ᠢᠯᠡ ᠵᠠᠰᠠᠭ   -   ᠪᠢᠴᠢᠭ ᠮᠠᠲ᠋ᠧᠷᠢᠶᠠᠯ
ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠎ᠤ 《ᠬᠠᠷ᠎ᠠ ᠪᠦᠯᠦᠭᠲᠡᠨ᠎ᠤ ᠨᠡᠶ᠋ᠢᠭᠡᠮ᠎ᠤᠨ ᠴᠢᠨᠠᠷᠲᠠᠶ ᠵᠣᠬᠢᠶᠠᠨ ᠪᠠᠶ᠋ᠢᠭᠤᠯᠤᠯᠲᠠ ᠵᠢᠨ ᠬᠠᠤᠯᠢ ᠪᠤᠰᠤ ᠠᠵᠢᠯᠯᠠᠭ᠎ᠠ᠎ᠳᠤ ᠬᠠᠤᠯᠢ ᠶᠣᠰᠣᠭ᠋ᠠᠷ ᠬᠦᠨᠳᠦ ᠴᠣᠬᠢᠯᠲᠠ ᠥᠭᠬᠦ ᠲᠤᠬᠠᠶ ᠵᠠᠷᠯᠠᠯ》
ᠨᠡᠶ᠋ᠢᠲᠡᠯᠡᠭᠰᠡᠨ ᠴᠠᠭ᠄ 2019-01-25

        ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂

        ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠎ᠤ 《ᠬᠠᠷ᠎ᠠ

        ᠪᠦᠯᠦᠭᠲᠡᠨ᠎ᠤ ᠨᠡᠶ᠋ᠢᠭᠡᠮ᠎ᠤᠨ ᠴᠢᠨᠠᠷᠲᠠᠶ ᠵᠣᠬᠢᠶᠠᠨ ᠪᠠᠶ᠋ᠢᠭᠤᠯᠤᠯᠲᠠ ᠵᠢᠨ ᠬᠠᠤᠯᠢ ᠪᠤᠰᠤ

        ᠠᠵᠢᠯᠯᠠᠭ᠎ᠠ᠎ᠳᠤ ᠬᠠᠤᠯᠢ ᠶᠣᠰᠣᠭ᠋ᠠᠷ ᠬᠦᠨᠳᠦ ᠴᠣᠬᠢᠯᠲᠠ ᠥᠭᠬᠦ ᠲᠤᠬᠠᠶ ᠵᠠᠷᠯᠠᠯ》

     

      ᠬᠠᠷ᠎ᠠ ᠪᠦᠯᠦᠭᠳᠡᠨ ᠬᠠᠷᠭᠢᠰ ᠬᠦᠴᠦᠨ (ᠬᠠᠷ᠎ᠠ ᠪᠦᠯᠦᠭᠲᠡᠨ᠎ᠤ ᠨᠡᠶ᠋ᠢᠭᠡᠮ᠎ᠤᠨ ᠰᠢᠨᠵᠢ ᠴᠢᠨᠠᠷᠲᠠᠶ ᠵᠣᠬᠢᠶᠠᠨ ᠪᠠᠶ᠋ᠢᠭᠤᠯᠤᠯᠲᠠ ᠵᠢᠨ ᠬᠠᠷ᠎ᠠ ᠪᠦᠯᠦᠭᠳᠡᠨ ᠬᠠᠷᠭᠢᠰ ᠬᠦᠴᠦᠨ) ᠪᠣᠯ ᠠᠵᠤ ᠠᠬᠤᠶ ᠨᠡᠶ᠋ᠢᠭᠡᠮ᠎ᠤᠨ ᠡᠷᠡᠭᠦᠯ ᠵᠶ᠋ᠠᠷ ᠬᠥᠭᠵᠢᠬᠦ ᠵᠢᠨ ᠬᠣᠣᠷᠲᠤ ᠬᠠᠪᠤᠳᠠᠷ᠂ ᠠᠷᠠᠳ ᠲᠦᠮᠡᠨ᠎ᠤ ᠦᠬᠦᠠ ᠬᠣᠷᠣᠰᠳᠠᠭ ᠮᠤᠵᠢᠭᠤᠳᠠ ᠡᠲᠡᠭᠡᠳ ᠲᠤᠯᠠ ᠡᠷᠬᠡᠪᠰᠢ ᠬᠠᠤᠯᠢ ᠶᠣᠰᠣᠭ᠋ᠠᠷ ᠲᠡᠭᠦᠨ᠎ᠳᠤ ᠡᠷᠡᠰ ᠴᠣᠬᠢᠯᠲᠠ ᠥᠭᠬᠦ ᠬᠡᠷᠡᠭᠲᠡᠶ᠃ ᠥᠷᠭᠡᠨ ᠤᠯᠠᠨ ᠠᠷᠠᠳ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠨ᠂ ᠨᠡᠶ᠋ᠢᠭᠡᠮ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠵᠢᠨ ᠲᠥᠯᠥᠭᠡ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠠᠷ᠎ᠠ ᠵᠢ ᠰᠢᠭᠦᠷᠳᠡᠨ ᠬᠠᠷᠭᠢᠰ᠎ᠢ ᠠᠷᠢᠯᠭ᠋ᠠᠬᠤ (ᠬᠠᠷ᠎ᠠ ᠪᠦᠯᠦᠭᠳᠡᠨ ᠬᠠᠷᠭᠢᠰ ᠬᠦᠴᠦᠨ᠎ᠳᠤ ᠴᠣᠬᠢᠯᠲᠠ ᠥᠭᠬᠦ) ᠲᠤᠰᠬᠠᠶ ᠠᠵᠢᠯᠯᠠᠭ᠎ᠠ (ᠲᠡᠮᠡᠴᠡᠯ) ᠵᠢ ᠥᠷᠨᠢᠭᠦᠯᠬᠦ ᠲᠤᠬᠠᠶ ᠮᠡᠳᠡᠭᠳᠡᠯ᠎ᠤᠨ ᠵᠣᠷᠢᠭ ᠰᠠᠨᠠᠭ᠎ᠠ ᠶᠣᠰᠣᠭ᠋ᠠᠷ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠵᠠᠷᠭᠤ ᠵᠢᠨ ᠬᠠᠤᠯᠢ》 ᠵᠢᠴᠢ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠬᠠᠤᠯᠢ ᠶᠣᠰᠣᠭ᠋ᠠᠷ ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠠᠤᠯᠢ ᠪᠤᠰᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠲᠤᠬᠠᠶ ᠬᠣᠯᠪᠣᠭᠳᠠᠯ ᠪᠦᠬᠦᠢ ᠨᠠᠷᠢᠯᠢᠭ ᠵᠦᠢ᠍ᠯᠡᠰ᠎ᠢ ᠳᠣᠣᠷᠠᠬᠢ ᠮᠡᠲᠦ᠎ᠪᠠᠷ ᠵᠠᠷᠯᠠᠰᠤᠭ᠋ᠠᠶ᠄
      ᠨᠢᠭᠡ᠂ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠮᠠᠷᠪᠠ ᠬᠠᠤᠯᠢ ᠵᠥᠷᠢᠴᠡᠵᠦ ᠶᠠᠯᠠᠲᠤ ᠠᠵᠢᠯᠯᠠᠭ᠎ᠠ ᠬᠢᠭᠰᠡᠨ ᠵᠢᠴᠢ ᠲᠡᠳᠡᠨ᠎ᠤ ᠠᠵᠢᠯᠯᠠᠭ᠎ᠠ ᠵᠢ ᠥᠮᠥᠭᠯᠡᠭᠰᠡᠨ (ᠥᠮᠦᠭᠡᠷᠡᠭᠰᠡᠨ)᠂ ᠬᠠᠷ᠎ᠠ ᠪᠦᠯᠦᠭᠲᠡᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠰᠢᠨᠵᠢ ᠴᠢᠨᠠᠷᠲᠠᠶ ᠵᠣᠬᠢᠶᠠᠨ ᠪᠠᠶ᠋ᠢᠭᠤᠯᠤᠯᠲᠠ ᠵᠢᠨ ᠬᠥᠮᠦᠰ᠎ᠤᠨ ᠠᠵᠢᠯᠯᠠᠭ᠎ᠠ ᠵᠢ ᠳᠤᠷ᠎ᠠ᠎ᠪᠠᠷ ᠲᠠᠯᠪᠢᠭᠰᠠᠨ ᠵᠡᠷᠭᠡ ᠪᠠᠶ᠋ᠢᠳᠠᠯ᠎ᠳᠤ᠂ ᠠᠯᠢᠪᠠ ᠶᠠᠯᠠᠲᠤ ᠠᠵᠢᠯᠯᠠᠭ᠎ᠠ ᠵᠢ ᠳᠠᠷᠤᠶ ᠲᠦᠷᠭᠡᠨ ᠬᠣᠷᠢᠭᠯᠠᠵᠤ ᠵᠣᠭᠰᠣᠭ᠋ᠠᠬᠤ ᠬᠡᠷᠡᠭᠲᠡᠶ᠃ ᠲᠤᠰ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ 2018 ᠣᠨ᠎ᠤ 3 ᠰᠠᠷ᠎ᠠ ᠵᠢᠨ 1᠎ᠤ ᠡᠳᠦᠷ ᠪᠣᠯᠲᠠᠯ᠎ᠠ ᠥᠪᠡᠷ᠎ᠤᠨ ᠰᠠᠨᠠᠭ᠋ᠠᠴᠢᠯᠠᠭ᠎ᠠ᠎ᠠᠴᠠ᠎ᠪᠠᠨ ᠬᠡᠷᠡᠭ ᠵᠶ᠋ᠡᠨ ᠮᠡᠳᠡᠷᠡᠵᠦ ᠪᠡᠶ᠎ᠡ᠎ᠪᠠᠨ ᠲᠤᠰᠢᠶᠠᠭᠰᠠᠨ᠂ ᠥᠪᠡᠷ᠎ᠤᠨ ᠶᠠᠯᠠᠲᠤ ᠬᠡᠷᠡᠭ ᠵᠶ᠋ᠠᠨ ᠦᠨᠡᠨ ᠮᠥᠨ ᠵᠶ᠋ᠠᠷ᠎ᠨᠢ ᠲᠤᠰᠢᠶᠠᠭᠰᠠᠨ ᠪᠠᠶ᠋ᠢᠪᠠᠯ ᠬᠠᠤᠯᠢ ᠶᠣᠰᠣᠭ᠋ᠠᠷ᠂ ᠬᠦᠩᠭᠡᠨ ᠵᠶ᠋ᠠᠷ ᠪᠤᠶᠤ ᠬᠥᠩᠭᠡᠷᠡᠭᠦᠯᠦᠨ ᠰᠢᠳᠬᠡᠵᠦ ᠪᠣᠯᠤᠨ᠎ᠠ᠂ ᠳᠡᠭᠡᠷ᠎ᠡ ᠳᠤᠷᠠᠳᠤᠭᠰᠠᠨ ᠲᠣᠭᠲᠠᠭᠰᠠᠨ ᠬᠤᠭᠤᠴᠠᠭ᠋ᠠᠨ᠎ᠳᠤ ᠬᠡᠷᠪᠡ ᠬᠡᠷᠡᠭ ᠵᠶ᠋ᠡᠨ ᠮᠡᠳᠡᠷᠡᠵᠦ ᠪᠡᠶ᠎ᠡ᠎ᠪᠠᠨ ᠲᠤᠰᠢᠶᠠᠬᠤ ᠦᠭᠡᠢ ᠮᠥᠷᠲᠡᠭᠡᠨ ᠦᠷᠭᠦᠯᠵᠢᠯᠡᠨ ᠮᠠᠭᠤ ᠬᠡᠷᠡᠭ ᠦᠢ᠍ᠯᠡᠳᠪᠡᠯ ᠬᠠᠤᠯᠢ ᠶᠣᠰᠣᠭ᠋ᠠᠷ ᠬᠦᠨᠳᠦ᠎ᠪᠠᠷ ᠰᠢᠳᠬᠡᠨ᠎ᠡ᠃ ᠶᠠᠮᠠᠷᠪᠠ ᠬᠤᠪᠢ ᠬᠥᠮᠥᠨ᠂ ᠵᠣᠬᠢᠶᠠᠨ ᠪᠠᠢ᠌ᠭᠤᠯᠤᠯᠲᠠ᠎ᠲᠠᠢ ᠬᠣᠯᠪᠣᠭᠳᠠᠭᠰᠠᠨ ᠴᠦ᠍ ᠲᠡᠷᠡ᠂ ᠲᠤᠢ᠌ᠯ᠎ᠳᠤᠨᠢ ᠲᠤᠯᠲᠠᠯ᠎ᠠ ᠪᠠᠢ᠌ᠴᠠᠭ᠋ᠠᠵᠤ ᠰᠢᠢ᠍ᠳᠪᠦᠷᠢᠯᠡᠨ᠎ᠡ᠂ ᠥᠴᠥᠬᠡᠨ ᠴᠦ᠍ ᠢᠯᠳᠠᠷ ᠬᠠᠶᠠᠬᠤ ᠦᠭᠡᠢ᠃
      ᠬᠣᠶᠠᠷ᠂ ᠬᠠᠷ᠎ᠠ ᠪᠦᠯᠦᠭᠳᠡᠨ ᠬᠠᠷᠭᠢᠰ ᠬᠦᠴᠦᠨ᠎ᠤ ᠨᠠᠶ᠋ᠢᠵᠠ ᠨᠥᠬᠥᠳ᠂ ᠲᠥᠷᠥᠯ ᠰᠠᠳᠤᠨ ᠪᠣᠯᠤᠭᠰᠠᠳ ᠲᠡᠳᠡᠨᠡᠷ᠎ᠢ ᠪᠡᠶ᠎ᠡ᠎ᠪᠠᠨ ᠲᠤᠰᠢᠶᠠᠬᠤ ᠵᠢ ᠢᠳᠡᠪᠬᠢᠲᠡᠢ ᠰᠠᠨᠠᠭᠤᠯᠵᠤ ᠢᠳᠬᠠᠬᠤ ᠬᠡᠷᠡᠭᠲᠡᠶ᠂ ᠳᠣᠲᠣᠨᠣ ᠬᠥᠮᠦᠰ᠎ᠨᠢ ᠢᠳᠬᠠᠵᠤ ᠬᠠᠮᠲᠤᠪᠠᠷ ᠬᠡᠷᠡᠭ ᠵᠶ᠋ᠡᠨ ᠴᠠᠭ᠋ᠠᠪᠤᠷᠯᠠᠭᠰᠠᠨ ᠡᠰᠡᠬᠦᠯ᠎ᠡ ᠳᠣᠲᠣᠨᠣ ᠬᠥᠮᠦᠰ᠎ᠨᠢ ᠰᠠᠶ᠋ᠢᠨ ᠳᠤᠷ᠎ᠠ᠎ᠠᠴᠠ᠎ᠪᠠᠨ ᠬᠡᠷᠡᠭ ᠮᠡᠳᠡᠭᠦᠯᠦᠭᠰᠡᠨ᠎ᠤ ᠳᠠᠷᠠᠭ᠎ᠠ ᠬᠡᠷᠡᠭᠳᠡᠨ᠎ᠢ ᠬᠦᠷᠭᠡᠵᠦ ᠬᠡᠷᠡᠭ ᠵᠶ᠋ᠡᠨ ᠴᠠᠭ᠋ᠠᠪᠤᠷᠯᠠᠭᠰᠠᠨ (ᠲᠤᠰᠢᠶᠠᠭᠰᠠᠨ) ᠪᠠᠶ᠋ᠢᠪᠠᠯ ᠪᠡᠶ᠎ᠡ᠎ᠪᠠᠨ ᠲᠤᠰᠢᠶᠠᠭᠰᠠᠨ ᠵᠶ᠋ᠠᠷ ᠪᠤᠳᠤᠨ᠎ᠠ᠃ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠬᠡᠷᠡᠭᠲᠡᠨ᠎ᠢ ᠥᠮᠥᠭᠯᠡᠵᠦ 《ᠬᠠᠮᠠᠭ᠋ᠠᠯᠠᠭᠴᠢ》 ᠪᠤᠯᠵᠦ ᠪᠠᠶ᠋ᠢᠭ᠎ᠠ ᠤᠯᠤᠰ (ᠪᠤᠶᠤ ᠰᠢᠭᠤᠳ ᠬᠠᠷᠢᠶ᠎ᠠ ᠰᠠᠯᠠᠭ᠎ᠠ ᠮᠥᠴᠢᠷ)᠎ᠤᠨ ᠠᠵᠢᠯᠳᠠᠨ᠎ᠢ ᠬᠠᠤᠯᠢ ᠴᠠᠭ᠋ᠠᠵᠠ ᠰᠠᠬᠢᠯᠭ᠎ᠠ ᠲᠦᠷᠢᠮ᠎ᠤᠨ ᠶᠣᠰᠣᠭ᠋ᠠᠷ ᠡᠷᠡᠰ ᠴᠢᠩᠭ᠎ᠠ ᠪᠠᠶ᠋ᠢᠴᠠᠭ᠋ᠠᠨ ᠰᠢᠳᠬᠡᠨ᠎ᠡ᠂ ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠡᠷᠡᠭᠲᠡᠨ᠎ᠢ ᠨᠢᠭᠤᠨ ᠳᠠᠯᠳᠠᠯᠠᠭᠰᠠᠨ ᠥᠮᠥᠭᠯᠡᠵᠦ ᠬᠠᠮᠠᠭ᠋ᠠᠯᠠᠭᠰᠠᠨ ᠡᠰᠡᠬᠦᠯ᠎ᠡ ᠲᠡᠳᠡ ᠨᠠᠷ᠎ᠢ ᠬᠠᠪᠰᠤᠷᠴᠤ ᠵᠣᠭᠣᠰ ᠠᠷᠢᠭᠤᠯᠠᠭᠰᠠᠨ (ᠣᠬᠢᠶᠠᠭᠰᠠᠨ)᠂ ᠬᠠᠤᠯᠢ ᠪᠤᠰᠤ᠎ᠪᠠᠷ ᠶᠠᠯ᠎ᠠ ᠵᠢᠨ ᠭᠡᠷᠡᠴᠢ᠎ᠪᠠᠨ ᠪᠠᠯᠠᠯᠠᠨ ᠬᠠᠭᠤᠷᠮᠠᠭ ᠭᠡᠷᠡᠴᠢ ᠵᠣᠬᠢᠶᠠᠭᠰᠠᠨ ᠪᠤᠶᠤ ᠨᠢᠭᠤᠨ ᠳᠠᠯᠳᠠᠯᠠᠬᠤ ᠵᠡᠷᠭᠡ ᠠᠷᠭ᠎ᠠ᠎ᠪᠠᠷ ᠬᠠᠤᠯᠢ ᠪᠤᠰᠤ ᠣᠯᠵᠠ ᠠᠰᠢᠭ ᠣᠯᠤᠭᠰᠠᠨ ᠪᠠᠶ᠋ᠢᠪᠠᠯ ᠬᠠᠤᠯᠢ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠡᠷᠡᠭᠲᠡᠨ ᠰᠢᠭᠦᠬᠦ᠎ᠳᠤ ᠬᠦᠷᠦᠭᠰᠡᠨ (ᠡᠰᠡᠬᠦᠯ᠎ᠡ ᠪᠠᠷᠢᠪᠴᠢᠯᠠᠭᠳᠠᠭᠰᠠᠨ)᠎ᠤ ᠳᠠᠷᠠᠭ᠎ᠠ᠂ ᠪᠤᠰᠤᠳ᠎ᠤᠨ ᠶᠠᠯᠠᠲᠤ ᠬᠡᠷᠡᠭ᠎ᠢ ᠢᠯᠡᠴᠢᠯᠡᠵᠦ᠂ ᠪᠠᠶ᠋ᠢᠴᠠᠭ᠋ᠠᠯᠲᠠ᠎ᠪᠠᠷ ᠦᠨᠡᠨ ᠪᠣᠯᠬᠤ᠎ᠨᠢ ᠭᠡᠷᠡᠴᠢᠯᠡᠭᠳᠡᠭᠰᠡᠨ ᠡᠰᠡᠬᠦᠯ᠎ᠡ ᠪᠤᠰᠤᠳ᠎ᠤᠨ ᠬᠡᠷᠡᠭ᠎ᠢ ᠪᠠᠢ᠌ᠴᠠᠭ᠋ᠠᠨ ᠢᠯᠡᠷᠡᠭᠦᠯᠬᠦ᠎ᠳᠤ᠂ ᠬᠦᠨᠳᠦ ᠴᠢᠬᠤᠯᠠ ᠰᠦᠪᠡᠭᠴᠢ ᠬᠠᠩᠭ᠋ᠠᠨ ᠪᠠᠶ᠋ᠢᠴᠠᠭ᠋ᠠᠯᠲᠠ᠎ᠪᠠᠷ ᠳᠡᠮᠵᠢᠨ ᠦᠨᠡᠨ ᠪᠣᠯᠬᠤ᠎ᠨᠢ ᠭᠡᠷᠡᠴᠢᠯᠡᠭᠳᠡᠭᠰᠡᠨ᠂ ᠡᠰᠡᠬᠦᠯ᠎ᠡ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠢ ᠬᠠᠮᠵᠢᠵᠤ ᠪᠤᠰᠤᠳ ᠬᠡᠷᠡᠭ᠎ᠤᠨ ᠰᠡᠵᠢᠭᠳᠡᠨ᠎ᠢ ᠪᠠᠷᠢᠪᠴᠢᠯᠠᠭᠰᠠᠨ ᠵᠡᠷᠭᠡ ᠪᠠᠶ᠋ᠢᠳᠠᠯ᠎ᠲᠠᠢ ᠪᠣᠯ᠂ ᠬᠡᠷᠡᠭ᠎ᠤᠨ ᠰᠡᠵᠢᠭᠳᠡᠨ᠎ᠢ ᠬᠦᠩᠭᠡᠨ ᠵᠶ᠋ᠠᠷ ᠪᠤᠶᠤ ᠬᠥᠩᠭᠡᠷᠡᠭᠦᠯᠦᠨ ᠰᠢᠳᠬᠡᠵᠦ ᠪᠣᠯᠤᠨ᠎ᠠ᠃ ᠬᠦᠨᠳᠦ ᠴᠢᠬᠤᠯᠠ ᠭᠠᠪᠢᠶ᠎ᠠ ᠪᠠᠶ᠋ᠢᠭᠤᠯᠤᠭᠰᠠᠨ ᠪᠣᠯ ᠬᠠᠤᠯᠢ ᠶᠣᠰᠣᠭ᠋ᠠᠷ ᠬᠥᠩᠭᠡᠷᠡᠭᠦᠯᠦᠨ ᠰᠢᠳᠬᠡᠬᠦ ᠪᠤᠶᠤ ᠬᠠᠤᠯᠢ ᠵᠢᠨ ᠰᠢᠳᠬᠡᠯ᠎ᠠᠴᠠ ᠬᠡᠯᠲᠦᠷᠢᠭᠦᠯᠵᠦ ᠪᠣᠯᠤᠨ᠎ᠠ᠂ ᠬᠠᠷ᠎ᠠ ᠪᠦᠯᠦᠭᠳᠡᠨ ᠬᠠᠷᠭᠢᠰ ᠬᠦᠴᠦᠨ᠎ᠤ ᠬᠡᠷᠡᠭᠲᠡᠨ᠎ᠤ ᠲᠠᠨᠭ᠌ᠨᠠᠨ ᠪᠠᠶ᠋ᠢᠴᠠᠭ᠋ᠠᠯᠲᠠ᠂ ᠳᠡᠭᠡᠭᠰᠢ ᠵᠡᠭ᠋ᠠᠯᠳᠦᠬᠤ᠂ ᠰᠢᠭᠦᠨ ᠲᠠᠰᠤᠯᠬᠤ ᠠᠵᠢᠯ᠎ᠳᠤ ᠢᠳᠡᠪᠬᠢᠲᠡᠶ ᠬᠠᠮᠵᠢᠯᠴᠠᠨ ᠬᠠᠷ᠎ᠠ ᠪᠦᠯᠦᠭ᠎ᠤᠨ ᠴᠢᠨᠠᠷᠲᠠᠶ ᠵᠣᠬᠢᠶᠠᠨ ᠪᠠᠶ᠋ᠢᠭᠤᠯᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠪᠦᠲᠦᠴᠡ᠂ ᠵᠣᠬᠢᠶᠠᠨ ᠪᠠᠶ᠋ᠢᠭᠤᠯᠤᠭᠴᠢ᠂ ᠲᠣᠯᠣᠭ᠋ᠠᠶ᠋ᠢᠯᠠᠭᠴᠢ ᠵᠢᠨ ᠪᠠᠶ᠋ᠢᠷᠢ ᠰᠠᠭᠤᠷᠢ᠂ ᠭᠠᠷᠭ᠋ᠠᠭᠰᠠᠨ ᠦᠢ᠍ᠯᠡᠳᠦᠯ᠂ ᠬᠦᠨᠳᠦ ᠶᠡᠬᠡ ᠶᠠᠯᠠᠲᠤ ᠬᠡᠷᠡᠭ᠎ᠤᠨ ᠪᠣᠳᠠᠲᠠᠶ ᠪᠠᠶ᠋ᠢᠳᠠᠯ ᠪᠤᠵᠠᠷ ᠡᠳ᠋ ᠪᠣᠳᠠᠰ᠎ᠢ ᠨᠡᠬᠡᠮᠵᠢᠯᠡᠵᠦ ᠬᠤᠷᠢᠶᠠᠨ ᠠᠪᠬᠤ᠂ 《ᠬᠠᠮᠠᠭ᠋ᠠᠯᠠᠭᠴᠢ ᠰᠢᠬᠦᠷ》᠎ᠲᠤ ᠴᠣᠬᠢᠯᠲᠠ ᠥᠭᠬᠦ ᠵᠡᠷᠭᠡ ᠲᠠᠯ᠎ᠠ᠎ᠳᠤ ᠴᠢᠬᠤᠯᠠ ᠰᠦᠪᠡᠭᠴᠢ ᠪᠣᠯᠤᠨ ᠭᠡᠷᠡᠴᠢ ᠬᠠᠩᠭ᠋ᠠᠭᠰᠠᠨ ᠪᠠᠶ᠋ᠢᠪᠠᠯ ᠪᠠᠢ᠌ᠴᠠᠭ᠋ᠠᠨ ᠨᠤᠲᠠᠯᠠᠬᠤ᠎ᠪᠠᠷ ᠳᠠᠮᠵᠢᠨ ᠦᠨᠡᠨ ᠪᠣᠯᠬᠤ ᠵᠢ ᠪᠠᠲᠤᠯᠠᠭᠰᠠᠨ ᠪᠣᠯ ᠬᠡᠷᠡᠭ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ ᠬᠠᠤᠯᠢ ᠶᠣᠰᠣᠭ᠋ᠠᠷ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ᠎ᠠᠴᠠ ᠬᠡᠯᠲᠦᠷᠢᠭᠦᠯᠵᠦ ᠪᠣᠯᠤᠨ᠎ᠠ᠃
    ᠭᠤᠷᠪᠠ᠂ ᠪᠦᠬᠥ ᠤᠯᠤᠰ᠎ᠤᠨ ᠤᠯᠤᠰ ᠲᠦᠷᠤ ᠬᠠᠤᠯᠢ ᠴᠠᠭ᠋ᠠᠵᠠ ᠵᠢᠨ ᠹᠷᠣᠨᠲ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠶᠡᠷᠦᠩᠬᠡᠶ᠋ᠢᠯᠡᠨ ᠵᠠᠰᠠᠬᠤ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠵᠢ ᠨᠢᠭᠡᠳᠦᠯᠲᠡᠶ ᠠᠳᠬᠤᠵᠤ ᠬᠠᠮᠲᠤ᠎ᠪᠠᠷ ᠬᠠᠮᠢᠶᠠᠷᠤᠨ᠂ ᠠᠵᠢᠯ᠎ᠤᠨ ᠨᠡᠢ᠌ᠯᠡᠮᠡᠯ (ᠬᠣᠷᠰᠢᠭᠴᠢ) ᠬᠦᠴᠦᠨ᠎ᠢ ᠪᠦᠷᠢᠯᠳᠦᠭᠦᠯᠦᠨ᠎ᠡ᠃ 《ᠥᠴᠦᠬᠡᠨ ᠴᠦ᠍ ᠢᠯᠳᠠᠷ ᠬᠠᠶᠠᠬᠤ ᠦᠭᠡᠢ》 ᠪᠠᠢ᠌ᠬᠤ ᠣᠪᠣᠷ ᠵᠶ᠋ᠠᠷ᠂ ᠬᠠᠤᠯᠢ ᠶᠣᠰᠣᠭ᠋ᠠᠷ᠂ ᠬᠦᠨᠳᠦ᠎ᠪᠠᠷ ᠵᠠᠯᠬᠠᠭ᠋ᠠᠨ ᠰᠢᠳᠬᠡᠵᠦ ᠬᠠᠷ᠎ᠠ ᠬᠠᠷᠭᠢᠰ ᠬᠡᠷᠡᠭᠲᠡᠨ᠎ᠳᠤ ᠬᠦᠨᠳᠦ ᠴᠣᠬᠢᠯᠲᠠ ᠥᠭᠴᠦ᠂ ᠨᠢᠭᠡ ᠪᠦᠯᠦᠭ ᠤᠯᠠᠨ ᠲᠦᠮᠡᠨ᠎ᠤ ᠵᠠᠨᠤᠨ ᠬᠣᠷᠣᠰᠴᠤ ᠪᠠᠶ᠋ᠢᠭ᠎ᠠ ᠬᠠᠷ᠎ᠠ ᠪᠦᠯᠦᠭ᠎ᠤᠨ ᠴᠢᠨᠠᠷᠲᠠᠶ ᠬᠡᠷᠡᠭ᠎ᠢ ᠲᠠᠨᠭ᠌ᠨᠠᠨ ᠰᠢᠢ᠍ᠳᠪᠦᠷᠢᠯᠡᠵᠦ᠂ ᠨᠢᠭᠡ ᠬᠡᠰᠡᠭ ᠬᠠᠷ᠎ᠠ ᠪᠦᠯᠦᠭ᠎ᠤᠨ ᠬᠦᠴᠦᠨ ᠬᠦᠨᠳᠦ ᠨᠣᠴᠢᠲᠠᠶ ᠪᠠᠶ᠋ᠢᠭ᠎ᠠ ᠭᠠᠵᠠᠷ ᠣᠷᠣᠨ᠎ᠢ ᠴᠡᠭᠴᠡᠯᠡᠨ᠎ᠡ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠡᠷᠡᠭᠳᠡᠨ᠎ᠢ ᠵᠠᠯᠬᠠᠭ᠋ᠠᠨ ᠰᠢᠳᠬᠡᠵᠦ᠂ ᠴᠠᠭ᠋ᠠᠨ ᠰᠠᠷ᠎ᠠ ᠵᠢᠨ ᠪᠠᠶᠠᠷ᠎ᠠᠴᠠ ᠡᠮᠦᠨ᠎ᠡ ᠪᠠᠶᠠᠷᠯᠠᠭᠤᠰᠢᠲᠠᠶ ᠠᠮᠵᠢᠯᠲᠠ ᠤᠯᠬᠤ ᠵᠢ ᠪᠠᠲᠤᠯᠠᠨ᠂ ᠬᠠᠷ᠎ᠠ ᠵᠢ ᠰᠢᠭᠦᠷᠳᠡᠨ ᠬᠠᠷᠭᠢᠰ᠎ᠢ ᠠᠷᠢᠯᠭ᠋ᠠᠬᠤ ᠲᠤᠰᠬᠠᠶ ᠲᠡᠮᠡᠴᠡᠯ᠎ᠳᠤ ᠪᠠᠲᠤ ᠰᠠᠭᠤᠷᠢ ᠵᠢ ᠲᠠᠯᠪᠢᠨ᠎ᠠ᠃ ᠡᠭᠦᠨᠴᠡ᠂ ᠠᠷᠠᠳ ᠲᠦᠮᠡᠨ᠎ᠤ ᠬᠦᠷᠲᠡᠮᠵᠢ ᠵᠢᠨ ᠰᠡᠳᠬᠢᠭᠳᠡᠯ᠂ ᠵᠣᠯ ᠵᠢᠷᠭ᠋ᠠᠯ᠎ᠤᠨ ᠰᠡᠳᠬᠢᠴᠡ᠂ ᠠᠮᠤᠷ ᠲᠦᠪᠰᠢᠨ᠎ᠤ ᠰᠡᠳᠬᠢᠯᠭᠡ ᠵᠢ ᠲᠡᠰᠦᠷᠡᠯᠳᠠ ᠤᠢ᠍ᠭᠡᠢ ᠴᠢᠩᠭ᠋ᠠᠳᠬᠠᠨ᠎ᠠ᠃
      ᠲᠦᠷᠪᠡ᠂ ᠬᠠᠷ᠎ᠠ ᠵᠢ ᠰᠢᠭᠦᠷᠳᠡᠨ ᠬᠠᠷᠭᠢᠰ᠎ᠢ ᠠᠷᠢᠯᠭ᠋ᠠᠬᠤ ᠪᠣᠯ ᠨᠢᠭᠡᠨ ᠤᠳᠠᠭ᠋ᠠᠨ᠎ᠤ ᠠᠷᠠᠳ ᠲᠦᠮᠡᠨ᠎ᠤ ᠳᠠᠶ᠋ᠢᠨ (ᠲᠡᠮᠡᠴᠡᠯ) ᠲᠤᠯᠠ ᠡᠷᠬᠡᠪᠰᠢ ᠠᠷᠠᠳ ᠤᠯᠠᠨ᠎ᠤ ᠢᠳᠡᠪᠬᠢᠲᠡᠶ᠎ᠪᠠᠷ ᠣᠷᠣᠯᠴᠠᠬᠤ᠎ᠳᠤ ᠲᠦᠰᠢᠭᠯᠡᠬᠦ ᠬᠡᠷᠡᠭᠲᠡᠶ᠃ ᠥᠷᠭᠡᠨ ᠥᠷᠭᠡᠨ ᠤᠯᠠᠨ ᠠᠷᠠᠳ ᠲᠦᠮᠡᠨ᠎ᠢ ᠬᠠᠷ᠎ᠠ ᠪᠦᠯᠦᠭᠳᠡᠨ ᠬᠠᠷᠭᠢᠰ ᠬᠦᠴᠦᠨ᠎ᠲᠠᠢ ᠬᠠᠮᠢᠶ᠎ᠠ ᠪᠦᠬᠦᠢ ᠶᠠᠯᠠᠲᠤ ᠬᠡᠷᠡᠭ ᠪᠠ ᠭᠠᠴᠠᠭ᠎ᠠ ᠲᠣᠰᠬᠣᠨ᠎ᠤ ᠡᠵᠡᠷᠬᠡᠭᠴᠢ ᠵᠡᠷᠭᠡ ᠲᠤᠪᠤᠢ᠍ᠢ᠍ᠮ᠎ᠠ ᠠᠰᠠᠭᠤᠳᠠᠯ᠎ᠢ ᠢᠳᠡᠪᠬᠢᠲᠡᠶ ᠢᠯᠡᠴᠢᠯᠡᠨ ᠲᠤᠰᠬᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠂ ᠬᠠᠷ᠎ᠠ ᠪᠦᠯᠦᠭᠳᠡᠨ ᠬᠠᠷᠭᠢᠰ ᠬᠦᠴᠦᠨ᠎ᠤ ᠶᠠᠯᠠᠲᠤ ᠬᠡᠷᠡᠭ᠎ᠲᠤ ᠬᠦᠨᠳᠦ ᠴᠣᠬᠢᠯᠲᠠ ᠥᠭᠬᠦ᠂ ᠬᠠᠷ᠎ᠠ ᠪᠦᠯᠦᠭᠳᠡᠨ ᠬᠠᠷᠭᠢᠰ ᠬᠦᠴᠦᠨ᠎ᠤ 《ᠬᠠᠮᠠᠭ᠋ᠠᠯᠠᠭᠴᠢ ᠰᠢᠬᠦᠷ》᠎ᠢ ᠢᠯᠡᠴᠢᠯᠡᠨ ᠮᠡᠳᠡᠭᠦᠯᠬᠦ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠳ᠎ᠢ ᠱᠠᠩᠨᠠᠨ ᠬᠥᠬᠢᠭᠦᠯᠦᠨ᠎ᠡ᠂ ᠤᠯᠤᠰ ᠲᠦᠷᠦ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠢᠯᠡᠴᠢᠯᠡᠨ ᠮᠡᠳᠡᠭᠦᠯᠦᠭᠰᠡᠳ᠎ᠤᠨ ᠬᠤᠪᠢ ᠵᠢᠨ ᠨᠢᠭᠤᠴᠠ᠂ ᠬᠠᠮᠢᠶ᠎ᠠ ᠪᠦᠬᠦᠢ ᠰᠤᠷᠠᠭ ᠵᠠᠩᠭᠢ ᠵᠢᠴᠢ ᠠᠮᠤᠷ ᠲᠦᠪᠰᠢᠨ᠎ᠢ᠎ᠨᠢ ᠬᠠᠮᠠᠭ᠋ᠠᠯᠠᠨ᠎ᠠ᠃
      ᠪᠦᠬᠥ ᠤᠯᠤᠰ᠎ᠤᠨ ᠬᠠᠷ᠎ᠠ ᠵᠢ ᠰᠢᠭᠦᠷᠳᠡᠨ ᠬᠠᠷᠭᠢᠰ᠎ᠢ ᠠᠷᠢᠯᠭ᠋ᠠᠬᠤ ᠢᠯᠡᠴᠢᠯᠡᠨ ᠮᠡᠳᠡᠭᠦᠯᠬᠦ

ᠰᠦᠯᠵᠢᠶ᠎ᠡ᠄ www.12389.gov.cn ᠢᠯᠡᠴᠢᠯᠡᠨ ᠮᠡᠳᠡᠭᠦᠯᠬᠦ ᠵᠠᠬᠢᠳᠠᠯ᠎ᠤᠨ ᠬᠠᠶ᠋ᠢᠷᠴᠠᠭ (ᠬᠠᠶᠢᠭ)᠄ ᠪᠡᠭᠡᠵᠢᠩ᠎ᠤᠨ ᠰᠢᠦᠳᠠᠨ᠎ᠤ19001 ᠳ᠋ᠦ᠍ᠭᠡᠷ ᠨᠣᠮᠧᠷᠲᠤ ᠵᠠᠬᠢᠳᠠᠯ᠎ᠤᠨ ᠬᠠᠶ᠋ᠢᠷᠴᠠᠭ ;   ᠢᠯᠡᠴᠢᠯᠡᠨ ᠮᠡᠳᠡᠭᠦᠯᠬᠦ ᠤᠲᠠᠰᠤ᠄ 010 —12389᠃
      ᠲᠤᠰ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
              ᠠᠷᠠᠳ᠎ᠤᠨ ᠳᠡᠭᠡᠳᠦ ᠰᠢᠭᠦᠬᠦ ᠬᠣᠷᠢᠶ᠎ᠠ
              ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ
              ᠳᠣᠲᠣᠭ᠋ᠠᠳᠤ ᠵᠢ ᠬᠠᠮᠠᠭ᠋ᠠᠯᠠᠬᠤ ᠶᠠᠮᠤᠨ
              ᠬᠠᠤᠯᠢ ᠴᠠᠭ᠋ᠠᠵᠠ ᠵᠢᠨ ᠶᠠᠮᠤᠨ
                   2018 ᠣᠨ᠎ᠤ 2 ᠰᠠᠷ᠎ᠠ ᠵᠢᠨ 2᠎ᠤᠨ ᠡᠳᠦᠷ  

ᠢᠷᠡᠯᠲᠡ᠄ ᠥᠪᠥᠷ ᠮᠣᠩᠭᠣᠯ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ