ᠢᠯᠡ ᠵᠠᠰᠠᠭ   -   ᠪᠢᠴᠢᠭ ᠮᠠᠲ᠋ᠧᠷᠢᠶᠠᠯ
ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠵᠢᠨ ᠬᠡᠪᠴᠢᠶᠡᠨ᠎ᠳᠤ ᠡᠷᠦᠭᠡ ᠠᠮᠠ᠎ᠪᠠᠨ ᠴᠢᠯᠦᠭᠡᠲᠡᠢ ᠰᠢᠯᠵᠢᠬᠦᠯᠵᠤ ᠪᠤᠯᠤᠨ᠎ᠠ
ᠨᠡᠶ᠋ᠢᠲᠡᠯᠡᠭᠰᠡᠨ ᠴᠠᠭ᠄ 2019-02-08

          ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠵᠢᠨ ᠬᠡᠪᠴᠢᠶᠡᠨ᠎ᠳᠤ

          ᠡᠷᠦᠭᠡ ᠠᠮᠠ᠎ᠪᠠᠨ ᠴᠢᠯᠦᠭᠡᠲᠡᠢ ᠰᠢᠯᠵᠢᠬᠦᠯᠵᠤ ᠪᠤᠯᠤᠨ᠎ᠠ

     

      ᠤᠢ᠍ᠢ᠍ᠷ᠎ᠠ᠎ᠳᠤ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠡᠭᠬᠢᠮ᠎ᠠᠴᠠ 《ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠡᠭᠬᠢᠮ᠎ᠤᠨ ᠬᠤᠳᠠ ᠪᠠᠯᠭ᠋ᠠᠰᠤᠨ᠎ᠳᠤ ᠡᠷᠦᠭᠡ ᠠᠮᠠ ᠤᠷᠤᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠳᠠᠢ ᠪᠤᠯᠭ᠋ᠠᠵᠤ ᠡᠷᠦᠭᠡ ᠠᠮᠠ ᠵᠢᠨ ᠲᠦᠷᠢᠮ᠎ᠤᠨ ᠦᠭᠡᠷᠡᠴᠢᠯᠡᠯᠳᠡ ᠵᠢ ᠬᠦᠨᠵᠡᠭᠡᠢ᠍ᠢ᠍ᠷᠡᠬᠦᠯᠬᠦ ᠲᠤᠬᠠᠢ ᠬᠡᠷᠡᠭᠵᠢᠬᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ[2019]2 ᠳ᠋ᠤᠭ᠋ᠠᠷ ᠨᠣᠮᠧᠷᠲᠤ)᠎ᠢ ᠨᠡᠢ᠍ᠢ᠍ᠳᠡᠯᠡᠵᠤ᠂ ᠲᠤᠰ 《ᠰᠠᠨᠠᠯ》᠎ᠤᠨ 《ᠬᠣᠶᠠᠷ᠂ ᠡᠷᠦᠬᠡ ᠠᠮᠠ ᠰᠢᠯᠵᠢᠭᠦᠯᠬᠦ ᠲᠥᠷᠥ ᠵᠢᠨ ᠪᠣᠳᠣᠯᠭ᠎ᠠ᠎ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠬᠤᠳᠠ ᠪᠠᠯᠭ᠋ᠠᠰᠤᠨ᠎ᠤ ᠡᠷᠦᠬᠡ ᠠᠮᠠ ᠣᠷᠣᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠥᠭᠡᠲᠡᠢ ᠪᠣᠯᠭ᠋ᠠᠨ᠎ᠠ》 ᠭᠡᠬᠦ ᠬᠡᠰᠡᠭ᠎ᠲᠤ᠂ ᠬᠦᠬᠡᠬᠤᠳᠠ ᠪᠤᠭᠤᠳᠤ ᠤᠷᠳᠤᠰ ᠭᠤᠷᠪᠠᠨ ᠬᠤᠳᠠ ᠵᠢᠨ ᠬᠡᠪᠴᠢᠶᠡᠨ᠎ᠳᠤ ᠡᠷᠦᠭᠡ ᠠᠮᠠ ᠵᠢ   ᠴᠢᠯᠦᠭᠡᠲᠡᠢ ᠰᠢᠯᠵᠢᠭᠦᠯᠬᠦ ᠳᠦᠷᠢᠮ᠎ᠢ ᠬᠡᠷᠡᠭᠵᠢᠬᠦᠯᠬᠦ ᠲᠤᠬᠠᠢ ᠳᠤᠷᠠᠳᠴᠠᠢ᠂ ᠪᠣᠳᠠᠲᠠᠢ ᠠᠭᠤᠯᠭ᠎ᠠ᠎ᠨᠢ ᠳᠣᠣᠷᠠᠬᠢ ᠮᠡᠲᠦ᠄    
    ᠨᠢᠭᠡ᠂ ᠮᠠᠯᠵᠢᠬᠤ ᠲᠠᠷᠢᠶᠠᠯᠠᠬᠤ ᠤᠷᠤᠨ᠎ᠠᠴᠠ ᠰᠢᠯᠵᠢᠭᠰᠡᠨ ᠬᠦᠮᠦᠨ ᠠᠮᠠ ᠰᠠᠭᠤᠭ᠎ᠠ ᠭᠠᠵᠠᠷ ᠪᠤᠶᠤ ᠠᠵᠢᠯᠯᠠᠵᠤ ᠪᠠᠢ᠍ᠢ᠍ᠭ᠎ᠠ ᠭᠠᠵᠠᠷ᠎ᠲᠤ ᠡᠷᠦᠭᠡ ᠠᠮᠠ ᠤᠷᠤᠵᠤ ᠪᠤᠯᠤᠨ᠎ᠠ᠃
      ᠬᠤᠳᠠ᠂ ᠪᠠᠢ᠍ᠢ᠍ᠭᠤᠯᠤᠮᠵᠢᠳᠤ ᠪᠠᠯᠭ᠋ᠠᠰᠤᠨ᠎ᠳᠤ ᠠᠮᠢᠳᠤᠷᠠᠨ ᠰᠠᠭᠤᠷᠢᠰᠢᠵᠤ ᠪᠠᠢ᠍ᠢ᠍ᠭ᠎ᠠ ᠮᠠᠯᠵᠢᠬᠤ ᠲᠠᠷᠢᠶᠠᠯᠠᠬᠤ ᠤᠷᠤᠨ᠎ᠤ   ᠡᠷᠦᠭᠡ   ᠠᠮᠠ ᠎ᠲᠠᠢ   ᠰᠠᠭᠤᠭ᠋ᠠᠯᠢ   ᠠᠷᠠᠳ   ᠬᠠᠤᠯᠢ   ᠶᠤᠰᠤᠨ ᠎ᠤ   ᠲᠤᠭᠳᠠᠪᠤᠷᠢᠳᠠᠢ   ᠤᠷᠤᠨ ᠰᠠᠭᠤᠴᠠ (ᠲᠦᠷᠢᠶᠡᠰᠦᠯᠡᠭᠰᠡᠨ ᠤᠷᠤᠨ ᠰᠠᠭᠤᠴᠠ ᠪᠠᠭᠳᠠᠨ᠎ᠠ)᠎ᠲᠠᠢ ᠪᠣᠯ ᠬᠤᠳᠠ ᠪᠠᠯᠭ᠋ᠠᠰᠤᠨ᠎ᠤ ᠡᠷᠦᠭᠡ ᠠᠮᠠ ᠲᠠᠡᠭᠰᠠᠯᠠᠭᠤᠯᠬᠤ᠎ᠪᠠᠷ ᠭᠤᠶᠤᠴᠢᠯᠠᠵᠤ ᠪᠤᠯᠤᠨ᠎ᠠ᠂ ᠬᠠᠤᠯᠢ ᠶᠤᠰᠤᠨ᠎ᠤ ᠲᠤᠭᠳᠠᠪᠤᠷᠢᠳᠠᠢ ᠠᠵᠢᠯ᠎ᠲᠠᠢ   ᠪᠣᠯ ᠮᠦᠨ ᠴᠤ᠌ ᠬᠤᠳᠠ ᠪᠠᠯᠭ᠋ᠠᠰᠤᠨ᠎ᠤ ᠡᠷᠦᠭᠡ ᠠᠮᠠ ᠲᠠᠡᠭᠰᠠᠯᠠᠭᠤᠯᠬᠤ᠎ᠪᠠᠷ ᠭᠤᠶᠤᠴᠢᠯᠠᠵᠤ ᠪᠤᠯᠤᠨ᠎ᠠ᠃ ᠮᠠᠯᠵᠢᠬᠤ ᠲᠠᠷᠢᠶᠠᠯᠠᠬᠤ ᠤᠷᠤᠨ᠎ᠤ ᠡᠷᠦᠭᠡ ᠠᠮᠠ᠎ᠲᠠᠢ ᠰᠠᠭᠤᠭ᠋ᠠᠯᠢ ᠠᠷᠠᠳ ᠦᠪᠡᠷᠳᠡᠭᠡᠨ ᠵᠠᠰᠠᠬᠤ ᠤᠷᠤᠨ᠎ᠤ ᠲᠤᠳᠤᠷᠠᠬᠢ ᠬᠤᠳᠠ᠂   ᠪᠠᠯᠭ᠋ᠠᠰᠤᠨ᠎ᠳᠤ ᠬᠠᠤᠯᠢ ᠶᠤᠰᠤᠨ᠎ᠤ ᠲᠤᠭᠳᠠᠪᠤᠷᠢᠳᠠᠢ ᠤᠷᠤᠨ ᠰᠠᠭᠤᠴᠠ ᠪᠤᠶᠤ ᠬᠠᠤᠯᠢ ᠶᠤᠰᠤᠨ᠎ᠤ ᠲᠤᠭᠳᠠᠪᠤᠷᠢᠳᠠᠢ ᠠᠵᠢᠯ᠎ᠲᠠᠢ ᠪᠠᠢ᠍ᠢ᠍ᠪᠠᠯ ᠲᠤᠰ ᠬᠦᠮᠦᠨ ᠪᠤᠯᠤᠨ ᠲᠡᠬᠦᠨ᠎ᠤ ᠬᠤᠯᠪᠤᠰᠤ᠂ ᠦᠷ᠎ᠠ ᠭᠡᠤᠭᠡᠳ᠂ ᠤᠮᠪᠤᠯᠤ ᠭᠡᠤᠭᠡᠳ (ᠵᠢᠭᠡ ᠤᠮᠪᠤᠯᠤ ᠬᠡᠤᠭᠡᠳ) ᠪᠠ ᠡᠷ᠎ᠠ ᠡᠮ᠎ᠠ ᠬᠤᠶᠠᠭᠤᠯᠠ ᠵᠢᠨ ᠠᠪᠤ ᠡᠵᠢ᠎ᠨᠢ ᠰᠠᠭᠤᠷᠢᠰᠢᠵᠤ ᠪᠠᠢ᠍ᠢ᠍ᠭ᠎ᠠ ᠭᠠᠵᠠᠷ ᠪᠤᠶᠤ ᠠᠵᠢᠯ ᠤᠯᠤᠭᠰᠠᠨ ᠭᠠᠵᠠᠷ᠎ᠲᠤ ᠪᠠᠢ᠍ᠢ᠍ᠡᠭᠭᠤ ᠰᠠᠭᠤᠬᠤ ᠡᠷᠦᠭᠡ ᠠᠮᠠ ᠲᠠᠡᠭᠰᠠᠯᠠᠭᠤᠯᠬᠤ᠎ᠪᠠᠷ ᠭᠤᠶᠤᠴᠢᠯᠠᠵᠤ ᠪᠤᠯᠤᠨ᠎ᠠ᠂ ᠬᠤᠳᠠ ᠪᠠᠯᠭ᠋ᠠᠰᠤᠨ᠎ᠤ ᠨᠡᠢ᠍ᠢ᠍ᠬᠡᠮ᠎ᠤᠨ ᠲᠠᠭ᠋ᠠᠳᠬᠠᠯ᠎ᠳᠤ ᠤᠷᠤᠯᠴᠠᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ ᠨᠦᠬᠦᠴᠡᠯ᠎ᠳᠤ ᠬᠢᠵᠠᠭ᠋ᠠᠷᠯᠠᠭᠳᠠᠬᠤ ᠦᠭᠡᠢ᠃    
    ᠬᠤᠶᠠᠷ᠂ ᠮᠠᠯᠵᠢᠬᠤ ᠲᠠᠷᠢᠶᠠᠯᠠᠬᠤ ᠤᠷᠤᠨ᠎ᠤ ᠰᠤᠷᠤᠭᠴᠢᠳ ᠰᠤᠷᠭ᠋ᠠᠭᠤᠯᠢ ᠲᠡᠪᠰᠢᠬᠦ ᠪᠠ ᠴᠡᠷᠢᠭ᠎ᠲᠤ ᠣᠷᠣᠬᠤ ᠦᠶ᠎ᠡ ᠵᠢᠨ ᠬᠤᠳᠠ ᠪᠠᠯᠭ᠋ᠠᠰᠤᠨ᠎ᠳᠤ ᠡᠷᠦᠭᠡ ᠠᠮᠠ ᠤᠷᠤᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠳᠠᠢ ᠪᠤᠯᠭ᠋ᠠᠨ᠎ᠠ᠃
     1. ᠦᠪᠡᠷᠳᠡᠭᠡᠨ ᠵᠠᠰᠠᠬᠤ ᠤᠷᠤᠨ᠎ᠤ ᠲᠡᠭᠡᠳᠤ ᠵᠡᠷᠭᠡ ᠵᠢᠨ ᠪᠠ ᠲᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠳᠤ ᠰᠢᠯᠭ᠋ᠠᠭᠤᠯᠤᠨ ᠤᠷᠤᠵᠤ ᠰᠤᠷᠤᠯᠴᠠᠵᠤ ᠪᠠᠢ᠍ᠢ᠍ᠭ᠎ᠠ ᠮᠠᠯᠵᠢᠬᠤ ᠲᠠᠷᠢᠶᠠᠯᠠᠬᠤ ᠤᠷᠤᠨ᠎ᠤ ᠰᠤᠷᠤᠭᠴᠢ ᠲᠤᠰ ᠬᠦᠮᠦᠨ᠎ᠤ ᠬᠦᠰᠡᠯ ᠰᠠᠨᠠᠯ ᠵᠶ᠋ᠠᠷ ᠰᠤᠷᠭ᠋ᠠᠭᠤᠯᠢ᠎ᠳᠤ ᠤᠷᠤᠬᠤ ᠦᠶᠡᠰ ᠪᠤᠶᠤ ᠰᠤᠷᠭ᠋ᠠᠭᠤᠯᠢ᠎ᠳᠤ ᠰᠤᠷᠤᠯᠴᠠᠬᠤ ᠬᠤᠭᠤᠴᠠᠭ᠋ᠠᠨ᠎ᠳᠤ ᠡᠷᠦᠭᠡ ᠠᠮᠠ᠎ᠪᠠᠨ ᠰᠤᠷᠤᠯᠴᠠᠵᠤ ᠪᠠᠢ᠍ᠢ᠍ᠭ᠎ᠠ ᠰᠤᠷᠭ᠋ᠠᠭᠤᠯᠢ ᠵᠢᠨ ᠨᠡᠢ᠍ᠢ᠍ᠳᠡ ᠵᠢᠨ ᠡᠷᠦᠭᠡ ᠠᠮᠠ᠎ᠳᠤ ᠰᠢᠯᠵᠢᠬᠦᠯᠦᠨ ᠤᠷᠤᠭᠤᠯᠵᠤ ᠪᠤᠯᠤᠨ᠎ᠠ᠃ ᠰᠤᠷᠭ᠋ᠠᠭᠤᠯᠢ᠎ᠠᠴᠠ ᠲᠡᠭᠦᠰᠦᠭᠰᠡᠨ᠎ᠤ ᠬᠤᠢ᠍ᠢ᠍ᠨ᠎ᠠ ᠪᠤᠳᠠᠳᠠᠢ ᠪᠠᠢ᠍ᠢ᠍ᠳᠠᠯ ᠵᠶ᠋ᠠᠨ ᠦᠨᠳᠤᠰᠤᠯᠡᠨ ᠡᠷᠦᠭᠡ ᠠᠮᠠ᠎ᠪᠠᠨ ᠪᠠᠢ᠍ᠢ᠍ᠡᠭᠭᠤ ᠰᠠᠭᠤᠷᠢᠰᠢᠵᠤ ᠪᠠᠢ᠍ᠢ᠍ᠭ᠎ᠠ ᠭᠠᠵᠠᠷ᠂ ᠠᠵᠢᠯ ᠤᠯᠤᠭᠰᠠᠨ (ᠦᠢ᠍ᠯᠡᠰ ᠪᠦᠳᠦᠭᠡᠭᠰᠡᠨ) ᠭᠠᠵᠠᠷ ᠪᠤᠶᠤ ᠰᠤᠷᠭ᠋ᠠᠭᠤᠯᠢ᠎ᠳᠤ ᠤᠷᠤᠬᠤ᠎ᠠᠴᠠ ᠡᠮᠦᠨᠡᠬᠢ ᠭᠠᠵᠠᠷ᠎ᠲᠤ ᠰᠢᠯᠵᠢᠬᠦᠯᠵᠤ ᠪᠤᠯᠤᠨ᠎ᠠ᠃    
     2. ᠴᠡᠷᠢᠭ᠎ᠠᠴᠠ ᠬᠠᠯᠠᠭᠳᠠᠭᠰᠠᠨ ᠮᠠᠯᠵᠢᠬᠤ ᠲᠠᠷᠢᠶᠠᠯᠠᠬᠤ ᠤᠷᠤᠨ᠎ᠤ ᠡᠷᠦᠭᠡ ᠠᠮᠠ᠎ᠲᠠᠢ ᠠᠯᠪᠠᠨ ᠵᠢᠷᠤᠮ᠎ᠤᠨ ᠴᠡᠷᠢᠭ ᠪᠠ ᠪᠠᠭ᠎ᠠ ᠤᠹᠢᠼᠸᠷ ᠲᠤᠰ ᠬᠦᠮᠦᠨ᠎ᠤ ᠬᠦᠰᠡᠯ ᠰᠠᠨᠠᠯ ᠵᠶ᠋ᠠᠷ ᠪᠠᠢ᠍ᠢ᠍ᠡᠭᠭᠤ ᠰᠠᠭᠤᠷᠢᠰᠢᠵᠤ ᠪᠠᠢ᠍ᠢ᠍ᠭ᠎ᠠ ᠭᠠᠵᠠᠷ᠎ᠲᠤ ᠡᠷᠦᠭᠡ ᠠᠮᠠ ᠲᠠᠡᠭᠰᠠᠯᠠᠭᠤᠯᠬᠤ ᠵᠠᠷᠴᠢᠮ ᠶᠤᠰᠤᠭ᠋ᠠᠷ ᠤᠳᠤ ᠵᠢᠨ ᠠᠮᠢᠳᠤᠷᠠᠨ ᠰᠠᠭᠤᠷᠢᠰᠢᠵᠤ ᠪᠠᠢ᠍ᠢ᠍ᠭ᠎ᠠ ᠬᠤᠳᠠ᠂ ᠪᠠᠢ᠍ᠢ᠍ᠭᠤᠯᠤᠮᠵᠢᠳᠤ ᠪᠠᠯᠭ᠋ᠠᠰᠤᠨ᠎ᠳᠤ ᠡᠷᠦᠭᠡ ᠠᠮᠠ ᠤᠷᠤᠬᠤ᠎ᠪᠠᠷ ᠭᠤᠶᠤᠴᠢᠯᠠᠵᠤ ᠪᠤᠯᠤᠨ᠎ᠠ᠂ ᠬᠠᠤᠯᠢ ᠶᠤᠰᠤᠨ᠎ᠤ ᠲᠤᠭᠳᠠᠪᠤᠷᠢᠳᠠᠢ ᠤᠷᠤᠨ ᠰᠠᠭᠤᠴᠠ᠎ᠲᠠᠢ ᠪᠠᠢ᠍ᠢ᠍ᠬᠤ ᠡᠰᠡᠬᠦ᠂ ᠬᠠᠤᠯᠢ ᠶᠤᠰᠤᠨ᠎ᠤ ᠲᠤᠭᠳᠠᠪᠤᠷᠢᠳᠠᠢ ᠠᠵᠢᠯ᠎ᠲᠠᠢ ᠪᠠᠢ᠍ᠢ᠍ᠬᠤ ᠡᠰᠡᠬᠦ᠂ ᠬᠤᠳᠠ ᠪᠠᠯᠭ᠋ᠠᠰᠤᠨ᠎ᠤ ᠨᠡᠢ᠍ᠢ᠍ᠬᠡᠮ᠎ᠤᠨ ᠲᠠᠭ᠋ᠠᠳᠬᠠᠯ᠎ᠳᠤ ᠤᠷᠤᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ ᠨᠦᠬᠦᠴᠡᠯ᠎ᠳᠤ ᠬᠢᠵᠠᠭ᠋ᠠᠷᠯᠠᠭᠳᠠᠬᠤ ᠦᠭᠡᠢ᠃    
    ᠭᠤᠷᠪᠠ᠂ ᠶᠡᠬᠡ ᠲᠡᠭᠡᠳᠤ ᠰᠤᠷᠭ᠋ᠠᠭᠤᠯᠢ ᠲᠡᠬᠦᠰᠦᠭᠰᠡᠨ ᠰᠤᠷᠤᠭᠴᠢ᠂ ᠮᠡᠷᠭᠡᠵᠢᠯ᠎ᠤᠨ ᠠᠵᠢᠯᠳᠠᠨ᠂ ᠠᠵᠢᠯ ᠮᠡᠷᠭᠡᠵᠢᠯ᠎ᠤᠨ ᠰᠤᠷᠭ᠋ᠠᠭᠤᠯᠢ᠎ᠠᠴᠠ ᠲᠡᠭᠦᠰᠦᠭᠰᠡᠨ ᠰᠤᠷᠤᠭᠴᠢ᠂ ᠭᠠᠳᠠᠭ᠋ᠠᠳᠤ᠎ᠳᠤ ᠰᠤᠷᠤᠯᠴᠠᠭ᠋ᠠᠳ ᠪᠤᠴᠠᠵᠤ ᠢᠷᠡᠭᠰᠡᠨ ᠰᠤᠷᠤᠭᠴᠢ ᠵᠢᠨ ᠡᠷᠦᠭᠡ ᠠᠮᠠ ᠤᠷᠤᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠳᠠᠢ ᠪᠤᠯᠭ᠋ᠠᠨ᠎ᠠ᠃
      ᠤᠯᠤᠰ᠎ᠠᠴᠠ ᠵᠦᠪᠰᠢᠶᠡᠷᠡᠭᠰᠡᠨ ᠲᠡᠭᠡᠳᠤ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠠᠴᠠ ᠲᠡᠭᠡᠭᠰᠢᠬᠢ ᠰᠤᠷᠤᠯᠭ᠎ᠠ ᠵᠢᠨ ᠨᠠᠮᠳᠠᠷ᠎ᠲᠠᠢ ᠲᠡᠭᠡᠳᠤ ᠰᠤᠷᠭ᠋ᠠᠭᠤᠯᠢ ᠲᠡᠬᠦᠰᠦᠭᠰᠡᠨ ᠰᠤᠷᠤᠭᠴᠢ᠂ ᠲᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠠᠴᠠ ᠲᠡᠬᠦᠰᠦᠰᠡᠨ ᠰᠤᠷᠤᠭᠴᠢ᠂ ᠮᠡᠷᠭᠡᠵᠢᠯ᠎ᠤᠨ ᠵᠡᠷᠭᠡ ᠲᠡᠰ᠎ᠤᠨ ᠦᠨᠡᠮᠯᠡᠯ᠎ᠲᠠᠢ ᠪᠤᠶᠤ ᠠᠵᠢᠯ ᠮᠡᠷᠭᠡᠵᠢᠯ᠎ᠤᠨ ᠬᠢᠷᠢ ᠭᠡᠮ᠎ᠤᠨ ᠦᠨᠡᠮᠯᠡᠯ᠎ᠲᠠᠢ ᠠᠵᠢᠯᠳᠠᠨ ᠵᠢᠴᠢ ᠠᠵᠤ ᠠᠬᠤᠢ᠍ᠢ᠍ᠯᠠᠯ ᠠᠵᠤ ᠦᠢ᠍ᠯᠡᠰ᠎ᠤᠨ ᠨᠢᠭᠡᠴᠢ᠎ᠳᠤ ᠬᠡᠷᠡᠭᠴᠡᠭᠡ᠎ᠲᠠᠢ ᠮᠡᠷᠭᠡᠵᠢᠯ᠎ᠤᠨ ᠠᠵᠢᠯᠳᠠᠨ᠂ ᠭᠠᠳᠠᠭ᠋ᠠᠳᠤ᠎ᠳᠤ ᠰᠤᠷᠤᠯᠴᠠᠭ᠋ᠠᠳ ᠪᠤᠴᠠᠵᠤ ᠢᠷᠡᠭᠰᠡᠨ ᠰᠤᠷᠤᠭᠴᠢ ᠲᠤᠰ ᠬᠦᠮᠦᠨ᠎ᠤ ᠬᠦᠰᠡᠯ ᠰᠠᠨᠠᠯ ᠵᠶ᠋ᠠᠷ ᠪᠠᠢ᠍ᠢ᠍ᠡᠭᠭᠤ ᠰᠠᠭᠤᠷᠢᠰᠢᠵᠤ ᠪᠠᠢ᠍ᠢ᠍ᠭ᠎ᠠ ᠭᠠᠵᠠᠷ᠎ᠲᠤ ᠡᠷᠦᠭᠡ ᠠᠮᠠ ᠲᠠᠡᠭᠰᠠᠯᠠᠭᠤᠯᠬᠤ ᠵᠠᠷᠴᠢᠮ ᠶᠤᠰᠤᠭ᠋ᠠᠷ ᠮᠠᠨ᠎ᠤ ᠤᠷᠤᠨ᠎ᠤ ᠶᠡᠭᠡ ᠲᠤᠮᠳᠠ ᠪᠠᠭ᠎ᠠ ᠬᠤᠳᠠ᠂ ᠪᠠᠢ᠍ᠢ᠍ᠭᠤᠯᠤᠮᠵᠢᠳᠤ ᠪᠠᠯᠭ᠋ᠠᠰᠤᠨ᠎ᠳᠤ ᠡᠷᠦᠭᠡ ᠠᠮᠠ ᠤᠷᠤᠬᠤ᠎ᠳᠤ ᠬᠠᠤᠯᠢ ᠶᠤᠰᠤᠨ᠎ᠤ ᠲᠤᠭᠳᠠᠪᠤᠷᠢᠳᠠᠢ ᠤᠷᠤᠨ ᠰᠠᠭᠤᠴᠠ᠎ᠲᠠᠢ ᠪᠠᠢ᠍ᠢ᠍ᠬᠤ ᠡᠰᠡᠬᠦ᠂ ᠬᠠᠤᠯᠢ ᠶᠤᠰᠤᠨ᠎ᠤ ᠲᠤᠭᠳᠠᠪᠤᠷᠢᠳᠠᠢ ᠠᠵᠢᠯ᠎ᠲᠠᠢ ᠪᠠᠢ᠍ᠢ᠍ᠬᠤ ᠡᠰᠡᠬᠦ᠂ ᠬᠤᠳᠠ ᠪᠠᠯᠭ᠋ᠠᠰᠤᠨ᠎ᠤ ᠨᠡᠢ᠍ᠢ᠍ᠬᠡᠮ᠎ᠤᠨ ᠲᠠᠭ᠋ᠠᠳᠬᠠᠯ᠎ᠳᠤ ᠤᠷᠤᠯᠴᠠᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ ᠨᠦᠬᠦᠴᠡᠯ᠎ᠳᠤ ᠬᠢᠵᠠᠭ᠋ᠠᠷᠯᠠᠭᠳᠠᠬᠤ ᠦᠭᠡᠢ᠃
      ᠲᠦᠷᠪᠡ᠂ ᠪᠤᠰᠤᠳ ᠪᠠᠢ᠍ᠢ᠍ᠡᠭᠭᠤ ᠰᠠᠭᠤᠷᠢᠰᠢᠵᠤ ᠪᠠᠢ᠍ᠢ᠍ᠭ᠎ᠠ ᠬᠦᠮᠦᠨ ᠠᠮᠠ ᠵᠢᠨ ᠬᠤᠳᠠ ᠪᠠᠯᠭ᠋ᠠᠰᠤᠨ᠎ᠳᠤ ᠡᠷᠦᠭᠡ ᠠᠮᠠ ᠤᠷᠤᠬᠤ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠢᠯᠦᠭᠡᠳᠠᠢ ᠪᠤᠯᠭ᠋ᠠᠨ᠎ᠠ᠃
ᠠᠳᠠᠯᠢ ᠨᠢᠭᠡ ᠬᠤᠳᠠ᠂ ᠪᠠᠢ᠍ᠢ᠍ᠭᠤᠯᠤᠮᠵᠢᠳᠤ ᠪᠠᠯᠭ᠋ᠠᠰᠤᠨ᠎ᠳᠤ ᠦᠷᠬᠦᠯᠵᠢᠯᠡᠨ 6 ᠰᠠᠷ᠎ᠠ᠎ᠠᠴᠠ ᠲᠡᠭᠡᠭᠰᠢ ᠰᠠᠭᠤᠭᠰᠠᠨ ᠮᠠᠯᠵᠢᠬᠤ ᠲᠠᠷᠢᠶᠠᠯᠠᠬᠤ ᠤᠷᠤᠨ᠎ᠤ ᠡᠷᠦᠭᠡ ᠠᠮᠠ᠎ᠲᠠᠢ ᠬᠦᠮᠦᠨ ᠠᠮᠠ ᠪᠠ ᠪᠤᠰᠤᠳ ᠪᠠᠢ᠍ᠢ᠍ᠡᠭᠭᠤ ᠰᠠᠭᠤᠷᠢᠰᠢᠵᠤ ᠪᠠᠢ᠍ᠢ᠍ᠭ᠎ᠠ ᠬᠦᠮᠦᠨ ᠠᠮᠠ ᠲᠤᠰ ᠬᠦᠮᠦᠨ᠎ᠤ ᠬᠦᠰᠡᠯ ᠰᠠᠨᠠᠯ ᠵᠶ᠋ᠠᠷ ᠪᠠᠢ᠍ᠢ᠍ᠡᠭᠭᠤ ᠰᠠᠭᠤᠷᠢᠰᠢᠵᠤ ᠪᠠᠢ᠍ᠢ᠍ᠭ᠎ᠠ ᠭᠠᠵᠠᠷ᠎ᠲᠤ ᠡᠷᠦᠭᠡ ᠠᠮᠠ ᠲᠠᠡᠭᠰᠠᠯᠠᠭᠤᠯᠬᠤ ᠵᠠᠷᠴᠢᠮ ᠶᠤᠰᠤᠭ᠋ᠠᠷ ᠲᠤᠰ ᠬᠦᠮᠦᠨ ᠪᠤᠯᠤᠨ ᠲᠡᠬᠦᠨ᠎ᠤ ᠬᠤᠯᠪᠤᠰᠤ᠂ ᠦᠷ᠎ᠠ ᠭᠡᠤᠭᠡᠳ ᠪᠠ ᠡᠷ᠎ᠠ ᠡᠮ᠎ᠠ ᠬᠤᠶᠠᠭᠤᠯᠠ ᠵᠢᠨ ᠠᠪᠤ ᠡᠵᠢ᠎ᠨᠢ ᠤᠳᠤ ᠵᠢᠨ ᠪᠤᠳᠠᠳᠠᠢ ᠠᠮᠢᠳᠤᠷᠠᠨ ᠰᠠᠭᠤᠷᠢᠰᠢᠵᠤ ᠪᠠᠢ᠍ᠢ᠍ᠭ᠎ᠠ ᠬᠤᠳᠠ᠂ ᠪᠠᠢ᠍ᠢ᠍ᠭᠤᠯᠤᠮᠵᠢᠳᠤ ᠪᠠᠯᠭ᠋ᠠᠰᠤᠨ᠎ᠳᠤ ᠡᠷᠦᠭᠡ ᠠᠮᠠ ᠤᠷᠤᠬᠤ᠎ᠪᠠᠷ ᠭᠤᠶᠤᠴᠢᠯᠠᠵᠤ ᠪᠤᠯᠤᠨ᠎ᠠ᠂ ᠬᠠᠤᠯᠢ ᠶᠤᠰᠤᠨ᠎ᠤ ᠲᠤᠭᠳᠠᠪᠤᠷᠢᠳᠠᠢ ᠤᠷᠤᠨ ᠰᠠᠭᠤᠴᠠ᠎ᠲᠠᠢ ᠪᠠᠢ᠍ᠢ᠍ᠬᠤ ᠡᠰᠡᠬᠦ᠂ ᠬᠠᠤᠯᠢ ᠶᠤᠰᠤᠨ᠎ᠤ ᠲᠤᠭᠳᠠᠪᠤᠷᠢᠳᠠᠢ ᠠᠵᠢᠯ᠎ᠲᠠᠢ ᠪᠠᠢ᠍ᠢ᠍ᠬᠤ ᠡᠰᠡᠬᠦ᠂ ᠬᠤᠳᠠ ᠪᠠᠯᠭ᠋ᠠᠰᠤᠨ᠎ᠤ ᠨᠡᠢ᠍ᠢ᠍ᠬᠡᠮ᠎ᠤᠨ ᠲᠠᠭ᠋ᠠᠳᠬᠠᠯ᠎ᠳᠤ ᠤᠷᠤᠯᠴᠠᠭᠰᠠᠨ ᠡᠰᠡᠬᠦ ᠵᠡᠷᠭᠡ ᠪᠤᠰᠤᠳ ᠨᠦᠬᠦᠴᠡᠯ᠎ᠳᠤ ᠬᠢᠵᠠᠭ᠋ᠠᠷᠯᠠᠭᠳᠠᠬᠤ ᠦᠭᠡᠢ᠃    
      ᠲᠠᠪᠤ᠂ ᠲᠦᠰᠢᠭ ᠡᠷᠢᠵᠤ ᠡᠷᠦᠭᠡ ᠠᠮᠠ ᠤᠷᠤᠬᠤ ᠨᠦᠬᠦᠴᠡᠯ᠎ᠢ ᠴᠢᠯᠦᠭᠡᠳᠠᠢ ᠪᠤᠯᠭ᠋ᠠᠨ᠎ᠠ᠃
      ᠲᠤᠭᠤᠷᠢᠭ ᠪᠠᠢ᠍ᠢ᠍ᠭᠤᠯᠤᠭᠰᠠᠨ ᠬᠤᠳᠠ ᠵᠢᠨ ᠲᠤᠭᠤᠷᠢᠭ᠂ ᠰᠢᠶᠡᠨ᠎ᠤ ᠲᠡᠰ᠎ᠤᠨ ᠬᠤᠳᠠ ᠵᠢᠨ ᠲᠤᠭᠤᠷᠢᠭ᠂ ᠬᠤᠰᠢᠭᠤ ᠰᠢᠶᠡᠨ᠎ᠤ ᠵᠠᠰᠠᠭ᠎ᠤᠨ ᠤᠷᠳᠤᠨ᠎ᠤ ᠪᠠᠢ᠍ᠢ᠍ᠭ᠎ᠠ ᠪᠠᠯᠭ᠋ᠠᠰᠤ ᠵᠢᠴᠢ ᠪᠤᠰᠤᠳ ᠪᠠᠢ᠍ᠢ᠍ᠭᠤᠯᠤᠮᠵᠢᠳᠤ ᠪᠠᠯᠭ᠋ᠠᠰᠤᠨ᠎ᠤ ᠡᠷᠦᠭᠡ ᠠᠮᠠ᠎ᠲᠠᠢ ᠰᠠᠭᠤᠭ᠋ᠠᠯᠢ ᠠᠷᠠᠳ᠎ᠤᠨ ᠬᠤᠯᠪᠤᠰᠤ᠂ ᠦᠷ᠎ᠠ ᠭᠡᠤᠭᠡᠳ ᠪᠠ ᠡᠷ᠎ᠠ ᠡᠮ᠎ᠠ ᠬᠤᠶᠠᠭᠤᠯᠠ ᠵᠢᠨ ᠠᠪᠤ ᠡᠵᠢ᠎ᠨᠢ ᠲᠦᠰᠢᠭ ᠡᠷᠢᠵᠤ ᠡᠷᠦᠭᠡ ᠠᠮᠠ ᠤᠷᠤᠬᠤ ᠵᠢ ᠭᠤᠶᠤᠴᠢᠯᠠᠵᠤ ᠪᠤᠯᠤᠨ᠎ᠠ᠂ ᠲᠦᠰᠢᠭ ᠪᠤᠯᠤᠭᠰᠠᠨ ᠬᠦᠮᠦᠨ᠎ᠤ ᠨᠠᠰᠤ᠂ ᠤᠷᠤᠭᠯᠠᠭᠰᠠᠨ ᠡᠰᠡᠬᠦ᠂ ᠬᠤᠳᠠ ᠪᠠᠯᠭ᠋ᠠᠰᠤᠨ᠎ᠤ ᠨᠡᠢ᠍ᠢ᠍ᠬᠡᠮ᠎ᠤᠨ ᠲᠠᠭ᠋ᠠᠳᠬᠠᠯ᠎ᠳᠤ ᠤᠷᠤᠯᠴᠠᠭᠰᠠᠨ ᠡᠰᠡᠬᠦ ᠪᠠ ᠤᠷᠤᠨ ᠰᠠᠭᠤᠴᠠ ᠵᠢᠨ ᠲᠠᠯᠠᠪᠠᠢ ᠵᠡᠷᠭᠡ ᠪᠤᠰᠤᠳ ᠨᠦᠬᠦᠴᠡᠯ᠎ᠳᠤ ᠬᠢᠵᠠᠭ᠋ᠠᠷᠯᠠᠭᠳᠠᠬᠤ ᠦᠭᠡᠢ᠃    
    ᠵᠢᠷᠭᠤᠭ᠎ᠠ᠂ ᠬᠦᠬᠡᠬᠤᠳᠠ ᠪᠤᠭᠤᠳᠤ ᠤᠷᠳᠤᠰ ᠬᠤᠳᠠ ᠵᠢᠨ ᠬᠡᠪᠴᠢᠶᠡᠨ᠎ᠳᠤ ᠡᠷᠦᠭᠡ ᠠᠮᠠ ᠵᠢ ᠨᠡᠢ᠍ᠢ᠍ᠳᠡᠮ ᠰᠢᠯᠵᠢᠬᠦᠯᠬᠦ ᠲᠦᠷᠢᠮ᠎ᠢ ᠬᠡᠷᠡᠭᠵᠢᠬᠦᠯᠦᠨ᠎ᠠ᠃
     《ᠬᠦᠭᠡᠬᠤᠳᠠ   ᠪᠤᠭᠤᠳᠤ   ᠤᠷᠳᠤᠰ ᠎ᠢ   ᠨᠢᠭᠡᠳᠤᠯᠳᠠᠢ   ᠬᠦᠭᠵᠢᠬᠦᠯᠬᠦ   ᠲᠦᠯᠦᠪᠵᠢᠬᠦᠯᠭᠡ ᠵᠢᠨ ᠬᠦᠳᠦᠯᠪᠤᠷᠢ (2016 — 2020 ᠤᠨ)》 ᠵᠢ ᠲᠤᠤᠱᠯᠠᠭᠤᠯᠤᠨ   ᠨᠠᠢ᠍ᠢ᠍ᠳᠠᠪᠤᠷᠢᠵᠢᠭᠤᠯᠵᠤ᠂ ᠬᠦᠬᠡᠬᠤᠳᠠ᠂ ᠪᠤᠭᠤᠳᠤ᠂ ᠤᠷᠳᠤᠰ   ᠵᠡᠷᠭᠡ   ᠭᠤᠷᠪᠠᠨ   ᠬᠤᠳᠠ ᠵᠢᠨ (ᠰᠦᠷᠦᠭᠵᠢᠯ᠎ᠤᠨ) ᠡᠷᠦᠭᠡ ᠠᠮᠠ ᠵᠢᠨ ᠬᠤᠳᠠᠵᠢᠯᠳᠠ ᠵᠢᠨ ᠦᠭᠡᠷᠡᠴᠢᠯᠡᠯᠳᠡ ᠵᠢ ᠠᠬᠢᠭᠤᠯᠵᠤ᠂ ᠬᠦᠬᠡᠬᠤᠳᠠ ᠬᠤᠳᠠ᠂ ᠪᠤᠭᠤᠳᠤ ᠬᠤᠳᠠ᠂ ᠤᠷᠳᠤᠰ ᠬᠤᠳᠠ ᠵᠢᠨ ᠬᠤᠭᠤᠷᠤᠨᠳᠤ ᠬᠦᠮᠦᠨ ᠠᠮᠠ ᠵᠢᠨ ᠡᠷᠭᠡ ᠴᠢᠯᠦᠭᠡᠳᠠᠢ ᠨᠡᠬᠦᠳᠡᠯᠯᠡᠨ ᠰᠢᠯᠵᠢᠬᠦ ᠵᠢ ᠵᠤᠷᠢᠭᠵᠢᠭᠤᠯᠤᠨ᠎ᠠ᠃ ᠬᠦᠭᠡᠬᠤᠳᠠ᠂ ᠪᠤᠭᠤᠳᠤ ᠬᠤᠳᠠ᠂ ᠤᠷᠳᠤᠰ ᠬᠤᠳᠠ ᠵᠢᠨ ᠡᠷᠦᠭᠡ ᠠᠮᠠ᠎ᠲᠠᠢ ᠰᠠᠭᠤᠭ᠋ᠠᠯᠢ ᠠᠷᠠᠳ ᠲᠤᠰ ᠬᠦᠮᠦᠨ᠎ᠤ ᠬᠦᠰᠡᠯ ᠰᠠᠨᠠᠯ ᠵᠶ᠋ᠠᠷ ᠬᠠᠤᠯᠢ ᠶᠤᠰᠤᠨ᠎ᠤ ᠲᠤᠭᠳᠠᠪᠤᠷᠢᠳᠠᠢ ᠤᠷᠤᠨ ᠰᠠᠭᠤᠴᠠ (ᠲᠦᠷᠢᠶᠡᠰᠦᠯᠡᠭᠰᠡᠨ ᠤᠷᠤᠨ ᠰᠠᠭᠤᠴᠠ ᠪᠠᠭᠳᠠᠨ᠎ᠠ)᠎ᠲᠠᠢ ᠪᠤᠶᠤ ᠬᠠᠤᠯᠢ ᠶᠤᠰᠤᠨ᠎ᠤ ᠲᠤᠭᠳᠠᠪᠤᠷᠢᠳᠤ ᠠᠵᠢᠯ᠎ᠲᠠᠢ ᠪᠣᠯ ᠬᠦᠬᠡᠬᠤᠳᠠ᠂ ᠪᠤᠭᠤᠳᠤ ᠬᠤᠳᠠ ᠪᠣᠯᠣᠨ ᠤᠷᠳᠤᠰ ᠬᠤᠳᠠ ᠵᠢᠨ ᠲᠦᠪ ᠬᠤᠳᠠ ᠵᠢᠨ ᠲᠤᠭᠤᠷᠢᠭ ᠵᠢᠴᠢ ᠪᠠᠢ᠍ᠢ᠍ᠭᠤᠯᠤᠮᠵᠢᠳᠤ ᠪᠠᠯᠭ᠋ᠠᠰᠤᠨ᠎ᠳᠤ ᠪᠠᠢ᠍ᠢ᠍ᠡᠭᠭᠤ ᠰᠠᠭᠤᠭ᠎ᠠ ᠡᠷᠦᠭᠡ ᠠᠮᠠ ᠵᠢ ᠰᠢᠯᠵᠢᠬᠦᠯᠦᠨ ᠲᠠᠡᠭᠰᠠᠯᠠᠭᠤᠯᠬᠤ᠎ᠪᠠᠷ ᠭᠤᠶᠤᠴᠢᠯᠠᠵᠤ ᠪᠤᠯᠤᠨ᠎ᠠ᠂ ᠬᠤᠳᠠ ᠪᠠᠯᠭ᠋ᠠᠰᠤᠨ᠎ᠤ ᠨᠡᠢ᠍ᠢ᠍ᠬᠡᠮ᠎ᠤᠨ ᠲᠠᠭ᠋ᠠᠳᠬᠠᠯ᠎ᠳᠤ ᠤᠷᠤᠯᠴᠠᠭᠰᠠᠨ ᠡᠰᠡᠬᠦ᠂ ᠰᠠᠭᠤᠷᠢᠰᠢᠭᠰᠠᠨ ᠵᠢᠯ ᠬᠤᠭᠤᠴᠠᠭ᠎ᠠ ᠵᠡᠷᠭᠡ ᠪᠤᠰᠤᠳ ᠨᠦᠬᠦᠴᠡᠯ᠎ᠳᠤ ᠬᠢᠵᠠᠭ᠋ᠠᠷᠯᠠᠭᠳᠠᠬᠤ ᠦᠭᠡᠢ᠃ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ᠎ᠨᠢ ᠡᠷᠦᠭᠡ ᠠᠮᠠ ᠵᠢᠨ ᠲᠦᠷᠢᠮ᠎ᠤᠨ ᠦᠭᠡᠷᠡᠴᠢᠯᠡᠯᠳᠡ ᠵᠢ ᠠᠬᠢᠭᠤᠯᠬᠤ ᠱᠠᠭ᠋ᠠᠷᠳᠠᠯᠭ᠎ᠠ ᠪᠠ ᠲᠤᠰ ᠭᠠᠵᠠᠷ᠎ᠤᠨ ᠪᠤᠳᠠᠳᠠᠢ᠎ᠲᠠᠢ ᠤᠶᠠᠯᠳᠤᠭᠤᠯᠤᠨ ᠡᠷᠦᠭᠡ ᠠᠮᠠ ᠰᠢᠯᠵᠢᠬᠦᠯᠬᠦ ᠲᠦᠷᠦ ᠵᠢᠨ ᠪᠤᠳᠤᠯᠭ᠎ᠠ ᠵᠢ ᠴᠠᠭ ᠲᠤᠬᠠᠢ᠎ᠳᠤᠨᠢ ᠲᠤᠬᠢᠷᠠᠭᠤᠯᠤᠨ ᠴᠢᠯᠦᠭᠡᠳᠠᠢ ᠪᠤᠯᠭ᠋ᠠᠵᠤ᠂ ᠬᠤᠳᠠ ᠵᠢᠨ ᠰᠦᠷᠦᠭᠵᠢᠯ᠎ᠤᠨ ᠡᠷᠦᠭᠡ ᠠᠮᠠ ᠤᠷᠤᠭᠤᠯᠬᠤ ᠪᠠᠷᠢᠮᠵᠢᠶ᠎ᠠ ᠵᠢ ᠠᠯᠬᠤᠮ ᠲᠠᠷᠠᠭ᠎ᠠ᠎ᠲᠠᠢ ᠨᠢᠭᠡᠳᠭᠡᠵᠤ᠂ ᠮᠠᠯᠵᠢᠬᠤ ᠲᠠᠷᠢᠶᠠᠯᠠᠬᠤ ᠤᠷᠤᠨ᠎ᠠᠴᠠ ᠰᠢᠯᠵᠢᠭᠰᠡᠨ ᠬᠦᠮᠦᠨ ᠠᠮᠠ ᠪᠤᠯᠤᠨ ᠪᠠᠢ᠍ᠢ᠍ᠡᠭᠭᠤ ᠰᠠᠭᠤᠷᠢᠰᠢᠵᠤ ᠪᠠᠢ᠍ᠢ᠍ᠭ᠎ᠠ ᠬᠦᠮᠦᠨ ᠠᠮᠠ ᠵᠢᠨ ᠬᠤᠳᠠ ᠪᠠᠯᠭ᠋ᠠᠰᠤᠨ᠎ᠳᠤ ᠡᠷᠦᠭᠡ ᠠᠮᠠ ᠤᠷᠤᠬᠤ ᠵᠢ ᠠᠬᠢᠭᠤᠯᠤᠨ᠎ᠠ᠃
      ᠬᠦᠬᠡᠬᠤᠳᠠ᠂ ᠪᠤᠭᠤᠳᠤ᠂ ᠤᠷᠳᠤᠰ ᠭᠤᠷᠪᠠᠨ ᠬᠤᠳᠠ ᠵᠢᠨ ᠬᠡᠪᠴᠢᠶᠡᠨ᠎ᠳᠤ ᠡᠷᠦᠭᠡ ᠠᠮᠠ᠎ᠪᠠᠨ ᠴᠢᠯᠦᠭᠡᠲᠡᠢ ᠰᠢᠯᠵᠢᠬᠦᠯᠵᠤ ᠪᠣᠯᠬᠤ ᠲᠥᠷᠥ ᠵᠢᠨ ᠪᠣᠳᠣᠯᠭ᠎ᠠ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠣᠷᠴᠢᠮᠬᠠᠨ᠎ᠳᠤ ᠨᠡᠢ᠌ᠲᠡᠯᠡᠭᠰᠡᠨ 《ᠬᠥᠬᠡᠬᠣᠲᠠ ᠪᠤᠭᠤᠲᠤ ᠤᠷᠳᠤᠰ᠎ᠤᠨ ᠵᠣᠬᠢᠴᠠᠩᠭᠤᠢ ᠬᠥᠭᠵᠢᠯᠲᠡ ᠵᠢ ᠲᠦᠷᠭᠡᠳᠬᠡᠨ ᠠᠬᠢᠭᠤᠯᠬᠤ ᠲᠤᠬᠠᠶ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ᠎ᠨᠦᠭᠦᠳ》 ᠮᠡᠳᠡᠭᠳᠡᠯ᠎ᠲᠠᠢ ᠠᠪᠴᠠᠯᠳᠤᠭᠰᠠᠨ᠂ ᠴᠢᠬᠤᠯᠠ ᠲᠥᠷᠥ ᠵᠢᠨ ᠪᠣᠳᠣᠯᠭ᠎ᠠ᠂ ᠪᠣᠳᠠᠲᠠᠢ ᠠᠷᠭ᠎ᠠ ᠬᠡᠮᠵᠢᠶ᠎ᠡ ᠮᠥᠨ᠃

ᠢᠷᠡᠯᠲᠡ᠄ ᠥᠪᠥᠷ ᠮᠣᠩᠭᠣᠯ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ