ᠢᠯᠡ ᠵᠠᠰᠠᠭ   -   ᠪᠢᠴᠢᠭ ᠮᠠᠲ᠋ᠧᠷᠢᠶᠠᠯ
ᠰᠦᠯᠵᠢᠶᠡᠨ᠎ᠤ ᠵᠠᠩᠭᠢᠯᠠᠭ᠎ᠠ ᠵᠢᠨ ᠲᠥᠬᠦᠭᠡᠷᠦᠮᠵᠢ ᠪᠠ ᠰᠦᠯᠵᠢᠶᠡᠨ᠎ᠤ ᠠᠮᠤᠷ ᠲᠦᠪᠰᠢᠨ᠎ᠤ ᠲᠤᠰᠬᠠᠶ ᠬᠡᠷᠡᠭᠯᠡᠭᠡᠨ᠎ᠤ ᠦᠢ᠍ᠯᠡᠳᠬᠦᠨ᠎ᠤ ᠠᠶᠤᠯ ᠦᠭᠡᠢ ᠵᠢᠨ ᠭᠡᠷᠡᠴᠢᠯᠡᠯ ᠪᠠ ᠠᠶᠤᠯ ᠦᠭᠡᠢ ᠵᠢᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠨᠢᠭᠡᠳᠦᠯᠲᠡᠶ ᠨᠡᠶ᠋ᠢᠲᠡᠯᠡᠬᠦ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2022-03-22

                                   2022 ᠣᠨ᠎ᠤ 1 ᠳ᠋ᠦ᠍ᠭᠡᠷ ᠲᠣᠭ᠋ᠠᠲᠤ
      ᠰᠦᠯᠵᠢᠶᠡᠨ᠎ᠤ ᠵᠠᠩᠭᠢᠯᠠᠭ᠎ᠠ ᠵᠢᠨ ᠲᠥᠬᠥᠭᠡᠷᠦᠮᠵᠢ ᠪᠣᠯᠤᠨ ᠰᠦᠯᠵᠢᠶᠡᠨ᠎ᠤ ᠠᠮᠤᠷ ᠲᠦᠪᠰᠢᠨ᠎ᠤ ᠲᠤᠰᠬᠠᠶ ᠬᠡᠷᠡᠭᠯᠡᠭᠡᠨ᠎ᠤ ᠦᠢ᠍ᠯᠡᠳᠬᠦᠨ᠎ᠤ ᠠᠶᠤᠯ ᠦᠭᠡᠢ ᠵᠢᠨ ᠬᠠᠮᠢᠶᠠᠷᠤᠯᠲᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 《〈ᠰᠦᠯᠵᠢᠶᠡᠨ᠎ᠤ ᠵᠠᠩᠭᠢᠯᠠᠭ᠎ᠠ ᠵᠢᠨ ᠲᠥᠬᠥᠭᠡᠷᠦᠮᠵᠢ ᠪᠠ ᠰᠦᠯᠵᠢᠶᠡᠨ᠎ᠤ ᠠᠮᠤᠷ ᠲᠦᠪᠰᠢᠨ᠎ᠤ ᠲᠤᠰᠬᠠᠶ ᠬᠡᠷᠡᠭᠯᠡᠭᠡᠨ᠎ᠤ ᠦᠢ᠍ᠯᠡᠳᠭᠦᠨ᠎ᠤ ᠭᠠᠷᠴᠠᠭ (ᠨᠢᠭᠡᠳᠦᠭᠡᠷ ᠪᠦᠯᠦᠭ)〉᠎ᠢ ᠨᠡᠶ᠋ᠢᠲᠡᠯᠡᠬᠦ ᠲᠤᠬᠠᠶ ᠠᠯᠪᠠᠨ ᠵᠠᠷᠯᠠᠯ》 (ᠤᠯᠤᠰ᠎ᠤᠨ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠭᠡᠷᠡᠴᠢᠯᠡᠯ ᠵᠥᠪᠰᠢᠶᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠠᠯᠪᠠᠨ ᠵᠠᠷ 2017 ᠣᠨ᠎ᠤ 1 ᠳ᠋ᠦ᠍ᠭᠡᠷ ᠲᠣᠭ᠋ᠠᠲᠤ)᠎ᠢ ᠦᠨᠳᠦᠰᠦᠯᠡᠪᠡᠯ᠂ ᠤᠯᠤᠰ᠎ᠤᠨ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠎ᠠᠴᠠ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠭᠡᠷᠡᠴᠢᠯᠡᠯ ᠵᠥᠪᠰᠢᠶᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠲᠠᠢ ᠬᠠᠮᠲᠤᠷᠠᠨ ᠰᠦᠯᠵᠢᠶᠡᠨ᠎ᠤ ᠵᠠᠩᠭᠢᠯᠠᠭ᠎ᠠ ᠵᠢᠨ ᠲᠥᠬᠥᠭᠡᠷᠦᠮᠵᠢ ᠪᠠ ᠰᠦᠯᠵᠢᠶᠡᠨ᠎ᠤ ᠠᠮᠤᠷ ᠲᠦᠪᠰᠢᠨ᠎ᠤ ᠲᠤᠰᠬᠠᠶ ᠬᠡᠷᠡᠭᠯᠡᠭᠡᠨ᠎ᠤ ᠦᠢ᠍ᠯᠡᠳᠬᠦᠨ᠎ᠤ ᠠᠶᠤᠯ ᠦᠭᠡᠢ ᠵᠢᠨ ᠭᠡᠷᠡᠴᠢᠯᠡᠯ ᠪᠠ ᠠᠶᠤᠯ ᠦᠭᠡᠢ ᠵᠢᠨ ᠪᠠᠶ᠋ᠢᠴᠠᠭ᠋ᠠᠨ ᠬᠡᠮᠵᠢᠯᠲᠡ ᠵᠢᠨ ᠦᠷ᠎ᠡ ᠳ᠋ᠦᠩ (ᠳᠣᠷᠣᠭᠰᠢ ᠭᠡᠷᠡᠴᠢᠯᠡᠯ ᠪᠠ ᠪᠠᠶ᠋ᠢᠴᠠᠭ᠋ᠠᠨ ᠬᠡᠮᠵᠢᠯᠲᠡ ᠵᠢᠨ ᠦᠷ᠎ᠡ ᠳ᠋ᠦᠩ ᠭᠡᠵᠦ ᠲᠣᠪᠴᠢᠯᠠᠨ᠎ᠠ)᠎ᠢ ᠨᠢᠭᠡᠳᠦᠯᠲᠡᠶ ᠨᠡᠶ᠋ᠢᠲᠡᠯᠡᠨ᠎ᠡ᠃ ᠬᠢᠷᠢ ᠬᠡᠮ᠎ᠲᠠᠢ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠭᠡᠷᠡᠴᠢᠯᠡᠯ ᠪᠤᠶᠤ ᠪᠠᠶ᠋ᠢᠴᠠᠭ᠋ᠠᠨ ᠬᠡᠮᠵᠢᠯᠲᠡ᠎ᠪᠠᠷ ᠳᠡᠮᠵᠢᠨ᠂ ᠬᠠᠮᠢᠶ᠎ᠠ ᠪᠥᠬᠥᠶ ᠤᠯᠤᠰ᠎ᠤᠨ ᠪᠠᠷᠢᠮᠵᠢᠶ᠎ᠠ ᠵᠢᠨ ᠠᠯᠪᠠᠳᠠᠯᠭ᠎ᠠ ᠵᠢᠨ ᠴᠢᠨᠠᠷᠲᠠᠶ ᠱᠠᠭ᠋ᠠᠷᠳᠠᠯᠭ᠎ᠠ᠎ᠳᠤ ᠨᠡᠶ᠋ᠢᠴᠡᠭᠰᠡᠨ ᠦᠢ᠍ᠯᠡᠳᠭᠦᠨ᠎ᠢ ᠨᠡᠶ᠋ᠢᠲᠡᠯᠡᠨ᠎ᠡ᠃
      ᠭᠡᠷᠡᠴᠢᠯᠡᠭᠰᠡᠨ ᠪᠠ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠳᠤᠮᠳᠠᠳᠤ ᠤᠯᠤᠰ᠎ᠤᠨ ᠰᠦᠯᠵᠢᠶᠡᠨ᠎ᠤ ᠮᠡᠳᠡᠭᠡ ᠵᠠᠩᠭᠢ ᠵᠢᠨ ᠰᠦᠯᠵᠢᠶ᠎ᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠰᠦᠯᠵᠢᠶ᠎ᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠰᠦᠯᠵᠢᠶᠡᠨ᠎ᠤ ᠦᠷᠲᠡᠭᠡ ᠪᠠ ᠬᠢᠨᠠᠨ ᠵᠥᠪᠰᠢᠶᠡᠷᠡᠬᠦ ᠵᠥᠪᠯᠡᠯ᠎ᠤᠨ  ᠰᠦᠯᠵᠢᠶ᠎ᠡ᠎ᠪᠠᠷ ᠳᠠᠮᠵᠢᠭᠤᠯᠤᠨ ᠵᠡᠷᠭᠡ᠎ᠪᠠᠷ ᠨᠡᠶ᠋ᠢᠲᠡᠯᠡᠬᠦ ᠪᠠ ᠰᠢᠨᠡᠳᠬᠡᠨ᠎ᠡ᠃
    
                                           ᠤᠯᠤᠰ᠎ᠤᠨ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ
                                          ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ
                                           ᠳᠣᠲᠣᠭ᠋ᠠᠳᠤ ᠵᠢ ᠬᠠᠮᠠᠭ᠋ᠠᠯᠠᠬᠤ ᠶᠠᠮᠤᠨ
                                           ᠤᠯᠤᠰ᠎ᠤᠨ ᠭᠡᠷᠡᠴᠢᠯᠡᠯ ᠵᠥᠪᠰᠢᠶᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ
                                                                     2022 ᠣᠨ᠎ᠤ 1 ᠰᠠᠷ᠎ᠠ ᠵᠢᠨ 25᠎ᠤ ᠡᠳᠦᠷ

ᠢᠷᠡᠯᠲᠡ᠄ ᠲᠣᠳᠤᠭ᠋ᠠᠳᠤ ᠵᠢ ᠬᠠᠮᠠᠭ᠋ᠠᠯᠠᠬᠤ ᠶᠠᠮᠤᠨ