ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠡᠪᠯᠡᠵᠤ ᠲᠠᠷᠬᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2019-02-20

ᠥᠪᠥᠷ ᠮᠣᠩᠭᠤᠯ᠎ᠤᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠡᠪᠯᠡᠵᠤ ᠲᠠᠷᠬᠠᠭ᠋ᠠᠭᠰᠠᠨ

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠢ ᠮᠡᠳᠡᠭᠳᠡᠯ

     

          ᠥᠪᠥᠷ ᠵᠠᠰᠠᠭ ᠠᠯᠪᠠᠨ ᠲᠠᠷᠬᠠᠭ᠋ᠠᠭᠰᠠᠨ [2014] 113 ᠳ᠋ᠤᠭ᠋ᠠᠷ ᠲᠤᠭ᠋ᠠᠳᠤ                                                  
               2014 ᠣᠨ᠎ᠤ 10   ᠳ᠋ᠤᠭ᠋ᠠᠷ ᠰᠡᠷ᠎ᠠ ᠵᠢᠨ 31᠎ᠤ ᠡᠳᠣᠷ        

ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠡ ᠵᠢᠨ ᠠᠷᠡᠳ᠎ᠤᠨ ᠵᠠᠰᠠᠭ᠎ᠤᠨ ᠣᠷᠳᠣᠨ᠂ ᠦᠪᠡᠷᠳᠡᠭᠡᠨ ᠵᠠᠰᠬᠠᠥ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶ᠋ᠢᠯᠠᠯ᠂ ᠠᠵᠢᠯ   ᠦᠢ᠍ᠯᠡᠰ᠎ᠤᠨ ᠨᠢᠭᠡᠴᠡ᠎ᠳᠤ᠄      
     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠬᠦᠯᠥᠭᠡᠳ᠂ ᠡᠳᠦᠬᠡ ᠳᠡᠨᠡᠷ᠎ᠲᠤ ᠲᠠᠷᠣᠮᠠᠯᠯᠠᠨ ᠶᠠᠪᠤᠭᠤᠯᠥᠯ᠎ᠠ᠂ ᠯᠠᠪᠯᠠᠯᠳᠡ ᠪᠤᠯᠭ᠋ᠠᠨ ᠬᠢᠨᠠᠮᠠᠭ᠋ᠠᠢ ᠬᠡᠷᠡᠭᠵᠢᠬᠦᠯᠳᠦᠬᠡᠢ᠃  
                                   

      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ

      ᠮᠡᠳᠡᠭᠡ ᠵᠠᠩᠭᠢ ᠵᠢ ᠨᠡᠶ᠋ᠢᠲᠡᠯᠡᠬᠦ ᠬᠠᠮᠢᠶᠠᠷᠤᠯᠲᠠ ᠵᠢᠨ ᠠᠷᠭ᠎ᠠ

     

      ᠨᠢᠭᠡᠳᠦᠭᠡᠷ ᠪᠦᠯᠦᠭ     ᠶᠡᠷᠦᠩᠬᠡᠶ ᠳᠦᠷᠢᠮ
    ᠨᠢᠭᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ (ᠳᠣᠤᠷ᠎ᠠ ᠰᠡᠷᠡᠮᠵᠢᠯᠡᠭᠦᠯᠬᠦ ᠮᠡᠳᠡᠭᠡ ᠵᠠᠩᠭᠢ ᠭᠡᠵᠦ ᠲᠣᠪᠴᠢᠯᠠᠨ᠎ᠠ) ᠵᠢ ᠨᠡᠶ᠋ᠢᠲᠡᠯᠡᠬᠦ ᠠᠵᠢᠯ᠎ᠢ ᠵᠢᠷᠤᠮᠵᠢᠭᠤᠯᠵᠤ᠂ ᠡᠷᠬᠡ ᠰᠥᠷ᠎ᠲᠠᠢ᠂ ᠲᠥᠪ ᠭᠤᠤᠯᠴᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ᠂ ᠣᠨᠣᠪᠴᠢᠲᠠᠶ᠎ᠪᠠᠷ ᠣᠯᠠᠨ ᠨᠡᠶ᠋ᠢᠲᠡ᠎ᠳᠤ ᠬᠠᠩᠭ᠋ᠠᠵᠤ᠂ ᠭᠡᠨᠡᠳᠲᠡ ᠵᠢᠨ ᠬᠡᠷᠡᠭ ᠡᠭᠦᠰᠬᠦ ᠪᠠ ᠲᠡᠭᠦᠨ᠎ᠠᠴᠠ ᠪᠣᠯᠤᠭᠰᠠᠨ ᠬᠤᠤᠷ ᠬᠥᠨᠥᠭᠡᠯ᠎ᠢ ᠰᠡᠷᠭᠡᠶ᠋ᠢᠯᠡᠨ ᠪᠠᠭ᠋ᠠᠰᠬᠠᠵᠤ᠂ ᠣᠯᠠᠨ ᠨᠡᠶ᠋ᠢᠲᠡ ᠵᠢᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠨ᠂ ᠨᠡᠶ᠋ᠢᠲᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠢ ᠶᠡᠷᠦᠩᠬᠡᠶ᠎ᠳᠤᠨᠢ ᠠᠷᠭ᠋ᠠᠴᠠᠬᠤ ᠲᠥᠰᠦᠯ》᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
      ᠬᠤᠶᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠶᠠᠪᠤᠭᠤᠯᠬᠤ᠂ ᠳᠠᠬᠢᠨ ᠬᠢᠨᠠᠬᠤ᠂ ᠨᠡᠶ᠋ᠢᠲᠡᠯᠡᠬᠦ᠂ ᠤᠯᠠᠮᠵᠢᠯᠠᠬᠤ ᠪᠠ ᠬᠠᠮᠢᠶᠠᠷᠬᠤ᠎ᠳᠤ ᠲᠤᠰ ᠠᠷᠭ᠎ᠠ ᠵᠢ ᠬᠡᠷᠡᠭᠯᠡᠨ᠎ᠡ᠃
     《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠢ ᠶᠡᠷᠦᠩᠬᠡᠶ᠎ᠳᠤᠨᠢ ᠠᠷᠭ᠋ᠠᠴᠠᠬᠤ ᠲᠥᠰᠦᠯ》᠂ ᠲᠤᠰᠬᠠᠶ ᠵᠦᠢ᠍ᠯ ᠵᠶ᠋ᠠᠷ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠪᠠᠴᠢᠮ ᠪᠠᠶ᠋ᠢᠳᠠᠯ᠎ᠢ ᠠᠷᠭ᠋ᠠᠴᠠᠬᠤ ᠰᠠᠯᠠᠭ᠎ᠠ ᠮᠥᠴᠢᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ ᠶᠠᠪᠤᠭᠤᠯᠤᠨ᠎ᠠ᠃
    ᠭᠤᠷᠪᠠᠳᠤᠭ᠋ᠠᠷ ᠵᠦᠢ᠍ᠯ   ᠲᠤᠰ ᠠᠷᠭ᠎ᠠ᠎ᠳᠤ ᠬᠡᠯᠡᠵᠦ ᠪᠠᠶ᠋ᠢᠭ᠎ᠠ ᠰᠡᠷᠡᠮᠵᠢᠯᠡᠭᠦᠯᠬᠦ ᠮᠡᠳᠡᠭᠡ ᠵᠠᠩᠭᠢ ᠭᠡᠳᠡᠭ᠎ᠨᠢ ᠡᠭᠦᠰᠬᠦ ᠪᠤᠶᠤ ᠡᠭᠦᠰᠬᠦ ᠪᠣᠯᠤᠮᠵᠢ᠎ᠲᠠᠢ᠂ ᠬᠦᠨᠳᠦ ᠨᠣᠴᠢᠲᠠᠶ ᠨᠡᠶ᠋ᠢᠭᠡᠮ᠎ᠤᠨ ᠬᠤᠤᠷ ᠬᠥᠨᠥᠭᠡᠯ᠎ᠳᠤ ᠤᠴᠠᠷᠠᠭᠤᠯᠤᠭᠰᠠᠨ ᠪᠤᠶᠤ ᠬᠤᠤᠷ ᠬᠥᠨᠥᠭᠡᠯ ᠤᠴᠠᠷᠠᠭᠤᠯᠬᠤ ᠪᠣᠯᠤᠮᠵᠢ᠎ᠲᠠᠢ᠂ ᠤᠷᠢᠳᠴᠢᠯᠠᠨ ᠰᠡᠷᠡᠮᠵᠢᠯᠡᠭᠦᠯᠵᠦ ᠪᠣᠯᠬᠤ ᠪᠠᠶ᠋ᠢᠭ᠋ᠠᠯᠢ ᠵᠢᠨ ᠭᠠᠶ ᠭᠠᠮᠰᠢᠭ᠂ ᠠᠳᠡᠯ ᠭᠠᠶ ᠵᠣᠪᠠᠯᠠᠩ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠵᠡᠷᠭᠡ ᠮᠡᠳᠡᠭᠡ ᠵᠠᠩᠭᠢ ᠵᠢ ᠵᠢᠭ᠋ᠠᠵᠤ ᠪᠤᠶ᠃ ᠨᠡᠶ᠋ᠢᠭᠡᠮ᠎ᠤᠨ ᠠᠮᠤᠷ ᠲᠦᠪᠰᠢᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
      ᠰᠡᠷᠡᠮᠵᠢᠯᠡᠭᠦᠯᠬᠦ ᠮᠡᠳᠡᠭᠡ ᠵᠠᠩᠭᠢ᠎ᠳᠤ ᠭᠡᠨᠡᠳᠲᠡ ᠵᠢᠨ ᠬᠡᠷᠡᠭ᠎ᠤᠨ ᠲᠦᠷᠦᠯ ᠢᠯᠭ᠋ᠠᠯ᠂ ᠰᠡᠷᠡᠮᠵᠢᠯᠡᠭᠦᠯᠬᠦ ᠲᠠᠰ᠎ᠤᠨ ᠢᠯᠭ᠋ᠠᠯ᠂ ᠡᠬᠢᠯᠡᠬᠦ ᠴᠠᠭ ᠬᠤᠭᠤᠴᠠᠭ᠎ᠠ᠂ ᠨᠥᠯᠥᠭᠡᠯᠡᠬᠦ ᠪᠣᠯᠤᠮᠵᠢ᠎ᠲᠠᠢ ᠬᠡᠪᠴᠢᠶ᠎ᠡ᠂ ᠰᠡᠷᠡᠮᠵᠢᠯᠡᠭᠦᠯᠬᠦ ᠬᠦᠴᠦᠨ᠎ᠲᠠᠢ ᠬᠤᠭᠤᠴᠠᠭ᠎ᠠ᠂ ᠰᠡᠷᠡᠮᠵᠢᠯᠡᠭᠦᠯᠬᠦ ᠵᠦᠢ᠍ᠯ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠣᠯᠤᠨ ᠨᠡᠶ᠋ᠢᠲᠡᠯᠡᠬᠦ ᠨᠢᠭᠡᠴᠡ ᠵᠡᠷᠭᠡ ᠵᠢ ᠪᠠᠭᠲᠠᠭ᠋ᠠᠨ᠎ᠠ᠃
      ᠰᠡᠷᠡᠮᠵᠢᠯᠡᠭᠦᠯᠬᠦ ᠮᠡᠳᠡᠭᠡ ᠵᠠᠩᠭᠢ ᠵᠢᠨ ᠲᠠᠰ᠎ᠤᠨ ᠢᠯᠭ᠋ᠠᠯ᠎ᠢ Ⅰ ᠳᠡᠰ (ᠣᠨᠴᠠ ᠶᠡᠭᠡ)᠂ Ⅱ ᠳᠡᠰ (ᠬᠦᠨᠳᠦ ᠶᠡᠭᠡ)᠂ Ⅲ ᠳᠡᠰ (ᠨᠡᠯᠢᠶᠡᠳ ᠶᠡᠭᠡ) ᠪᠣᠯᠤᠨ Ⅳ ᠳᠡᠰ (ᠡᠩ᠎ᠤᠨ) ᠭᠡᠵᠦ ᠬᠤᠪᠢᠶᠠᠨ᠂ ᠤᠯᠠᠭ᠋ᠠᠨ ᠥᠩᠭᠡ᠂ ᠤᠯᠠᠪᠤᠷ ᠥᠩᠭᠡ᠂ ᠰᠢᠷ᠎ᠠ ᠥᠩᠭᠡ ᠪᠣᠯᠤᠨ ᠬᠥᠬᠡ ᠥᠩᠭᠡ ᠵᠢᠨ ᠲᠡᠮᠳᠡᠭ ᠵᠶ᠋ᠠᠷ ᠲᠤᠰ ᠲᠤᠰ᠎ᠲᠤᠨᠢ ᠢᠯᠭ᠋ᠠᠵᠤ᠂ Ⅰ ᠳᠡᠰ᠎ᠨᠢ ᠬᠠᠮᠤᠭ᠎ᠤᠨ ᠥᠨᠳᠥᠷ ᠲᠠᠰ᠎ᠤᠨ ᠢᠯᠭ᠋ᠠᠯ ᠪᠣᠯᠤᠨ᠎ᠠ᠃
      ᠳᠥᠷᠪᠡᠳᠦᠭᠡᠷ ᠵᠦᠢ᠍ᠯ   ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠳᠤ ᠳᠡᠰ ᠬᠤᠪᠢᠶᠠᠬᠤ ᠲᠥᠷᠥᠯ ᠬᠤᠪᠢᠶᠠᠬᠤ ᠬᠠᠮᠢᠶᠠᠷᠤᠯᠲᠠ ᠵᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠠᠴᠠ ᠨᠢᠭᠡᠳᠦᠯᠲᠡᠶ ᠬᠠᠮᠢᠶᠠᠷᠬᠤ᠂ ᠰᠠᠯᠠᠭ᠎ᠠ ᠮᠥᠴᠢᠷ᠎ᠠᠴᠠ ᠠᠵᠢᠯ ᠬᠤᠪᠢᠶᠠᠷᠢᠯᠠᠨ ᠬᠠᠷᠢᠭᠤᠴᠠᠬᠤ᠂ ᠭᠠᠳᠠᠭ᠋ᠠᠳᠤ᠎ᠳᠤ ᠨᠢᠭᠡᠳᠦᠯᠲᠡᠶ ᠨᠡᠶ᠋ᠢᠲᠡᠯᠡᠬᠦ ᠵᠠᠷᠴᠢᠮ᠎ᠤᠨ ᠶᠣᠰᠣᠭ᠋ᠠᠷ ᠶᠠᠪᠤᠭᠳᠠᠭᠤᠯᠤᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠪᠠ ᠤᠯᠠᠮᠵᠢᠯᠠᠬᠤ᠎ᠳᠤ ᠴᠠᠭ ᠲᠤᠬᠠᠶ᠎ᠳᠤᠨᠢ᠂ ᠣᠨᠣᠪᠴᠢᠲᠠᠶ᠂ ᠦᠨ᠎ᠡ ᠲᠥᠯᠥᠪᠦᠷᠢ ᠦᠭᠡᠶ ᠪᠠᠶ᠋ᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠃
      ᠲᠠᠪᠤᠳᠤᠭ᠋ᠠᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠤᠨ ᠤᠳᠤᠷᠢᠳᠤᠯᠭ᠎ᠠ ᠵᠢ ᠴᠢᠩᠭ᠋ᠠᠳᠬᠠᠨ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠦᠳᠲᠡᠷ ᠲᠦᠷᠭᠡᠨ ᠤᠯᠠᠮᠵᠢᠯᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ᠂ ᠤᠯᠠᠮᠵᠢᠯᠠᠬᠤ᠂ ᠬᠦᠯᠢᠶᠡᠨ ᠠᠪᠬᠤ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠂ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ (ᠳᠣᠷᠣᠭᠰᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠲᠥᠪ ᠭᠡᠵᠦ ᠲᠣᠪᠴᠢᠯᠠᠨ᠎ᠠ)᠎ᠢ ᠪᠠᠶ᠋ᠢᠭᠤᠯᠵᠤ᠂ ᠲᠤᠰ ᠵᠠᠰᠠᠭ ᠵᠠᠬᠢᠷᠭ᠋ᠠᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠢ ᠪᠦᠲᠦᠭᠡᠨ ᠪᠠᠶ᠋ᠢᠭᠤᠯᠬᠤ ᠬᠡᠷᠡᠭᠲᠡᠶ᠃
      ᠵᠢᠷᠭᠤᠳᠤᠭ᠋ᠠᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠠᠵᠢᠯ᠎ᠢ ᠪᠠᠶ᠋ᠢᠴᠠᠭ᠋ᠠᠬᠤ᠂ ᠦᠨᠡᠯᠡᠨ ᠵᠢᠱ᠌ᠢᠬᠦ ᠵᠡᠷᠭᠡ ᠠᠵᠢᠯ᠎ᠢ ᠬᠠᠷᠢᠭᠤᠴᠠᠬᠤ ᠬᠡᠷᠡᠭᠲᠡᠶ᠃
      ᠳᠣᠯᠣᠳᠤᠭ᠋ᠠᠷ ᠵᠦᠢ᠍ᠯ   ᠡᠯ᠎ᠡ ᠱᠠᠲᠤᠨ᠎ᠤ ᠡᠯ᠎ᠡ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠲᠥᠰᠦᠯ᠎ᠢ ᠲᠦᠷᠦᠭᠦᠯᠡᠨ ᠬᠡᠷᠡᠭᠵᠢᠭᠦᠯᠬᠦ ᠪᠠᠶ᠋ᠢᠭᠤᠯᠤᠮᠵᠢ ᠪᠤᠶᠤ ᠵᠠᠰᠠᠭ᠎ᠤᠨ ᠣᠷᠳᠣᠨ᠎ᠠᠴᠠ ᠡᠷᠬᠡ ᠣᠯᠭᠤᠨ ᠬᠠᠮᠢᠶ᠎ᠠ ᠪᠦᠬᠦᠢ ᠲᠥᠷᠥᠯ ᠵᠦᠢ᠍ᠯ᠎ᠤᠨ ᠭᠡᠨᠡᠳᠲᠡ ᠵᠢᠨ ᠬᠡᠷᠡᠭ᠎ᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠵᠢ ᠡᠭᠦᠷᠭᠡᠯᠡᠭᠦᠯᠦᠭᠰᠡᠨ ᠪᠠᠶ᠋ᠢᠭᠤᠯᠤᠮᠵᠢ᠎ᠨᠤᠭᠤᠳ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢ ᠬᠠᠷᠢᠭᠤᠴᠠᠨ᠎ᠠ; ᠰᠡᠷᠡᠮᠵᠢᠯᠡᠭᠦᠯᠬᠦ ᠮᠡᠳᠡᠭᠡ ᠵᠠᠩᠭᠢ ᠵᠢ ᠴᠤᠭᠯᠠᠭᠤᠯᠬᠤ (ᠠᠩᠬ᠎ᠠ ᠨᠡᠶ᠋ᠢᠲᠡᠯᠡᠬᠦ᠂ ᠲᠣᠬᠢᠷᠠᠭᠤᠯᠬᠤ ᠪᠠ ᠬᠦᠴᠦᠨ ᠦᠭᠡᠶ ᠪᠣᠯᠭ᠋ᠠᠬᠤ)᠂ ᠬᠢᠨᠠᠬᠤ᠂ ᠭᠠᠷ᠎ᠤᠨ ᠦᠰᠦᠭ ᠵᠢᠷᠤᠵᠤ ᠶᠠᠪᠤᠭᠤᠯᠬᠤ ᠶᠠᠪᠤᠴᠠ ᠵᠢ ᠵᠢᠷᠤᠮᠵᠢᠭᠤᠯᠬᠤ ᠵᠢᠨ ᠬᠠᠮᠲᠤ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ᠎ᠢ ᠬᠠᠷᠢᠭᠤᠴᠠᠬᠤ ᠬᠡᠷᠡᠭᠲᠡᠶ; ᠲᠤᠰ ᠠᠵᠢᠯ ᠲᠥᠷᠥᠯ᠎ᠤᠨ ᠵᠶ᠋ᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠬᠡᠷᠡᠭᠯᠡᠭᠴᠢ ᠵᠢᠨ ᠲᠤᠭ᠎ᠠ ᠪᠠᠷᠢᠮᠲᠠ ᠵᠢ ᠬᠠᠮᠠᠭ᠋ᠠᠯᠠᠬᠤ ᠵᠢ ᠡᠭᠦᠷᠭᠡᠯᠡᠬᠦ ᠬᠡᠷᠡᠭᠲᠡᠶ; ᠲᠤᠰ ᠠᠷᠭ᠎ᠠ ᠵᠢ ᠦᠨᠳᠦᠰᠦᠯᠡᠵᠦ ᠵᠣᠬᠢᠬᠤ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠬᠤ ᠬᠡᠷᠡᠭᠲᠡᠶ᠃ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠪᠣᠯᠤᠨ ᠪᠣᠳᠠᠲᠤ ᠪᠠᠶ᠋ᠢᠳᠠᠯ᠎ᠢ ᠦᠨᠳᠦᠰᠦᠯᠡᠵᠦ᠂ ᠣᠯᠠᠨ ᠨᠡᠶ᠋ᠢᠲᠡ᠎ᠳᠤ ᠬᠠᠨᠳᠤᠭᠤᠯᠤᠭᠰᠠᠨ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ ᠵᠢ ᠨᠠᠶ᠋ᠢᠷᠠᠭᠤᠯᠤᠨ ᠵᠣᠬᠢᠶᠠᠵᠤ᠂ ᠣᠯᠠᠨ ᠨᠡᠶ᠋ᠢᠲᠡ ᠵᠢ ᠪᠦᠲᠦᠮᠵᠢᠲᠡᠶ ᠬᠥᠲᠥᠯᠥᠨ ᠵᠢᠯᠣᠭᠤᠳᠴᠤ ᠪᠠᠶ᠋ᠢᠭ᠋ᠠᠳ ᠭᠠᠮᠰᠢᠭ᠎ᠢ ᠰᠡᠷᠭᠡᠶ᠋ᠢᠯᠡᠨ ᠠᠶᠤᠯ᠎ᠠᠴᠠ ᠵᠠᠶ᠋ᠢᠯᠠᠭᠤᠯᠬᠤ ᠬᠡᠷᠡᠭᠲᠡᠶ᠃
      ᠨᠠᠢ᠍ᠮᠠᠳᠤᠭ᠋ᠠᠷ ᠵᠦᠢ᠍ᠯ   ᠡᠯ᠎ᠡ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ ᠨᠡᠶ᠋ᠢᠲᠡᠯᠡᠬᠦ᠎ᠪᠠᠷ ᠪᠠᠶ᠋ᠢᠭ᠎ᠠ ᠰᠡᠷᠡᠮᠵᠢᠯᠡᠭᠦᠯᠬᠦ ᠮᠡᠳᠡᠭᠡ ᠵᠠᠩᠭᠢ᠂ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠪᠣᠯᠤᠨ ᠤᠯᠤᠰ᠎ᠤᠨ ᠬᠤᠯᠪᠣᠭᠳᠠᠯ ᠪᠦᠬᠦᠢ ᠰᠡᠷᠡᠮᠵᠢᠯᠡᠭᠦᠯᠬᠦ ᠮᠡᠳᠡᠭᠡ ᠵᠠᠩᠭᠢ ᠵᠢ ᠲᠤᠰ ᠠᠷᠭ᠎ᠠ ᠵᠢᠨ ᠶᠣᠰᠣᠭ᠋ᠠᠷ ᠬᠦᠯᠢᠶᠡᠨ ᠠᠪᠴᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠶᠠᠪᠤᠴᠠ ᠵᠢ ᠬᠢᠨᠠᠨ ᠬᠠᠷᠭᠤᠭᠤᠯᠬᠤ ᠵᠢᠨ ᠬᠠᠮᠲᠤ ᠲᠤᠰ ᠱᠠᠲᠤᠨ᠎ᠤ᠎ᠪᠠᠨ ᠰᠡᠷᠡᠮᠵᠢᠯᠡᠭᠦᠯᠬᠦ ᠮᠡᠳᠡᠭᠡ ᠵᠠᠩᠭᠢ ᠬᠢᠭᠡᠳ ᠪᠤᠰᠤᠳ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠨᠡᠶ᠋ᠢᠲᠡᠯᠡᠬᠦ ᠵᠢᠴᠢ ᠨᠡᠶ᠋ᠢᠲᠡᠯᠡᠬᠦ ᠰᠢᠰᠲ᠋ᠧᠮ᠎ᠤᠨ ᠡᠳᠦᠷ ᠲᠤᠲᠤᠮ᠎ᠤᠨ ᠬᠠᠮᠠᠭ᠋ᠠᠯᠠᠯᠲᠠ ᠵᠢ ᠬᠠᠷᠢᠭᠤᠴᠠᠬᠤ ᠬᠡᠷᠡᠭᠲᠡᠶ᠃
    ᠶᠢᠰᠦᠳᠦᠭᠡᠷ ᠵᠦᠢ᠍ᠯ   ᠡᠯ᠎ᠡ ᠱᠠᠲᠤᠨ᠎ᠤ ᠤᠯᠠᠮᠵᠢᠯᠠᠬᠤ ᠵᠠᠭᠤᠴᠢ ᠵᠢᠨ ᠰᠠᠯᠠᠭ᠎ᠠ ᠮᠥᠴᠢᠷ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠯᠦᠭᠡ ᠠᠵᠢᠯ᠎ᠤᠨ ᠵᠣᠯᠭ᠋ᠠᠯᠲᠠ ᠵᠢ ᠰᠠᠶ᠋ᠢᠲᠤᠷ ᠬᠢᠬᠦ ᠵᠢ ᠬᠠᠷᠢᠭᠤᠴᠠᠵᠤ᠂ ᠲᠦᠷᠭᠡᠨ ᠨᠡᠶ᠋ᠢᠲᠡᠯᠡᠬᠦ 《ᠰᠠᠭ᠋ᠠᠳ ᠦᠭᠡᠶ ᠨᠡᠪᠲᠡᠷᠡᠬᠦ ᠵᠠᠮ》᠎ᠢ ᠪᠠᠶ᠋ᠢᠭᠤᠯᠤᠨ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠠᠨ ᠠᠷᠭ᠎ᠠ ᠵᠠᠮ᠂ ᠣᠯᠠᠨ ᠠᠷᠭ᠎ᠠ ᠮᠠᠶᠢᠭ ᠵᠶ᠋ᠠᠷ ᠴᠠᠭ ᠲᠤᠬᠠᠶ᠎ᠳᠤᠨᠢ᠂ ᠣᠨᠣᠪᠴᠢᠲᠠᠶ᠂ ᠦᠨ᠎ᠡ ᠲᠥᠯᠥᠪᠦᠷᠢ ᠦᠭᠡᠶ᠂ ᠠᠮᠤᠷ ᠲᠦᠪᠰᠢᠨ ᠵᠶ᠋ᠠᠷ ᠨᠡᠶ᠋ᠢᠭᠡᠮ᠎ᠤᠨ ᠣᠯᠠᠨ ᠨᠡᠶ᠋ᠢᠲᠡ᠎ᠳᠤ ᠨᠡᠶ᠋ᠢᠲᠡᠯᠡᠬᠦ ᠵᠢ ᠦᠨᠡᠨᠬᠦ ᠪᠠᠲᠤᠯᠠᠬᠤ ᠬᠡᠷᠡᠭᠲᠡᠶ᠃
      ᠠᠷᠪᠠᠳᠤᠭ᠋ᠠᠷ ᠵᠦᠢ᠍ᠯ   ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠪᠣᠯᠤᠨ ᠠᠷᠠᠳ ᠢᠷᠭᠡᠳ᠂ ᠬᠠᠤᠯᠢ ᠵᠢᠨ ᠡᠷᠬᠡᠲᠡᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ᠂ ᠳᠠᠮᠵᠢᠭᠤᠯᠬᠤ ᠪᠠ ᠤᠬᠠᠭᠤᠯᠬᠤ ᠡᠭᠦᠷᠭᠡ᠎ᠲᠠᠢ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠳᠠᠮᠵᠢᠭᠤᠯᠬᠤ ᠪᠣᠳᠠᠲᠤ ᠠᠮᠵᠢᠯᠲᠠ ᠵᠢ ᠢᠳᠡᠪᠬᠢᠲᠡᠶ ᠳᠡᠭᠡᠭᠰᠢᠯᠡᠭᠦᠯᠬᠦ ᠬᠡᠷᠡᠭᠲᠡᠶ᠃
    ᠠᠷᠪᠠᠨ ᠨᠢᠭᠡᠳᠦᠭᠡᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠬᠠᠮᠢᠶ᠎ᠠ ᠪᠦᠬᠦᠢ ᠮᠡᠳᠡᠯᠭᠡ ᠵᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ᠎ᠢ ᠥᠷᠭᠡᠨ ᠳᠡᠯᠭᠡᠷᠡᠩᠭᠦᠶ ᠥᠷᠨᠢᠭᠦᠯᠵᠦ᠂ ᠣᠯᠠᠨ ᠨᠡᠶ᠋ᠢᠲᠡ ᠵᠢᠨ ᠭᠠᠮᠰᠢᠭ᠎ᠢ ᠰᠡᠷᠭᠡᠶ᠋ᠢᠯᠡᠨ ᠪᠠᠭ᠋ᠠᠰᠬᠠᠬᠤ ᠦᠵᠡᠯ ᠤᠬᠠᠮᠰᠠᠷ᠎ᠢ ᠨᠡᠮᠡᠭᠳᠡᠭᠦᠯᠦᠨ᠂ ᠣᠯᠠᠨ ᠨᠡᠶ᠋ᠢᠲᠡ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠵᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠲᠠᠢ᠎ᠪᠠᠷ ᠣᠯᠵᠤ᠂ ᠪᠦᠲᠦᠮᠵᠢᠲᠡᠶ ᠠᠰᠢᠭᠯᠠᠨ᠂ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ᠃   

      ᠬᠤᠶᠠᠳᠤᠭ᠋ᠠᠷ ᠪᠦᠯᠦᠭ   ᠨᠡᠶ᠋ᠢᠲᠡᠯᠡᠬᠦ ᠶᠠᠪᠤᠴᠠ
      ᠠᠷᠪᠠᠨ ᠬᠤᠶᠠᠳᠤᠭ᠋ᠠᠷ ᠵᠦᠢ᠍ᠯ   ᠡᠯ᠎ᠡ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠴᠤᠭᠯᠠᠭᠤᠯᠬᠤ ᠠᠵᠢᠯ᠎ᠢ ᠬᠠᠷᠢᠭᠤᠴᠠᠨ᠎ᠠ᠂ ᠡᠭᠦᠨ᠎ᠳᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠠᠩᠬ᠎ᠠ ᠨᠡᠶ᠋ᠢᠲᠡᠯᠡᠬᠦ᠂ ᠲᠣᠬᠢᠷᠠᠭᠤᠯᠬᠤ ᠪᠠ ᠬᠦᠴᠦᠨ ᠦᠭᠡᠶ ᠪᠣᠯᠭ᠋ᠠᠬᠤ ᠵᠢ ᠪᠠᠭᠲᠠᠭ᠋ᠠᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠨᠡᠶ᠋ᠢᠲᠡᠯᠡᠬᠦ ᠨᠢᠭᠡᠴᠡ ᠴᠢᠬᠤᠯᠠ ᠶᠡᠭᠡ ᠠᠵᠢᠯᠯᠠᠭ᠋ᠠᠨ᠎ᠤ ᠪᠠᠲᠤᠯᠠᠭ᠎ᠠ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠤᠨ ᠬᠡᠷᠡᠭᠴᠡᠭᠡ ᠵᠢ ᠦᠨᠳᠦᠰᠦᠯᠡᠵᠦ᠂ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠲᠤᠭᠤᠷᠪᠢᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ   ᠡᠯ᠎ᠡ ᠨᠡᠶ᠋ᠢᠲᠡᠯᠡᠬᠦ ᠨᠢᠭᠡᠴᠡ ᠵᠢᠨ ᠴᠤᠭᠯᠠᠭᠤᠯᠤᠭᠰᠠᠨ Ⅰ ᠳᠡᠰ᠂ Ⅱ ᠳᠡᠰ᠎ᠲᠤ ᠬᠤᠯᠪᠣᠭᠳᠠᠬᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠪᠣᠯ᠂ ᠡᠷᠬᠡᠪᠰᠢ ᠲᠤᠰ ᠨᠢᠭᠡᠴᠡ ᠵᠢᠨ ᠵᠶ᠋ᠠᠨ ᠬᠢᠨᠠᠨ ᠬᠠᠷᠭᠤᠭᠤᠯᠤᠭᠴᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰ ᠲᠥᠷᠥᠯ᠎ᠤᠨ ᠭᠡᠨᠡᠳᠲᠡ ᠵᠢᠨ ᠬᠡᠷᠡᠭ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠎ᠳᠤ ᠲᠤᠰᠢᠶᠠᠵᠤ ᠲᠡᠭᠦᠨ ᠵᠶ᠋ᠠᠷ ᠭᠠᠷ᠎ᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ; Ⅲ ᠳᠡᠰ᠂ Ⅳ ᠳᠡᠰ᠎ᠲᠤ ᠬᠤᠯᠪᠣᠭᠳᠠᠭ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠪᠣᠯ᠂ ᠲᠤᠰ ᠨᠢᠭᠡᠴᠡ ᠵᠢᠨ ᠵᠶ᠋ᠠᠨ ᠬᠢᠨᠠᠨ ᠬᠠᠷᠭᠤᠭᠤᠯᠤᠭᠴᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠤᠰ ᠨᠢᠭᠡᠴᠡ ᠵᠢᠨ ᠵᠶ᠋ᠠᠨ ᠭᠤᠤᠯ ᠬᠠᠷᠢᠭᠤᠴᠠᠯᠭ᠋ᠠᠲᠠᠨ᠎ᠳᠤ ᠲᠤᠰᠢᠶᠠᠵᠤ ᠲᠡᠭᠦᠨ ᠵᠶ᠋ᠠᠷ ᠭᠠᠷ᠎ᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ᠃
      ᠬᠢᠨᠠᠨ ᠬᠠᠷᠭᠤᠭᠤᠯᠬᠤ ᠪᠠ ᠭᠠᠷ᠎ᠤᠨ ᠦᠰᠦᠭ ᠵᠢᠷᠤᠵᠤ ᠶᠠᠪᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠮᠡᠳᠡᠭᠦᠯᠦᠨ ᠬᠦᠷᠭᠡᠬᠦ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠣᠷᠣᠨ ᠪᠦᠰᠡ ᠠᠯᠤᠰᠯᠠᠭᠰᠠᠨ Ⅰ ᠳᠡᠰ᠂ Ⅱ ᠲᠠᠰ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠪᠣᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰ ᠲᠥᠷᠥᠯ᠎ᠤᠨ ᠭᠡᠨᠡᠳᠲᠡ ᠵᠢᠨ ᠬᠡᠷᠡᠭ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠵᠶ᠋ᠠᠷ ᠬᠢᠨᠠᠨ ᠬᠠᠷᠭᠤᠭᠤᠯᠵᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰ ᠲᠥᠷᠥᠯ᠎ᠤᠨ ᠭᠡᠨᠡᠳᠲᠡ ᠵᠢᠨ ᠬᠡᠷᠡᠭ᠎ᠢ ᠬᠤᠪᠢᠶᠠᠷᠢᠯᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠎ᠳᠤ ᠮᠡᠳᠡᠭᠦᠯᠦᠭᠡᠳ ᠭᠠᠷ᠎ᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ   ᠭᠠᠷ᠎ᠤᠨ ᠦᠰᠦᠭ ᠵᠢᠷᠤᠵᠤ ᠶᠠᠪᠤᠭᠤᠯᠬᠤ ᠡᠷᠬᠡ ᠮᠡᠳᠡᠯ᠎ᠲᠠᠢ ᠬᠥᠮᠦᠰ᠎ᠤᠨ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠠᠵᠢᠯᠲᠠᠨ᠎ᠤ ᠬᠤᠪᠢᠷᠠᠯᠲᠠ ᠪᠠᠶ᠋ᠢᠪᠠᠯ᠂ ᠴᠠᠭ ᠲᠤᠬᠠᠶ᠎ᠳᠤᠨᠢ ᠬᠤᠪᠢᠷᠠᠭᠤᠯᠬᠤ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ   ᠡᠯ᠎ᠡ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠲᠥᠪ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠪᠠᠶ᠋ᠢᠭᠤᠯᠤᠮᠵᠢ ᠪᠤᠶᠤ ᠨᠡᠶ᠋ᠢᠲᠡᠯᠡᠬᠦ ᠨᠢᠭᠡᠴᠡ᠎ᠠᠴᠠ ᠭᠠᠷ᠎ᠤᠨ ᠦᠰᠦᠭ ᠵᠢᠷᠤᠵᠤ ᠶᠠᠪᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠤᠭᠰᠠᠨ᠎ᠤ ᠳᠠᠷᠠᠭ᠎ᠠ᠂ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ ᠪᠠ ᠭᠠᠷ᠎ᠤᠨ ᠦᠰᠦᠭ ᠵᠢᠷᠤᠵᠤ ᠶᠠᠪᠤᠭᠤᠯᠬᠤ ᠶᠠᠪᠤᠴᠠ ᠵᠢ ᠳᠠᠬᠢᠨ ᠬᠢᠨᠠᠵᠤ ᠲᠣᠭᠲᠠᠭᠰᠠᠨ ᠨᠥᠯᠥᠭᠡᠯᠡᠭᠳᠡᠬᠦ ᠪᠣᠯᠤᠮᠵᠢ᠎ᠲᠠᠢ ᠣᠷᠣᠨ ᠪᠦᠰᠡ᠎ᠳᠤ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ   ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ ᠬᠡᠷᠡᠭ ᠪᠠᠶ᠋ᠢᠳᠠᠯ᠎ᠤᠨ ᠬᠥᠭᠵᠢᠯᠲᠡ ᠵᠢ ᠦᠨᠳᠦᠰᠦᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠳᠡᠰ ᠢᠯᠭ᠋ᠠᠯ᠎ᠳᠤ ᠴᠠᠭ᠎ᠲᠤᠨᠢ ᠵᠣᠬᠢᠴᠠᠭᠤᠯᠤᠨ ᠲᠣᠬᠢᠷᠠᠭᠤᠯᠤᠯᠲᠠ ᠬᠢᠵᠦ᠂ ᠲᠤᠰ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠲᠣᠭᠲᠠᠭᠰᠠᠨ ᠶᠠᠪᠤᠴᠠ ᠵᠢᠨ ᠶᠣᠰᠣᠭ᠋ᠠᠷ ᠮᠡᠳᠡᠭᠦᠯᠦᠨ ᠬᠦᠷᠭᠡᠵᠦ ᠨᠡᠶ᠋ᠢᠲᠡᠯᠡᠬᠦ ᠬᠡᠷᠡᠭᠲᠡᠶ᠃
      ᠠᠷᠪᠠᠨ ᠨᠠᠢ᠍ᠮᠠᠳᠤᠭ᠋ᠠᠷ ᠵᠦᠢ᠍ᠯ   ᠭᠡᠨᠡᠳᠲᠡ ᠵᠢᠨ ᠬᠡᠷᠡᠭ ᠡᠭᠦᠰᠬᠦ ᠪᠣᠯᠤᠮᠵᠢ ᠦᠭᠡᠶ ᠪᠤᠶᠤ ᠠᠶᠤᠯ ᠲᠦᠭᠰᠢᠭᠦᠷᠢ ᠨᠢᠭᠡᠨᠲᠡ ᠲᠠᠶ᠋ᠢᠯᠤᠭᠳᠠᠭᠰᠠᠨ᠂ ᠡᠰᠡᠬᠦᠯ᠎ᠡ ᠭᠡᠨᠡᠳᠲᠡ ᠵᠢᠨ ᠬᠡᠷᠡᠭ᠎ᠤᠨ ᠰᠡᠷᠡᠮᠵᠢ᠎ᠨᠢ ᠲᠠᠶ᠋ᠢᠯᠬᠤ ᠪᠠᠷᠢᠮᠵᠢᠶ᠎ᠠ᠎ᠳᠤ ᠬᠦᠷᠦᠭᠰᠡᠨ᠎ᠢ ᠪᠣᠳᠠᠲᠤ ᠬᠡᠷᠡᠭ ᠵᠶ᠋ᠠᠷ ᠭᠡᠷᠡᠴᠢᠯᠡᠵᠦ ᠴᠢᠳᠠᠬᠤ᠎ᠳᠤ ᠬᠦᠷᠪᠡᠯ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ᠎ᠠᠴᠠ ᠬᠦᠴᠦᠨ ᠦᠭᠡᠶ ᠪᠣᠯᠭ᠋ᠠᠬᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠢᠵᠦ᠂ ᠲᠤᠰ ᠱᠠᠲᠤᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠲᠤ ᠲᠣᠭᠲᠠᠭᠰᠠᠨ ᠶᠠᠪᠤᠴᠠ ᠵᠢᠨ ᠶᠣᠰᠣᠭ᠋ᠠᠷ ᠮᠡᠳᠡᠭᠦᠯᠦᠨ ᠬᠦᠷᠭᠡᠵᠦ ᠨᠡᠶ᠋ᠢᠲᠡᠯᠡᠬᠦ ᠬᠡᠷᠡᠭᠲᠡᠶ᠃
      ᠠᠷᠪᠠᠨ ᠶᠢᠰᠦᠳᠦᠭᠡᠷ ᠵᠦᠢ᠍ᠯ   ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠵᠢᠨ ᠴᠢᠨᠠᠷᠲᠠᠶ ᠮᠡᠳᠡᠭᠡ ᠵᠠᠩᠭᠢ ᠵᠢ ᠲᠣᠭᠲᠠᠭ᠋ᠠᠭᠰᠠᠨ ᠬᠦᠴᠦᠨ᠎ᠲᠠᠢ ᠬᠤᠭᠤᠴᠠᠭ᠋ᠠᠨ᠎ᠳᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ᠎ᠳᠤ ᠮᠡᠳᠡᠭᠦᠯᠵᠦ᠂ ᠡᠯ᠎ᠡ ᠵᠦᠢ᠍ᠯ᠎ᠤᠨ ᠠᠷᠭ᠋ᠠᠴᠠᠬᠤ ᠪᠡᠯᠡᠳᠬᠡᠯ ᠠᠵᠢᠯ᠎ᠢ ᠤᠷᠢᠳᠴᠢᠯᠠᠨ ᠰᠠᠶ᠋ᠢᠲᠤᠷ ᠬᠢᠬᠦ᠎ᠳᠤ ᠳᠥᠭᠦᠮ ᠦᠵᠡᠭᠦᠯᠬᠦ ᠬᠡᠷᠡᠭᠲᠡᠶ᠃     

      ᠭᠤᠷᠪᠠᠳᠤᠭ᠋ᠠᠷ ᠪᠦᠯᠦᠭ   ᠪᠠᠲᠤᠯᠠᠭ᠎ᠠ ᠵᠢᠨ ᠠᠷᠭ᠎ᠠ ᠬᠡᠮᠵᠢᠶ᠎ᠡ
      ᠬᠤᠷᠢᠳᠤᠭ᠋ᠠᠷ ᠵᠦᠢ᠍ᠯ
  ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠭᠰᠡᠨ᠎ᠤ ᠳᠠᠷᠠᠭ᠎ᠠ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠡᠭᠦᠷᠭᠡ ᠲᠤᠰᠢᠶᠠᠯᠲᠤ ᠰᠠᠯᠠᠭ᠎ᠠ ᠮᠥᠴᠢᠷ᠎ᠤᠳ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠪᠠ ᠳᠠᠮᠵᠢᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠮᠡᠳᠡᠭᠡ ᠵᠠᠩᠭᠢ ᠳᠠᠮᠵᠢᠭᠤᠯᠬᠤ ᠡᠯ᠎ᠡ ᠵᠦᠢ᠍ᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠣᠯᠠᠨ ᠨᠡᠶ᠋ᠢᠲᠡ᠎ᠳᠤ ᠦᠳᠲᠡᠷ ᠲᠦᠷᠭᠡᠨ᠂ ᠴᠠᠭ ᠲᠤᠬᠠᠶ᠎ᠳᠤᠨᠢ᠂ ᠣᠨᠣᠪᠴᠢᠲᠠᠶ᠎ᠪᠠᠷ ᠳᠠᠮᠵᠢᠭᠤᠯᠬᠤ ᠵᠢᠨ ᠬᠠᠮᠲᠤ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠲᠣᠭᠲᠠᠭ᠋ᠠᠯ᠎ᠢ ᠦᠨᠳᠦᠰᠦᠯᠡᠵᠦ᠂ ᠰᠡᠷᠡᠮᠵᠢᠯᠡᠭᠦᠯᠬᠦ ᠳᠡᠰ ᠢᠯᠭ᠋ᠠᠯ᠎ᠯᠤᠭ᠎ᠠ ᠲᠤᠬᠢᠷᠠᠬᠤ ᠳᠠᠭ᠋ᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠡᠷᠡᠭᠲᠡᠶ᠃
      ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠰᠤᠷᠭ᠋ᠠᠭᠤᠯᠢ᠂ ᠡᠮᠨᠡᠯᠭᠡ ᠵᠢᠨ ᠬᠤᠷᠢᠶ᠎ᠠ᠂ ᠨᠡᠶ᠋ᠢᠭᠡᠮ ᠲᠣᠭᠤᠷᠢᠭ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ᠂ ᠪᠠᠷᠢᠯᠭ᠎ᠠ ᠵᠢᠨ ᠭᠠᠵᠠᠷ ᠵᠡᠷᠭᠡ ᠵᠢ ᠰᠢᠮᠳᠠᠭᠤᠯᠤᠨ ᠲᠤᠰᠬᠠᠶ ᠬᠥᠮᠦᠨ ᠲᠣᠭᠲᠠᠭ᠋ᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠴᠤ ᠳᠠᠮᠵᠢᠭᠤᠯᠬᠤ ᠠᠵᠢᠯ᠎ᠢ ᠬᠠᠷᠢᠭᠤᠴᠠᠭᠤᠯᠵᠤ᠂ ᠦᠨᠳᠦᠰᠦᠨ ᠱᠠᠲᠤᠨ᠎ᠤ ᠨᠡᠶ᠋ᠢᠭᠡᠮ ᠲᠣᠭᠤᠷᠢᠭ᠎ᠲᠤ ᠳᠠᠮᠵᠢᠭᠤᠯᠬᠤ ᠲᠣᠭᠲᠠᠴᠠ ᠵᠢ ᠭᠤᠤᠯᠳᠠᠯᠭ᠎ᠠ᠎ᠲᠠᠢ ᠪᠦᠷᠢᠨᠰᠢᠭᠦᠯᠦᠨ᠂ ᠮᠠᠯᠵᠢᠬᠤ ᠲᠠᠷᠢᠶᠠᠯᠠᠬᠤ ᠣᠷᠣᠨ ᠪᠤᠶ᠋ᠢᠳᠠ ᠪᠥᠭᠯᠡᠭᠦᠦ ᠭᠠᠵᠠᠷ ᠣᠷᠣᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠦᠵᠦᠭᠦᠷ (ᠲᠡᠭᠦᠰᠬᠡᠯ) ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠷᠦᠬᠡ᠎ᠳᠤ ᠰᠢᠭᠤᠳ ᠨᠡᠪᠲᠡᠷᠡᠬᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠳᠠᠮᠵᠢᠭᠤᠯᠬᠤ ᠵᠠᠮ ᠮᠥᠷ᠎ᠢ ᠪᠣᠶ ᠪᠣᠯᠭ᠋ᠠᠬᠤ ᠬᠡᠷᠡᠭᠲᠡᠶ᠃ ᠴᠢᠮᠡᠭᠡ ᠬᠤᠯᠪᠣᠭ᠎ᠠ᠂ ᠷᠠᠳᠢᠣ᠋᠂ ᠲᠧᠯᠸᠢᠰ᠎ᠤᠨ ᠪᠠᠯᠠᠶ ᠣᠷᠣᠨ (ᠰᠣᠬᠣᠷ ᠪᠦᠰᠡ) ᠪᠣᠯᠤᠨ ᠪᠤᠶ᠋ᠢᠳᠠ ᠪᠥᠭᠯᠡᠭᠦᠦ ᠭᠠᠵᠠᠷ ᠣᠷᠣᠨ᠎ᠤ ᠣᠯᠠᠨ ᠲᠦᠮᠡᠨ᠎ᠳᠤ᠂ ᠦᠨᠳᠦᠰᠦᠨ ᠱᠠᠲᠤᠨ᠎ᠤ ᠮᠡᠳᠡᠭᠡ ᠵᠠᠩᠭᠢ ᠬᠦᠷᠭᠡᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠬᠠᠮᠲᠤ ᠰᠠᠭᠤᠭ᠋ᠠᠯᠢ ᠠᠷᠠᠳ᠎ᠤᠨ ᠵᠥᠪᠯᠡᠯ᠂ ᠲᠣᠰᠬᠤᠨ᠎ᠤ ᠠᠷᠠᠳ᠎ᠤᠨ ᠵᠥᠪᠯᠡᠯ ᠵᠡᠷᠭᠡ ᠬᠠᠮᠢᠶ᠎ᠠ ᠪᠦᠬᠦᠢ ᠨᠢᠭᠡᠴᠡ ᠪᠣᠯᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢ ᠰᠢᠮᠳᠠᠭᠤᠯᠵᠤ ᠪᠠᠶ᠋ᠢᠭ᠋ᠠᠳ ᠵᠡᠭᠡᠯᠢ ᠭᠤᠳᠤᠮᠵᠢ᠎ᠪᠠᠷ ᠣᠴᠢᠬᠤ᠂ ᠲᠣᠰᠬᠤᠨ ᠡᠷᠦᠬᠡ᠎ᠪᠠᠷ ᠣᠷᠣᠬᠤ᠂ ᠬᠠᠷᠠᠩᠭ᠎ᠠ ᠴᠠᠩ ᠴᠣᠬᠢᠵᠤ᠂ ᠬᠥᠮᠦᠰ᠎ᠢ ᠵᠣᠬᠢᠶᠠᠨ ᠪᠠᠶ᠋ᠢᠭᠤᠯᠤᠨ ᠡᠷᠦᠬᠡ ᠳᠠᠷᠠᠭ᠋ᠠᠯᠠᠨ ᠬᠥᠮᠦᠨ ᠪᠣᠯᠭ᠋ᠠᠨ᠎ᠳᠤ ᠮᠡᠳᠡᠭᠳᠡᠬᠦ ᠵᠡᠷᠭᠡ ᠤᠯᠠᠮᠵᠢᠯᠠᠯᠲᠤ ᠠᠷᠭ᠎ᠠ ᠮᠠᠶᠢᠭ ᠵᠶ᠋ᠠᠨ ᠴᠢᠬᠤᠯᠠ ᠪᠦᠬᠦᠢ ᠨᠥᠬᠦᠪᠥᠷᠢᠯᠡᠬᠦ ᠠᠷᠭ᠎ᠠ ᠮᠠᠶᠢᠭ ᠪᠣᠯᠭ᠋ᠠᠵᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠳᠠᠮᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠬᠤ ᠵᠢ ᠴᠢᠩᠭ᠋ᠠᠳᠬᠠᠬᠤ ᠬᠡᠷᠡᠭᠲᠡᠶ᠃
      ᠬᠤᠷᠢᠨ ᠨᠢᠭᠡᠳᠦᠭᠡᠷ ᠵᠦᠢ᠍ᠯ   ᠡᠯ᠎ᠡ ᠱᠠᠲᠤᠨ᠎ᠤ ᠤᠬᠠᠭᠤᠯᠬᠤ᠂ ᠷᠠᠳᠢᠣ᠋ ᠲᠧᠯᠸᠢᠰ᠂ ᠰᠣᠨᠢᠨ ᠮᠡᠳᠡᠭᠡ ᠬᠡᠪᠯᠡᠯ᠂ ᠴᠢᠮᠡᠭᠡ ᠬᠤᠯᠪᠣᠭ᠎ᠠ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ᠂ ᠷᠠᠳᠢᠣ᠋᠂ ᠲᠧᠯᠸᠢᠰ᠂ ᠰᠣᠨᠢᠨ ᠰᠡᠳᠬᠦᠯ᠂ ᠢᠨᠲ᠋ᠧᠷ ᠨᠧᠲ (ᠰᠦᠯᠵᠢᠶ᠎ᠡ) ᠵᠡᠷᠭᠡ ᠵᠠᠭᠤᠴᠢ ᠬᠢᠭᠡᠳ ᠴᠢᠮᠡᠭᠡ ᠬᠤᠯᠪᠣᠭ᠎ᠠ᠎ᠪᠠᠷ ᠠᠵᠢᠯᠯᠠᠬᠤ ᠠᠵᠤ ᠠᠬᠤᠶ᠋ᠢᠯᠠᠯ ᠪᠣᠯᠤᠨ ᠪᠤᠰᠤᠳ ᠮᠡᠳᠡᠭᠡ ᠵᠠᠩᠭᠢ ᠵᠢᠨ ᠠᠴᠢᠶᠠᠯᠠᠪᠤᠷᠢ᠎ᠲᠠᠢ ᠵᠣᠬᠢᠴᠠᠯᠳᠤᠨ ᠵᠢᠯᠣᠭᠤᠳᠴᠤ ᠪᠠᠶ᠋ᠢᠭ᠋ᠠᠳ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠯᠦᠭᠡ ᠵᠢᠨ ᠠᠵᠢᠯ᠎ᠤᠨ ᠵᠣᠯᠭ᠋ᠠᠯᠲᠠ ᠵᠢ ᠰᠠᠶ᠋ᠢᠲᠤᠷ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠲᠣᠭᠲᠠᠴᠠ ᠪᠣᠯᠤᠨ ᠶᠠᠪᠤᠴᠠ ᠵᠢ ᠪᠠᠶ᠋ᠢᠭᠤᠯᠬᠤ ᠪᠠ ᠲᠡᠭᠦᠯᠳᠡᠷᠵᠢᠭᠦᠯᠬᠦ ᠬᠡᠷᠡᠭᠲᠡᠶ᠃
      ᠬᠤᠷᠢᠨ ᠬᠤᠶᠠᠳᠤᠭ᠋ᠠᠷ ᠵᠦᠢ᠍ᠯ   ᠡᠯ᠎ᠡ ᠵᠦᠢ᠍ᠯ᠎ᠤᠨ ᠮᠡᠳᠡᠭᠡ ᠵᠠᠩᠭᠢ ᠵᠢ ᠨᠡᠶ᠋ᠢᠲᠡᠯᠡᠬᠦ ᠠᠴᠢᠶᠠᠯᠠᠪᠤᠷᠢ ᠵᠢᠨ ᠰᠢᠨᠵᠢ ᠴᠢᠨᠠᠷ ᠪᠣᠯᠤᠨ ᠣᠨᠴᠠᠯᠢᠭ᠎ᠢ ᠦᠨᠳᠦᠰᠦᠯᠡᠵᠦ᠂ ᠰᠡᠷᠡᠮᠵᠢᠯᠡᠭᠦᠯᠬᠦ ᠣᠷᠣᠨ᠎ᠤ ᠳᠣᠲᠣᠷᠠᠬᠢ ᠬᠡᠷᠡᠭᠯᠡᠭᠴᠢ᠎ᠳᠤ ᠳᠠᠮᠵᠢᠭᠤᠯᠤᠨ ᠨᠡᠶ᠋ᠢᠲᠡᠯᠡᠬᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠭᠤᠷᠪᠠᠨ ᠲᠥᠷᠥᠯ᠎ᠳᠤ ᠬᠤᠪᠢᠶᠠᠨ᠎ᠠ᠄
     (ᠨᠢᠭᠡ) ᠬᠦᠴᠦᠨ᠎ᠲᠠᠢ ᠬᠤᠭᠤᠴᠠᠭ᠋ᠠᠨ ᠳᠣᠲᠣᠷ᠎ᠠ ᠢᠮᠠᠭᠲᠠ ᠦᠷᠭᠦᠯᠵᠢᠯᠡᠨ ᠨᠡᠶ᠋ᠢᠲᠡᠯᠡᠵᠦ᠂ ᠲᠤᠬᠠᠶ᠋ᠢᠯᠠᠪᠠᠯ ᠰᠦᠯᠵᠢᠶ᠎ᠡ᠂ ᠡᠯᠧᠺᠲᠷᠣᠨ ᠵᠶ᠋ᠠᠷ ᠦᠵᠡᠭᠦᠯᠬᠦ ᠳᠡᠯᠭᠡᠴᠡ᠂ ᠲᠧᠯᠸᠢᠰ᠎ᠲᠠᠬᠢ ᠥᠩᠬᠦᠷᠢᠯ ᠦᠰᠦᠭᠲᠦ ᠵᠡᠷᠭᠡ ᠪᠣᠯᠤᠨ᠎ᠠ;
     (ᠬᠤᠶᠠᠷ) ᠬᠦᠴᠦᠨ᠎ᠲᠠᠢ ᠬᠤᠭᠤᠴᠠᠭ᠋ᠠᠨ ᠳᠣᠲᠣᠷ᠎ᠠ ᠴᠠᠭ ᠪᠦᠷᠢ 3᠎ᠠᠴᠠ 5 ᠮᠢᠨᠦ᠋ᠲ ᠦᠷᠭᠦᠯᠵᠢᠯᠡᠨ ᠨᠡᠪᠲᠡᠷᠡᠭᠦᠯᠬᠦ ᠪᠤᠶᠤ ᠵᠠᠪᠰᠠᠷᠯᠠᠵᠤ ᠨᠡᠪᠲᠡᠷᠡᠭᠦᠯᠦᠨ᠎ᠡ᠂ ᠲᠤᠬᠠᠶ᠋ᠢᠯᠠᠪᠠᠯ᠄ ᠲᠧᠯᠸᠢᠰ ᠬᠤᠷᠢᠶ᠎ᠠ᠂ ᠷᠠᠳᠢᠣ᠋ ᠲᠧᠯᠸᠢᠰ᠂ ᠬᠥᠳᠡᠭᠡ ᠲᠣᠰᠬᠤᠨ᠎ᠤ ᠯᠠᠪᠠ ᠵᠡᠷᠭᠡ ᠪᠣᠯᠤᠨ᠎ᠠ;
     (ᠭᠤᠷᠪᠠ) ᠬᠦᠴᠦᠨ᠎ᠲᠠᠢ ᠬᠤᠭᠤᠴᠠᠭ᠋ᠠᠨ ᠳᠣᠲᠣᠷ᠎ᠠ ᠡᠬᠢᠯᠡᠬᠦ ᠦᠶ᠎ᠡ᠎ᠳᠤ ᠨᠢᠭᠡ ᠯᠡ ᠤᠳᠠᠭ᠋ᠠᠨ᠎ᠤ ᠴᠢᠨᠠᠷᠲᠠᠶ ᠨᠡᠶ᠋ᠢᠲᠡᠯᠡᠨ᠎ᠡ᠂ ᠲᠤᠬᠠᠶ᠋ᠢᠯᠠᠪᠠᠯ ᠰᠣᠨᠢᠨ᠂ ᠭᠠᠷ ᠤᠲᠠᠰᠤᠨ᠎ᠤ ᠣᠬᠤᠷ ᠮᠡᠳᠡᠭᠡ᠂ ᠤᠲᠠᠰᠤᠨ᠎ᠤ ᠳᠠᠭᠤᠳᠠᠯᠭ᠎ᠠ ᠵᠡᠷᠭᠡ ᠪᠣᠯᠤᠨ᠎ᠠ;  
      ᠬᠤᠷᠢᠨ ᠭᠤᠷᠪᠠᠳᠤᠭ᠋ᠠᠷ ᠵᠦᠢ᠍ᠯ     ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠨᠢᠭᠡᠴᠡ ᠰᠡᠷᠡᠮᠵᠢᠯᠡᠭᠦᠯᠬᠦ ᠣᠷᠣᠨ᠎ᠤ ᠳᠣᠲᠣᠷᠠᠬᠢ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠂ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠵᠢ ᠬᠠᠷᠢᠭᠤᠴᠠᠬᠤ ᠨᠢᠭᠡᠴᠡ ᠬᠢᠭᠡᠳ ᠡᠩᠨᠡᠭᠡ᠎ᠯᠦᠭᠡ ᠨᠢᠭᠲᠠ ᠬᠠᠷᠢᠯᠴᠠᠵᠤ᠂ ᠬᠥᠳᠡᠯᠦᠯ ᠪᠠᠶ᠋ᠢᠳᠠᠯ᠎ᠢ ᠬᠢᠨᠠᠨ ᠬᠡᠮᠵᠢᠬᠦ ᠮᠡᠳᠡᠭᠡ ᠵᠢ ᠮᠡᠳᠡᠭᠦᠯᠦᠨ ᠬᠦᠷᠭᠡᠬᠦ ᠪᠠ ᠬᠠᠮᠲᠤ᠎ᠳᠠᠭᠠᠨ ᠬᠦᠷᠳᠠᠬᠦ ᠵᠢ ᠴᠢᠩᠭ᠋ᠠᠳᠬᠠᠬᠤ ᠵᠢᠨ ᠬᠠᠮᠲᠤ ᠯᠠᠪᠯᠠᠨ ᠠᠰᠠᠭᠤᠬᠤ ᠬᠠᠷᠢᠯᠴᠠᠬᠤ ᠤᠲᠠᠰᠤ ᠵᠢ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
      ᠬᠤᠷᠢᠨ ᠳᠥᠷᠪᠡᠳᠦᠭᠡᠷ ᠵᠦᠢ᠍ᠯ   ᠴᠡᠷᠢᠭ ᠠᠩᠭᠢ ᠪᠠ ᠣᠷᠣᠨ ᠨᠤᠲᠤᠭ᠎ᠤᠨ ᠮᠡᠳᠡᠭᠡ ᠵᠠᠩᠭᠢ ᠵᠢ ᠮᠡᠳᠡᠭᠳᠡᠬᠦ ᠲᠣᠭᠲᠠᠴᠠ ᠵᠢ ᠲᠡᠭᠦᠯᠳᠡᠷᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ᠎ᠤᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠠᠮᠲᠤ᠎ᠳᠠᠭᠠᠨ ᠬᠦᠷᠳᠠᠬᠦ ᠵᠢ ᠪᠡᠶᠡᠯᠡᠭᠦᠯᠬᠦ ᠬᠡᠷᠡᠭᠲᠡᠶ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠤᠰ ᠭᠠᠵᠠᠷ᠎ᠲᠤ ᠰᠠᠭᠤᠭ᠎ᠠ ᠴᠡᠷᠢᠭ᠂ ᠴᠡᠷᠢᠭ ᠠᠩᠭᠢ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠮᠡᠳᠡᠭᠳᠡᠵᠦ᠂ ᠰᠡᠷᠡᠮᠵᠢᠯᠡᠭᠦᠯᠬᠦ ᠵᠢ ᠳᠠᠭ᠋ᠠᠬᠤ ᠠᠵᠢᠯ᠎ᠢ ᠬᠠᠮᠲᠤᠪᠠᠷ ᠰᠠᠶ᠋ᠢᠲᠤᠷ ᠬᠢᠬᠦ ᠬᠡᠷᠡᠭᠲᠡᠶ᠃
    ᠬᠤᠷᠢᠨ ᠲᠠᠪᠤᠳᠤᠭ᠋ᠠᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠨᠢ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠬᠢᠭᠡᠳ ᠠᠵᠢᠯᠲᠠᠳ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠨ᠂ ᠲᠤᠰᠬᠠᠶ ᠮᠡᠷᠭᠡᠵᠢᠯᠲᠡᠨ ᠬᠢᠭᠡᠳ ᠬᠠᠮᠢᠶᠠᠷᠤᠯᠲᠠ ᠵᠢᠨ ᠠᠵᠢᠯᠲᠠᠨ᠎ᠢ ᠲᠣᠬᠢᠷᠠᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠢ ᠳᠡᠰ ᠳᠡᠪᠰᠢᠭᠦᠯᠦᠨ ᠥᠭᠡᠷᠡᠴᠢᠯᠡᠬᠦ ᠵᠢ ᠲᠦᠯᠬᠢᠨ ᠠᠬᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠶ᠋ᠢᠲᠡᠯᠡᠬᠦ ᠬᠦᠴᠦᠨ᠎ᠲᠠᠢ ᠬᠤᠭᠤᠴᠠᠭ᠎ᠠ ᠪᠠ ᠪᠦᠷᠬᠦᠴᠡ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠥᠪ᠎ᠤᠨ ᠲᠤᠬᠠᠶ᠋ᠢᠯᠠᠭᠰᠠᠨ ᠠᠵᠢᠯ ᠵᠶ᠋ᠠᠨ ᠦᠷᠭᠦᠯᠵᠢᠯᠡᠭᠦᠯᠬᠦ ᠵᠠᠷᠤᠳᠠᠯ᠎ᠳᠤ ᠴᠢᠬᠤᠯᠠ ᠪᠦᠬᠦᠢ ᠳᠡᠮᠵᠢᠯᠭᠡ ᠥᠭᠬᠦ ᠬᠡᠷᠡᠭᠲᠡᠶ᠃     

      ᠳᠥᠷᠪᠡᠳᠦᠭᠡᠷ ᠪᠦᠯᠦᠭ   ᠬᠠᠤᠯᠢ ᠴᠠᠭ᠋ᠠᠵᠠ ᠵᠢᠨ ᠬᠠᠷᠢᠭᠤᠴᠠᠯᠭ᠎ᠠ
      ᠬᠤᠷᠢᠨ ᠵᠢᠷᠭᠤᠳᠤᠭ᠋ᠠᠷ ᠵᠦᠢ᠍ᠯ
  ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠬᠢᠭᠡᠳ ᠨᠢᠭᠡᠴᠡ ᠲᠤᠰ ᠠᠷᠭ᠎ᠠ ᠵᠢᠨ ᠲᠣᠭᠲᠠᠭ᠋ᠠᠯ᠎ᠢ ᠵᠥᠷᠢᠴᠡᠵᠦ᠂ ᠬᠠᠤᠯᠢ᠎ᠳᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠶ ᠪᠣᠯ᠂ ᠲᠡᠭᠦᠨ᠎ᠤ ᠳᠡᠭᠡᠷ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠶ᠃ ᠬᠦᠨᠳᠦ ᠨᠣᠴᠢᠲᠠᠶ ᠦᠷ᠎ᠡ ᠳ᠋ᠦᠩ᠎ᠳᠤ ᠤᠴᠠᠷᠠᠭᠤᠯᠤᠭᠰᠠᠨ ᠪᠣᠯ᠂ ᠪᠠᠶ᠋ᠢᠳᠠᠯ ᠪᠣᠯᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠤᠭᠴᠢ ᠪᠣᠯᠤᠨ ᠰᠢᠭᠤᠳ ᠬᠠᠷᠢᠭᠤᠴᠠᠯᠭ᠋ᠠᠲᠠᠨ᠎ᠳᠤ ᠵᠠᠰᠠᠭ ᠵᠠᠬᠢᠷᠭ᠋ᠠᠨ᠎ᠤ ᠰᠢᠳᠬᠡᠯ ᠥᠭᠬᠦ ᠬᠡᠷᠡᠭᠲᠡᠶ; ᠶᠠᠯ᠎ᠠ᠎ᠳᠤ ᠬᠦᠷᠦᠭᠰᠡᠨ ᠰᠡᠵᠢᠭᠯᠡᠯᠲᠡᠶ ᠪᠣᠯ᠂ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ᠃     

      ᠲᠠᠪᠤᠳᠤᠭ᠋ᠠᠷ ᠪᠦᠯᠦᠭ   ᠳᠠᠭ᠋ᠠᠯᠳᠤᠭᠤᠯᠤᠯ ᠳᠦᠷᠢᠮ
      ᠬᠤᠷᠢᠨ ᠳᠣᠯᠣᠳᠤᠭ᠋ᠠᠷ ᠵᠦᠢ᠍ᠯ
  ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
   
                                   (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

ᠢᠷᠡᠯᠲᠡ᠄ ᠥᠪᠥᠷ ᠮᠣᠩᠭᠤᠯ᠎ᠤᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ