᠭᠡ ᠠᠮᠠ ᠪᠦᠬᠦᠢ ᠬᠥᠮᠥᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠣᠲᠠ᠂ ᠪᠠᠢ᠌ᠭᠤᠯᠤᠯᠲᠤ ᠪᠠᠯᠭ᠋ᠠᠰᠤᠨ᠎ᠳᠤ ᠬᠠᠤᠯᠢ ᠶᠣᠰᠣᠨ᠎ᠤ ᠲᠣᠭᠲᠠᠪᠤᠷᠢᠲᠠᠢ ᠣᠷᠣᠨ ᠰᠠᠭᠤᠴᠠ ᠪᠤᠶᠤ ᠬᠠᠤᠯᠢ ᠶᠣᠰᠣᠨ᠎ᠤ ᠲᠣᠭᠲᠠᠪᠤᠷᠢᠲᠠᠢ ᠠᠵᠢᠯ᠎ᠲᠠᠢ ᠪᠠᠢ᠌ᠪᠠᠯ᠂ ᠲᠤᠰ   ᠬᠥᠮᠥᠨ   ᠵᠢᠴᠢ   ᠬᠠᠮᠲᠤ   ᠠᠮᠢᠳᠤᠷᠠᠵᠤ   ᠪᠠᠢ᠌ᠭ᠎ᠠ   ᠬᠣᠯᠪᠤᠰᠤ᠂ ᠣᠢ᠌ᠷ᠎ᠠ ᠬᠡᠦᠬᠡᠳ᠂ ᠣᠮᠪᠣᠯᠣ (ᠵᠢᠭᠡ ᠣᠮᠪᠣᠯᠣ) ᠪᠠ ᠡᠷ᠎ᠡ ᠡᠮ᠎ᠡ ᠬᠣᠶᠠᠭᠤᠯᠠ ᠵᠢᠨ ᠠᠪᠤ ᠡᠵᠢ᠎ᠨᠢ ᠰᠠᠭᠤᠭ᠎ᠠ ᠭᠠᠵᠠᠷ ᠪᠤᠶᠤ ᠠᠵᠢᠯ ᠣᠯᠣᠭᠰᠠᠨ ᠭᠠᠵᠠᠷ᠎ᠲᠠᠭᠠᠨ ᠪᠠᠢ᠌ᠩᠭᠤ ᠡᠷᠦᠭᠡ ᠠᠮᠠ ᠳᠠᠩᠰᠠᠯᠠᠭᠤᠯᠬᠤ᠎ᠪᠠᠷ ᠭᠤᠶᠤᠴᠢᠯᠠᠵᠤ ᠪᠣᠯᠣᠨ᠎ᠠ᠂ ᠬᠣᠲᠠ ᠪᠠᠯᠭ᠋ᠠᠰᠤᠨ᠎ᠤ ᠨᠡᠢ᠌ᠭᠡᠮ᠎ᠤᠨ ᠳᠠᠭ᠋ᠠᠳᠬᠠᠯ᠎ᠳᠤ ᠣᠷᠣᠯᠴᠠᠬᠤ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠥᠴᠡᠯ᠎ᠳᠤ ᠬᠢᠵᠠᠭ᠋ᠠᠷᠯᠠᠭᠳᠠᠵᠤ ᠦᠭᠡᠢ᠃ ᠲᠠᠷᠢᠶᠠᠯᠠᠬᠤ ᠮᠠᠯᠵᠢᠬᠤ ᠣᠷᠣᠨ᠎ᠤ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠶᠡᠬᠡ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠳᠤ ᠰᠢᠯᠭ᠋ᠠᠨ ᠣᠷᠣᠭᠰᠠᠨ ᠰᠤᠷᠤᠭᠴᠢᠳ᠂ ᠲᠤᠰ ᠬᠥᠮᠥᠨ᠎ᠤ ᠬᠦᠰᠡᠯ᠎ᠤᠨ ᠶᠣᠰᠣᠭ᠋ᠠᠷ᠂ ᠰᠤᠷᠭ᠋ᠠᠭᠤᠯᠢ᠎ᠳᠤ ᠣᠷᠣᠬᠤ ᠦᠶ᠎ᠡ᠎ᠳᠡᠭᠡᠨ ᠪᠤᠶᠤ ᠰᠤᠷᠤᠯᠴᠠᠵᠤ ᠪᠠᠢ᠌ᠭ᠎ᠠ ᠬᠤᠭᠤᠴᠠᠭ᠋ᠠᠨ᠎ᠳᠠᠭᠠᠨ ᠡᠷᠦᠭᠡ ᠠᠮᠠ᠎ᠪᠠᠨ ᠰᠤᠷᠤᠯᠴᠠᠵᠤ ᠪᠠᠢ᠌ᠭ᠎ᠠ ᠰᠤᠷᠭ᠋ᠠᠭᠤᠯᠢ ᠵᠢᠨ ᠵᠶ᠋ᠡᠨ ᠬᠠᠮᠲᠤ ᠵᠢᠨ ᠡᠷᠦᠭᠡ᠎ᠳᠤ ᠰᠢᠯᠵᠢᠭᠦᠯᠦᠨ ᠣᠷᠣᠭᠤᠯᠵᠤ ᠪᠣᠯᠣᠨ᠎ᠠ᠃ ᠰᠤᠷᠤᠯᠭ᠎ᠠ ᠲᠡᠭᠦᠰᠦᠭᠰᠡᠨ᠎ᠤ ᠳᠠᠷᠠᠭ᠎ᠠ᠂ ᠪᠣᠳᠠᠲᠠᠢ ᠪᠠᠢ᠌ᠳᠠᠯ ᠵᠶ᠋ᠠᠨ ᠦᠨᠳᠦᠰᠦᠯᠡᠨ᠂ ᠡᠷᠦᠭᠡ ᠠᠮᠠ᠎ᠪᠠᠨ ᠪᠠᠢ᠌ᠩᠭᠤ ᠰᠠᠭᠤᠭ᠎ᠠ ᠭᠠᠵᠠᠷ᠂ ᠠᠵᠢᠯ ᠣᠯᠣᠭᠰᠠᠨ (ᠠᠳᠠᠯ ᠦᠢ᠍ᠯᠡᠰ ᠴᠣᠭᠴᠠᠯᠠᠭᠰᠠᠨ) ᠭᠠᠵᠠᠷ ᠪᠤᠶᠤ ᠰᠤᠷᠭ᠋ᠠᠭᠤᠯᠢ᠎ᠳᠤ ᠣᠷᠣᠬᠤ᠎ᠠᠴᠠ ᠡᠮᠦᠨᠡᠬᠢ ᠡᠷᠦᠭᠡ ᠠᠮᠠ ᠵᠢᠨ ᠳᠠᠩᠰᠠ ᠵᠢᠨ ᠭᠠᠵᠠᠷ᠎ᠲᠠᠭᠠᠨ ᠰᠢᠯᠵᠢᠭᠦᠯᠵᠦ ᠪᠣᠯᠣᠨ᠎ᠠ᠃ ᠴᠡᠷᠢᠭ᠎ᠤᠨ ᠠᠯᠪᠠ᠎ᠠᠴᠠ ᠪᠠᠭᠤᠭᠰᠠᠨ ᠲᠠᠷᠢᠶᠠᠯᠠᠬᠤ ᠮᠠᠯᠵᠢᠬᠤ ᠣᠷᠣᠨ᠎ᠤ ᠡᠷᠦᠭᠡ ᠠᠮᠠ ᠪᠦᠬᠦᠢ ᠠᠯᠪᠠᠨ ᠵᠢᠷᠤᠮ᠎ᠤᠨ ᠴᠡᠷᠢᠭ ᠪᠠ ᠪᠠᠭ᠎ᠠ ᠤᠹᠢᠽᠸᠷ ᠪᠣᠯ᠂ ᠲᠤᠰ ᠬᠥᠮᠥᠨ᠎ᠤ ᠬᠦᠰᠡᠯ ᠶᠣᠰᠣᠭ᠋ᠠᠷ᠂ ᠪᠠᠢ᠌ᠩᠭᠤ ᠰᠠᠭᠤᠭ᠎ᠠ ᠭᠠᠵᠠᠷ᠎ᠲᠠᠭᠠᠨ ᠡᠷᠦᠭᠡ ᠠᠮᠠ ᠳᠠᠩᠰᠠᠯᠠᠭᠤᠯᠬᠤ ᠵᠠᠷᠴᠢᠮ ᠶᠣᠰᠣᠭ᠋ᠠᠷ᠂ ᠣᠳᠣᠬᠠᠨ᠎ᠤ ᠪᠣᠳᠠᠲᠠᠢ ᠰᠠᠭᠤᠷᠢᠰᠢᠨ ᠠᠮᠢᠳᠤᠷᠠᠵᠤ ᠪᠠᠢ᠌ᠭ᠎ᠠ ᠬᠣᠲᠠ᠂ ᠪᠠᠢ᠌ᠭᠤᠯᠤᠯᠲᠤ ᠪᠠᠯᠭ᠋ᠠᠰᠤ᠎ᠳᠠᠭᠠᠨ ᠡᠷᠦᠭᠡ ᠠᠮᠠ᠎ᠪᠠᠨ ᠰᠢᠯᠵᠢᠭᠦᠯᠦᠨ ᠣᠷᠣᠭᠤᠯᠬᠤ᠎ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ᠎ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ᠎ᠤ ᠲᠣᠭᠲᠠᠪᠤᠷᠢᠲᠠᠢ ᠠᠵᠢᠯ᠂ ᠬᠣᠲᠠ ᠪᠠᠯᠭ᠋ᠠᠰᠤᠨ᠎ᠤ ᠨᠡᠢ᠌ᠭᠡᠮ᠎ᠤᠨ ᠳᠠᠭ᠋ᠠᠳᠬᠠᠯ᠎ᠳᠤ ᠣᠷᠣᠯᠴᠠᠬᠤ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠥᠴᠡᠯ᠎ᠳᠤ ᠬᠢᠵᠠᠭ᠋ᠠᠷᠯᠠᠭᠳᠠᠬᠤ ᠦᠭᠡᠢ᠃
      ᠤᠯᠤᠰ᠎ᠠᠴᠠ ᠮᠡᠳᠡᠷᠡᠨ ᠵᠥᠪᠰᠢᠶᠡᠷᠡᠭᠰᠡᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠳᠡᠭᠡᠳᠦ ᠰᠤᠷᠭ᠋ᠠᠭᠤᠯᠢ ᠲᠡᠭᠦᠰᠦᠭᠰᠡᠳ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠂ ᠠᠵᠢᠯ ᠮᠡᠷᠭᠡᠵᠢᠯ᠎ᠤᠨ ᠳᠡᠰ᠎ᠤᠨ ᠦᠨᠡᠮᠯᠡᠯ ᠪᠤᠶᠤ ᠠᠵᠢᠯ ᠮᠡᠷᠭᠡᠵᠢᠯ᠎ᠤᠨ ᠬᠢᠷᠢ ᠭᠡᠮ᠎ᠤᠨ ᠦᠨᠡᠮᠯᠡᠯ ᠣᠯᠣᠭᠰᠠᠳ ᠵᠢᠴᠢ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢᠨ ᠬᠡᠷᠡᠭᠴᠡᠭᠡ᠎ᠲᠠᠢ ᠮᠡᠷᠭᠡᠵᠢᠯ᠎ᠤᠨ ᠠᠵᠢᠯᠲᠠᠨ᠂ ᠭᠠᠳᠠᠭ᠋ᠠᠳᠤ᠎ᠳᠤ ᠰᠤᠷᠤᠯᠴᠠᠭ᠋ᠠᠳ ᠪᠤᠴᠠᠵᠤ ᠢᠷᠡᠭᠰᠡᠳ᠂ ᠲᠤᠰ ᠬᠥᠮᠥᠨ᠎ᠤ ᠬᠦᠰᠡᠯ᠎ᠤᠨ ᠶᠣᠰᠣᠭ᠋ᠠᠷ᠂ ᠪᠠᠢ᠌ᠩᠭᠤ ᠰᠠᠭᠤᠭ᠎ᠠ ᠭᠠᠵᠠᠷ᠎ᠲᠠᠭᠠᠨ ᠡᠷᠦᠭᠡ ᠠᠮᠠ ᠳᠠᠩᠰᠠᠯᠠᠭᠤᠯᠬᠤ ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠤᠮᠳᠠ ᠪᠠᠭ᠎ᠠ ᠬᠣᠲᠠ᠂ ᠪᠠᠢ᠌ᠭᠤᠯᠤᠯᠲᠤ ᠪᠠᠯᠭ᠋ᠠᠰᠤᠨ᠎ᠳᠤ ᠡᠷᠦᠭᠡ ᠠᠮᠠ ᠣᠷᠣᠬᠤ᠎ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ᠎ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ᠎ᠤ ᠲᠣᠭᠲᠠᠪᠤᠷᠢᠲᠠᠢ ᠠᠵᠢᠯ᠂ ᠬᠣᠲᠠ ᠪᠠᠯᠭ᠋ᠠᠰᠤᠨ᠎ᠤ ᠨᠡᠢ᠌ᠭᠡᠮ᠎ᠤᠨ ᠳᠠᠭ᠋ᠠᠳᠬᠠᠯ᠎ᠳᠤ ᠣᠷᠣᠯᠴᠠᠬᠤ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠥᠴᠡᠯ᠎ᠳᠤ ᠬᠢᠵᠠᠭ᠋ᠠᠷᠯᠠᠭᠳᠠᠬᠤ ᠦᠭᠡᠢ᠃   ᠢᠵᠢᠯᠢ   ᠨᠢᠭᠡ   ᠬᠣᠲᠠ᠂ ᠪᠠᠢ᠌ᠭᠤᠯᠤᠯᠲᠤ ᠪᠠᠯᠭ᠋ᠠᠰᠤᠨ᠎ᠳᠤ 6 ᠰᠠᠷ᠎ᠠ᠎ᠠᠴᠠ ᠳᠡᠭᠡᠭᠰᠢ ᠵᠠᠯᠭ᠋ᠠᠭ᠎ᠠ᠎ᠪᠠᠷ ᠰᠠᠭᠤᠭᠰᠠᠨ ᠲᠠᠷᠢᠶᠠᠯᠠᠬᠤ ᠮᠠᠯᠵᠢᠬᠤ ᠣᠷᠣᠨ᠎ᠤ ᠡᠷᠦᠭᠡ ᠠᠮᠠ᠎ᠲᠠᠢ ᠬᠥᠮᠥᠨ ᠠᠮᠠ ᠪᠠ ᠪᠤᠰᠤᠳ ᠪᠠᠢ᠌ᠩᠭᠤ ᠰᠠᠭᠤᠭ᠎ᠠ ᠬᠥᠮᠥᠨ ᠠᠮᠠ ᠪᠣᠯ᠂ ᠲᠤᠰ ᠬᠥᠮᠥᠨ᠎ᠤ ᠬᠦᠰᠡᠯ ᠶᠣᠰᠣᠭ᠋ᠠᠷ᠂ ᠪᠠᠢ᠌ᠩᠭᠤ ᠰᠠᠭᠤᠬᠤ ᠭᠠᠵᠠᠷ᠎ᠲᠠᠭᠠᠨ ᠡᠷᠦᠭᠡ ᠠᠮᠠ ᠳᠠᠩᠰᠠᠯᠠᠭᠤᠯᠬᠤ ᠶᠣᠰᠣᠭ᠋ᠠᠷ᠂ ᠲᠤᠰ ᠬᠥᠮᠥᠨ ᠵᠢᠴᠢ ᠬᠠᠮᠲᠤ ᠠᠮᠢᠳᠤᠷᠠᠵᠤ ᠪᠠᠢ᠌ᠭ᠎ᠠ ᠬᠣᠯᠪᠣᠰᠣ᠂ ᠦᠷ᠎ᠡ ᠬᠡᠦᠬᠡᠳ ᠪᠠ ᠡᠷ᠎ᠡ ᠡᠮ᠎ᠡ ᠬᠣᠶᠠᠭᠤᠯᠠ ᠵᠢᠨ ᠠᠪᠤ ᠡᠵᠢ᠎ᠨᠢ ᠣᠳᠣᠬᠠᠨ᠎ᠤ ᠪᠣᠳᠠᠲᠠᠢ ᠰᠠᠭᠤᠷᠢᠰᠢᠨ ᠠᠮᠢᠳᠤᠷᠠᠵᠤ ᠪᠠᠢ᠌ᠭ᠎ᠠ ᠬᠣᠲᠠ᠂ ᠪᠠᠢ᠌ᠭᠤᠯᠤᠯᠲᠤ ᠪᠠᠯᠭ᠋ᠠᠰᠤ᠎ᠳᠠᠭᠠᠨ ᠡᠷᠦᠭᠡ ᠠᠮᠠ ᠣᠷᠣᠬᠤ᠎ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ᠎ᠤ ᠲᠣᠭᠲᠠᠪᠤᠷᠢᠲᠠᠢ ᠣᠷᠣᠨ ᠰᠠᠭᠤᠴᠠ᠂ ᠬᠠᠤᠯᠢ ᠶᠣᠰᠣᠨ᠎ᠤ ᠲᠣᠭᠲᠠᠪᠤᠷᠢᠲᠠᠢ ᠠᠵᠢᠯ᠂ ᠬᠣᠲᠠ ᠪᠠᠯᠭ᠋ᠠᠰᠤᠨ᠎ᠤ ᠨᠡᠢ᠌ᠭᠡᠮ᠎ᠤᠨ ᠳᠠᠭ᠋ᠠᠳᠬᠠᠯ᠎ᠳᠤ ᠣᠷᠣᠯᠴᠠᠬᠤ ᠵᠡᠷᠭᠡ ᠪᠤᠰᠤᠳ ᠨᠥᠬᠥᠴᠡᠯ᠎ᠳᠤ ᠬᠢᠵᠠᠭ᠋ᠠᠷᠯᠠᠭᠳᠠᠬᠤ ᠦᠭᠡᠢ᠃
      ᠲᠣᠭᠣᠷᠢᠭ ᠪᠦᠬᠦᠢ ᠬᠣᠲᠠ ᠵᠢᠨ ᠬᠣᠲᠠ ᠵᠢᠨ ᠲᠣᠭᠣᠷᠢᠭ᠂ ᠰᠢᠶᠠᠨ᠎ᠤ ᠱᠠᠲᠤᠨ᠎ᠤ ᠬᠣᠲᠠ ᠵᠢᠨ ᠬᠣᠲᠠ ᠵᠢᠨ ᠲᠣᠭᠣᠷᠢᠭ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠪᠠᠢ᠌ᠭ᠎ᠠ ᠪᠠᠯᠭ᠋ᠠᠰᠤ ᠵᠢᠴᠢ ᠪᠤᠰᠤᠳ ᠪᠠᠢ᠌ᠭᠤᠯᠤᠯᠲᠤ ᠪᠠᠯᠭ᠋ᠠᠰᠤᠨ᠎ᠤ ᠡᠷᠦᠭᠡ ᠠᠮᠠ ᠪᠦᠬᠦᠢ ᠬᠥᠮᠥᠨ ᠪᠣᠯ᠂ ᠲᠡᠭᠦᠨ᠎ᠤ ᠬᠠᠮᠲᠤ ᠠᠮᠢᠳᠤᠷᠠᠵᠤ ᠪᠠᠢ᠌ᠭ᠎ᠠ ᠬᠣᠯᠪᠣᠰᠣ᠂ ᠦᠷ᠎ᠡ ᠬᠡᠦᠬᠡᠳ᠂ ᠣᠮᠪᠣᠯᠣ (ᠵᠢᠭᠡ ᠣᠮᠪᠣᠯᠣ) ᠪᠠ ᠡᠷ᠎ᠡ ᠡᠮ᠎ᠡ ᠬᠣᠶᠠᠭᠤᠯᠠ ᠵᠢᠨ ᠠᠪᠤ ᠡᠵᠢ᠎ᠨᠢ ᠲᠦᠰᠢᠭ ᠡᠷᠢᠵᠦ ᠡᠷᠦᠭᠡ ᠠᠮᠠ ᠣᠷᠣᠬᠤ᠎ᠪᠠᠷ ᠭᠤᠶᠤᠴᠢᠯᠠᠵᠤ ᠪᠣᠯᠣᠨ᠎ᠠ᠂ ᠲᠦᠰᠢᠭ ᠡᠷᠢᠭᠴᠢ ᠵᠢᠨ ᠨᠠᠰᠤ ᠵᠢᠯ᠂ ᠤᠷᠤᠭᠯᠠᠭᠰᠠᠨ ᠡᠰᠡᠬᠦ᠂ ᠬᠣᠲᠠ ᠪᠠᠯᠭ᠋ᠠᠰᠤᠨ᠎ᠤ ᠨᠡᠢ᠌ᠭᠡᠮ᠎ᠤᠨ ᠳᠠᠭ᠋ᠠᠳᠬᠠᠯ᠎ᠳᠤ ᠣᠷᠣᠯᠴᠠᠭᠰᠠᠨ ᠡᠰᠡᠬᠦ ᠪᠠ ᠣᠷᠣᠨ ᠰᠠᠭᠤᠴᠠ ᠵᠢᠨ ᠲᠠᠯᠠᠪᠠᠢ ᠵᠡᠷᠭᠡ ᠪᠤᠰᠤᠳ ᠨᠥᠬᠥᠴᠡᠯ᠎ᠳᠤ ᠬᠢᠵᠠᠭ᠋ᠠᠷᠯᠠᠭᠳᠠᠬᠤ ᠦᠭᠡᠢ᠃ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ ᠵᠢᠨ ᠬᠥᠬᠡᠬᠣᠲᠠ ᠪᠤᠭᠤᠲᠤ ᠣᠷᠳᠣᠰ᠎ᠤᠨ ᠬᠣᠲᠠ ᠵᠢᠨ ᠪᠥᠭᠡᠮᠨᠡᠷᠡᠯ᠎ᠳᠤ ᠡᠷᠦᠭᠡ ᠠᠮᠠ ᠵᠢ ᠨᠢᠭᠡ ᠬᠣᠲᠠᠴᠢᠯᠠᠬᠤ ᠥᠭᠡᠷᠡᠴᠢᠯᠡᠯᠲᠡ ᠬᠢᠬᠦ ᠵᠢ ᠵᠣᠷᠢᠭᠵᠢᠭᠤᠯᠵᠤ᠂ ᠬᠥᠬᠡᠬᠣᠲᠠ ᠪᠤᠭᠤᠲᠤ ᠣᠷᠳᠣᠰ᠎ᠤᠨ ᠬᠣᠲᠠ ᠵᠢᠨ ᠬᠣᠭᠣᠷᠣᠨᠳᠤᠬᠢ ᠬᠥᠮᠥᠨ ᠠᠮᠠ ᠵᠢᠨ ᠴᠢᠯᠦᠭᠡᠲᠡᠢ ᠰᠢᠯᠵᠢᠯᠲᠡ ᠵᠢ ᠠᠬᠢᠭᠤᠯᠤᠨ᠎ᠠ᠃


ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ