ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠶᠠᠯᠠᠯᠠᠨ ᠰᠢᠢ᠍ᠳᠬᠡᠬᠦ ᠵᠢᠨ ᠲᠥᠯᠥᠭᠡ᠂ ᠠᠷᠠᠳ ᠢᠷᠭᠡᠳ᠎ᠤᠨ ᠬᠦᠮᠦᠨ ᠴᠢᠨᠠᠷ᠎ᠤᠨ ᠡᠷᠬᠡ ᠠᠰᠢᠭ ᠪᠠ ᠰᠦᠯᠵᠢᠶᠡᠨ᠎ᠤ ᠡᠮᠬᠢ ᠵᠢᠷᠤᠮ᠎ᠢ ᠪᠦᠲᠦᠮᠵᠢᠲᠡᠶ ᠬᠠᠮᠠᠭ᠋ᠠᠯᠠᠬᠤ ᠵᠢᠨ ᠲᠥᠯᠦᠭᠡ᠂ ᠡᠷᠡᠭᠦᠦ ᠵᠢᠨ ᠬᠠᠤᠯᠢ᠂ ᠡᠷᠡᠭᠦᠦ ᠵᠢᠨ ᠵᠠᠷᠭᠤ ᠵᠢᠨ ᠬᠠᠤᠯᠢ᠂ ᠢᠷᠭᠡᠨ᠎ᠤ ᠬᠠᠤᠯᠢ ᠵᠢᠨ ᠪᠢᠴᠢᠭ᠂ ᠢᠷᠭᠡᠨ᠎ᠤ ᠵᠠᠷᠭᠤ ᠵᠢᠨ ᠬᠠᠤᠯᠢ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ ᠵᠢᠴᠢ 《ᠮᠡᠳᠡᠭᠡ ᠵᠠᠩᠭᠢ ᠲᠣᠣᠷ ᠰᠦᠯᠵᠢᠶ᠎ᠡ ᠵᠢ ᠠᠰᠢᠭᠯᠠᠨ ᠭᠦᠳᠭᠡᠨ ᠭᠦᠵᠢᠷᠯᠡᠬᠦ ᠵᠡᠷᠭᠡ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶᠠᠨ᠎ᠤ ᠲᠠᠢ᠌ᠯᠪᠤᠷᠢᠯᠠᠯᠲᠠ》 ᠵᠡᠷᠭᠡ ᠬᠠᠤᠯᠢ ᠴᠠᠭ᠋ᠠᠵᠠ᠂ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢᠨ ᠲᠣᠭᠲᠠᠭ᠋ᠠᠯ᠎ᠢ ᠦᠨᠳᠦᠰᠦᠯᠡᠨ᠂ ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠦᠢ᠍ᠯᠡᠳᠦᠯᠭᠡ᠎ᠲᠠᠢ ᠤᠶᠠᠯᠳᠤᠭᠤᠯᠵᠤ᠂ ᠲᠣᠰ ᠰᠠᠨᠠᠯ᠎ᠢ ᠲᠣᠭᠲᠠᠭ᠋ᠠᠪᠠ᠃
ᠨᠢᠭᠡ᠂ ᠰᠦᠯᠵᠢᠶᠡᠨ᠎ᠤ ᠬᠦᠴᠦᠷᠬᠡᠭᠯᠡᠯ᠎ᠤᠨ ᠨᠡᠶ᠋ᠢᠭᠡᠮ᠎ᠤᠨ ᠬᠤᠤᠷ ᠬᠥᠨᠥᠭᠡᠯ᠎ᠢ ᠭᠦᠢ᠍ᠴᠡᠳ ᠲᠠᠨᠢᠵᠤ᠂ ᠠᠷᠠᠳ ᠢᠷᠭᠡᠳ᠎ᠤᠨ ᠡᠷᠬᠡ ᠠᠰᠢᠭ ᠪᠣᠯᠤᠨ ᠰᠦᠯᠵᠢᠶᠡᠨ᠎ᠤ ᠡᠮᠬᠢ ᠳᠢᠭᠯᠢᠮ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠳᠡᠢ᠃
1. ᠮᠡᠳᠡᠭᠡ ᠵᠠᠩᠭᠢ ᠵᠢᠨ ᠰᠦᠯᠵᠢᠶ᠎ᠡ ᠳᠡᠭᠡᠷ᠎ᠡ ᠬᠤᠪᠢ ᠬᠥᠮᠦᠨ᠎ᠢ ᠬᠠᠷᠢᠶᠠᠨ ᠳᠣᠷᠣᠮᠵᠢᠯᠠᠬᠤ᠂ ᠴᠤᠤᠷᠬᠠᠯ ᠲᠠᠯᠪᠢᠬᠤ᠂ ᠬᠤᠪᠢ ᠵᠢᠨ ᠨᠢᠭᠤᠴᠠ᠎ᠳᠤ ᠬᠠᠯᠳᠠᠬᠤ ᠵᠡᠷᠭᠡ ᠮᠡᠳᠡᠭᠡ ᠵᠠᠩᠭᠢ ᠵᠢ ᠳᠤᠷ᠎ᠠ᠎ᠪᠠᠷ ᠵᠶ᠋ᠠᠨ ᠨᠡᠢ᠍ᠲᠡᠯᠡᠬᠦ ᠰᠦᠯᠵᠢᠶᠡᠨ᠎ᠤ ᠬᠦᠴᠦᠷᠬᠡᠭᠯᠡᠯ᠎ᠤᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ᠂ ᠪᠤᠰᠤᠳ᠎ᠤᠨ ᠨᠡᠷ᠎ᠡ ᠬᠦᠨᠲᠦ ᠵᠢ ᠮᠠᠭᠤᠰᠢᠶᠠᠨ ᠬᠦᠨᠦᠭᠡᠬᠦ᠂ ᠪᠤᠰᠤᠳ᠎ᠤᠨ ᠨᠡᠷ᠎ᠡ ᠲᠥᠷᠥ ᠵᠢ ᠭᠤᠲᠤᠭ᠋ᠠᠬᠤ᠂ ᠵᠠᠷᠢᠮ᠎ᠨᠢ ᠪᠤᠰᠤᠳ ᠬᠥᠮᠥᠨ᠎ᠢ 《ᠨᠡᠶ᠋ᠢᠭᠡᠮᠴᠢ ᠴᠢᠨᠠᠷᠲᠠᠢ ᠦᠬᠦᠬᠦ》 ᠴᠢᠨᠠᠭᠰᠢᠯᠠᠭ᠋ᠠᠳ ᠤᠶᠤᠨ ᠰᠠᠨᠠᠭ᠋ᠠᠨ᠎ᠤ ᠬᠡᠪ᠎ᠤᠨ ᠪᠠᠶ᠋ᠢᠳᠠᠯ ᠵᠶ᠋ᠠᠨ ᠠᠯᠳᠠᠭᠰᠠᠨ᠂ ᠪᠡᠶ᠎ᠡ᠎ᠪᠠᠨ ᠬᠣᠣᠷᠯᠠᠭᠰᠠᠨ ᠵᠡᠷᠭᠡ ᠬᠦᠨᠳᠦ ᠨᠣᠴᠢᠲᠠᠢ ᠦᠷ᠎ᠡ ᠳ᠋ᠦᠩ᠎ᠢ ᠪᠣᠢ ᠪᠤᠯᠭ᠋ᠠᠳᠠᠭ; ᠰᠦᠯᠵᠢᠶᠡᠨ᠎ᠤ ᠡᠮᠬᠢ ᠳᠢᠭᠯᠢᠮ᠎ᠢ ᠰᠠᠮᠠᠭᠤᠷᠠᠭᠤᠯᠵᠤ᠂ ᠰᠦᠯᠵᠢᠶᠡᠨ᠎ᠤ ᠠᠮᠢ ᠠᠬᠤᠢ ᠵᠢ ᠡᠪᠳᠡᠨ᠂ ᠰᠦᠯᠵᠢᠶᠡᠨ ᠳᠡᠭᠡᠷ᠎ᠡ ᠬᠡᠷᠴᠡᠭᠡᠢ᠌ᠯᠡᠨ ᠠᠭ᠋ᠠᠰᠢᠯᠠᠵᠤ᠂ ᠨᠡᠢ᠌ᠭᠡᠮ ᠨᠡᠢ᠌ᠳᠡ ᠵᠢᠨ ᠠᠮᠤᠷ ᠲᠥᠪᠰᠢᠨ᠎ᠤ ᠪᠠᠢ᠌ᠳᠠᠯ᠎ᠢ ᠬᠦᠨᠳᠦ ᠨᠣᠴᠢᠲᠠᠢ ᠨᠦᠯᠦᠭᠡᠯᠡᠳᠡᠭ᠃ ᠬᠠᠤᠯᠢ᠎ᠠᠴᠠ ᠵᠥᠷᠢᠴᠡᠭᠰᠡᠨ ᠤᠯᠠᠮᠵᠢᠯᠠᠯᠲᠤ ᠶᠠᠯᠠᠲᠤ ᠠᠵᠢᠯᠯᠠᠭ᠎ᠠ᠎ᠲᠠᠢ ᠠᠳᠠᠯᠢ ᠦᠭᠡᠢ᠂ ᠰᠦᠯᠵᠢᠶᠡᠨ᠎ᠤ ᠬᠦᠴᠦᠷᠬᠡᠭᠯᠡᠯ᠎ᠨᠢ ᠶᠡᠷᠦ᠎ᠨᠢ ᠲᠠᠨᠢᠯ ᠪᠤᠰᠤ ᠬᠥᠮᠦᠨ᠎ᠳᠤ ᠴᠢᠭᠯᠡᠭᠦᠯᠦᠨ ᠬᠡᠷᠡᠭᠵᠢᠭᠦᠯᠵᠦ᠂ ᠬᠤᠬᠢᠷᠠᠯ ᠠᠮᠰᠠᠭᠴᠢ᠎ᠠᠴᠠ ᠬᠦᠨᠦᠭᠡᠭᠴᠢ ᠵᠢ ᠨᠤᠲᠠᠯᠠᠬᠤ᠂ ᠭᠡᠷᠡᠴᠢ ᠪᠠᠷᠢᠮᠲᠠ ᠴᠤᠭᠯᠠᠭᠤᠯᠬᠤ ᠵᠡᠷᠭᠡ ᠲᠠᠯ᠎ᠠ᠎ᠪᠠᠷ ᠪᠣᠳᠠᠲᠠᠶ ᠬᠦᠴᠢᠷᠳᠡᠯ ᠣᠷᠣᠰᠢᠵᠤ᠂ ᠡᠷᠬᠡ᠎ᠪᠠᠨ ᠬᠠᠮᠠᠭ᠋ᠠᠯᠠᠬᠤ ᠥᠷᠲᠡᠭ ᠲᠦᠢ᠍ᠯ᠎ᠤᠨ ᠥᠨᠳᠥᠷ ᠪᠠᠶ᠋ᠢᠳᠠᠭ᠃ ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠦᠯᠵᠢᠶᠡᠨ᠎ᠤ ᠬᠦᠴᠦᠷᠬᠡᠭᠯᠡᠯ᠎ᠤᠨ ᠨᠡᠶ᠋ᠢᠭᠡᠮ᠎ᠤᠨ ᠬᠤᠤᠷ ᠬᠥᠨᠥᠭᠡᠯ᠎ᠢ ᠭᠦᠢ᠍ᠴᠡᠳ ᠲᠠᠨᠢᠵᠤ᠂ ᠴᠢᠩᠭ᠎ᠠ ᠰᠢᠢ᠍ᠳᠬᠡᠬᠦ ᠵᠣᠭᠰᠣᠯᠲᠠ᠎ᠪᠠᠨ ᠪᠠᠷᠢᠮᠲᠠᠯᠠᠨ᠂ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠤᠬᠢᠷᠠᠯ ᠠᠮᠰᠠᠭᠴᠢ᠎ᠳᠤ ᠪᠦᠲᠦᠮᠵᠢᠲᠡᠶ ᠬᠠᠤᠯᠢ ᠴᠠᠭ᠋ᠠᠵᠠ ᠵᠢᠨ ᠲᠡᠳᠬᠦᠮᠵᠢ ᠬᠠᠩᠭ᠋ᠠᠵᠤ᠂ ᠠᠷᠠᠳ ᠢᠷᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠣᠯᠠᠨ ᠨᠡᠶ᠋ᠢᠲᠡ ᠵᠢᠨ ᠲᠠᠢ᠌ᠪᠤᠩᠲᠤ ᠲᠥᠷᠥᠭᠳᠡᠯ᠎ᠢ ᠬᠠᠮᠠᠭ᠋ᠠᠯᠠᠵᠤ᠂ ᠰᠦᠯᠵᠢᠶᠡᠨ᠎ᠤ ᠡᠮᠬᠢ ᠳᠢᠭᠯᠢᠮ᠎ᠢ ᠬᠠᠮᠠᠭ᠋ᠠᠯᠠᠬᠤ ᠬᠡᠷᠡᠭᠲᠡᠶ᠃
ᠬᠤᠶᠠᠷ᠂ ᠬᠠᠤᠯᠢ ᠴᠠᠭ᠋ᠠᠵᠠ ᠵᠢ ᠣᠨᠣᠪᠴᠢᠲᠠᠶ ᠬᠡᠷᠡᠭᠯᠡᠵᠦ᠂ ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠭᠡᠬᠦ ᠬᠡᠷᠡᠭᠳᠡᠢ᠃
2. ᠰᠦᠯᠵᠢᠶ᠎ᠡ᠎ᠪᠠᠷ ᠭᠥᠳᠭᠡᠬᠦ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠶᠠᠯᠠᠯᠠᠨ ᠰᠢᠢ᠍ᠳᠭᠡᠨ᠎ᠡ᠃ ᠮᠡᠳᠡᠭᠡ ᠵᠠᠩᠭᠢ ᠵᠢᠨ ᠰᠦᠯᠵᠢᠶᠡᠨ ᠳᠡᠭᠡᠷ᠎ᠡ ᠴᠤᠤᠷᠬᠠᠯ ᠲᠠᠷᠬᠠᠭ᠋ᠠᠭᠰᠠᠨ᠂ ᠪᠤᠰᠤᠳ᠎ᠤᠨ ᠨᠡᠷ᠎ᠡ ᠬᠦᠨᠳᠦ ᠵᠢ ᠭᠤᠲᠤᠭ᠋ᠠᠬᠤ ᠪᠠ ᠨᠡᠷ᠎ᠡ ᠠᠰᠢᠭ᠎ᠢ ᠬᠣᠬᠢᠷᠠᠭᠤᠯᠤᠭᠰᠠᠨ᠂ ᠦᠢ᠍ᠯᠡ ᠪᠠᠢ᠌ᠳᠠᠯ᠎ᠨᠢ ᠬᠦᠨᠲᠦ ᠨᠣᠴᠢᠲᠠᠢ᠂ ᠡᠷᠡᠭᠦᠦ ᠵᠢᠨ ᠬᠠᠤᠯᠢ ᠵᠢᠨ ᠬᠤᠶᠠᠷ ᠵᠠᠭᠤ ᠳᠥᠴᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠪᠠᠯ᠂ ᠭᠥᠳᠭᠡᠨ ᠭᠦᠵᠢᠷᠯᠡᠭᠰᠡᠨ ᠶᠠᠯ᠎ᠠ᠎ᠪᠠᠷ ᠶᠠᠯ᠎ᠠ ᠲᠣᠭᠲᠠᠭ᠋ᠠᠵᠤ ᠰᠢᠢ᠍ᠳᠭᠡᠨ᠎ᠡ᠃
3. ᠰᠦᠯᠵᠢᠶᠡᠨ᠎ᠤ ᠳᠣᠷᠣᠮᠵᠢᠯᠠᠯ᠎ᠤᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠶᠠᠯᠠᠯᠠᠨ ᠰᠢᠢ᠍ᠳᠭᠡᠨ᠎ᠡ᠃ ᠮᠡᠳᠡᠭᠡ ᠵᠠᠩᠭᠢ ᠵᠢᠨ ᠰᠦᠯᠵᠢᠶᠡᠨ ᠳᠡᠭᠡᠷ᠎ᠡ ᠳᠤᠷ᠎ᠠ ᠲᠠᠪᠠ᠎ᠪᠠᠷ ᠬᠠᠷᠢᠶᠠᠬᠤ᠂ ᠮᠠᠭᠤ ᠰᠠᠨᠠᠭ᠎ᠠ᠎ᠪᠠᠷ ᠭᠦᠳᠬᠡᠬᠦ᠂ ᠬᠤᠪᠢ ᠵᠢᠨ ᠨᠢᠭᠤᠴᠠ ᠵᠢ ᠢᠯᠡᠷᠡᠭᠦᠯᠬᠦ ᠵᠡᠷᠭᠡ ᠠᠷᠭ᠎ᠠ ᠮᠠᠶᠢᠭ᠎ᠢ ᠠᠪᠴᠤ᠂ ᠪᠤᠰᠤᠳ᠎ᠢ ᠢᠯᠡ᠎ᠪᠠᠷ ᠲᠣᠷᠣᠮᠵᠢᠯᠠᠵᠤ᠂ ᠦᠶ᠋ᠢᠯᠡ ᠪᠠᠢ᠌ᠳᠠᠯ᠎ᠨᠢ ᠬᠦᠨᠳᠦ ᠨᠣᠴᠢᠲᠠᠢ᠂ ᠡᠷᠡᠭᠦᠦ ᠵᠢᠨ ᠬᠠᠤᠯᠢ ᠵᠢᠨ ᠬᠤᠶᠠᠷ ᠵᠠᠭᠤ ᠳᠥᠴᠢᠨ ᠵᠢᠷᠭᠤᠳᠤᠭ᠋ᠠᠷ ᠵᠦᠶ᠋ᠢᠯᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠪᠠᠯ ᠭᠤᠲᠤᠭ᠋ᠠᠨ ᠳᠣᠷᠤᠮᠵᠢᠯᠠᠭᠰᠠᠨ ᠶᠠᠯ᠎ᠠ᠎ᠪᠠᠷ ᠶᠠᠯ᠎ᠠ ᠲᠣᠭᠲᠠᠭ᠋ᠠᠵᠤ ᠰᠢᠢ᠍ᠳᠭᠡᠨ᠎ᠡ᠃
4. ᠡᠷᠬᠡᠲᠦ ᠠᠷᠠᠳ᠎ᠤᠨ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭᠰᠠᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠶᠠᠯᠠᠯᠠᠨ ᠰᠢᠢ᠍ᠳᠭᠡᠨ᠎ᠡ᠃
《ᠬᠤᠪᠢ ᠵᠢᠨ ᠮᠡᠳᠡᠭᠡᠯᠡᠯ ᠬᠠᠢ᠌ᠬᠤ》 ᠵᠢ ᠵᠣᠬᠢᠶᠠᠨ ᠪᠠᠢ᠌ᠭᠤᠯᠵᠤ᠂ ᠬᠠᠤᠯᠢ ᠵᠢ ᠵᠥᠷᠢᠴᠡᠨ ᠴᠤᠭᠯᠠᠭᠤᠯᠤᠭᠰᠠᠨ ᠪᠥᠭᠡᠳ ᠣᠨᠴᠠ ᠲᠣᠭᠲᠠᠭᠰᠠᠨ ᠪᠤᠰᠤ ᠣᠯᠠᠩᠬᠢ ᠬᠥᠮᠦᠨ᠎ᠳᠤ ᠠᠷᠠᠳ ᠢᠷᠭᠡᠨ᠎ᠤ ᠬᠤᠪᠢ ᠬᠥᠮᠦᠨ᠎ᠤ ᠮᠡᠳᠡᠭᠡ ᠵᠠᠩᠭᠢ ᠵᠢ ᠨᠡᠢ᠌ᠳᠡᠯᠡᠵᠦ᠂ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ᠂ ᠡᠷᠡᠭᠦᠦ ᠵᠢᠨ ᠬᠠᠤᠯᠢ ᠵᠢᠨ ᠬᠤᠶᠠᠷ ᠵᠠᠭᠤ ᠲᠠᠪᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠣᠯ᠂ ᠠᠷᠠᠳ ᠢᠷᠭᠡᠨ᠎ᠤ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭᠰᠠᠨ ᠶᠠᠯ᠎ᠠ᠎ᠪᠠᠷ ᠶᠠᠯ᠎ᠠ ᠲᠣᠭᠲᠠᠭ᠋ᠠᠵᠤ ᠰᠢᠢ᠍ᠳᠭᠡᠨ᠎ᠡ; ᠡᠷᠡᠭᠦᠦ ᠵᠢᠨ ᠬᠠᠤᠯᠢ ᠪᠠ ᠬᠠᠤᠯᠢ ᠴᠠᠭ᠋ᠠᠵᠠ ᠵᠢᠨ ᠲᠠᠢ᠌ᠯᠪᠤᠷᠢᠯᠠᠯᠲᠠ ᠵᠢᠨ ᠲᠣᠭᠲᠠᠭ᠋ᠠᠯ ᠶᠣᠰᠣᠭ᠋ᠠᠷ ᠬᠠᠮᠲᠤᠳᠤᠨᠢ ᠪᠤᠰᠤᠳ ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠰᠢᠢ᠍ᠳᠭᠡᠵᠦ ᠲᠣᠷᠭ᠋ᠠᠬᠤ᠎ᠨᠢ ᠬᠦᠨᠳᠦ ᠰᠢᠭ ᠲᠣᠭᠲᠠᠭ᠋ᠠᠯ ᠶᠣᠰᠣᠭ᠋ᠠᠷ ᠶᠠᠯ᠎ᠠ ᠲᠣᠭᠲᠠᠭ᠋ᠠᠵᠤ ᠰᠢᠢ᠍ᠳᠭᠡᠨ᠎ᠡ᠃
5. ᠰᠦᠯᠵᠢᠶᠡᠨ᠎ᠤ ᠬᠦᠴᠦᠷᠬᠡᠭᠯᠡᠯ᠎ᠤᠨ ᠬᠡᠷᠡᠭ᠎ᠢ ᠠᠰᠢᠭᠯᠠᠨ ᠬᠢᠭᠰᠡᠨ ᠮᠠᠭᠤ ᠰᠠᠨᠠᠭ᠎ᠠ᠎ᠲᠠᠢ᠎ᠪᠠᠷ ᠡᠵᠡᠩᠨᠡᠨ ᠪᠤᠷᠤᠯᠠᠭᠤᠯᠵᠤ ᠬᠥᠭᠡᠷᠭᠡᠳᠡᠬᠦ ᠠᠵᠢᠯᠯᠠᠭ᠎ᠠ ᠵᠢ ᠬᠠᠤᠯᠢ ᠶᠣᠰᠣᠭ᠋ᠠᠷ ᠶᠠᠯᠠᠯᠠᠨ ᠰᠢᠢ᠍ᠳᠭᠡᠨ᠎ᠡ᠃ ᠶᠡᠬᠡ᠎ᠪᠠᠷ ᠰᠤᠷᠳᠠᠯᠴᠢᠯᠠᠨ ᠬᠥᠭᠡᠷᠭᠡᠳᠡᠵᠦ᠂ ᠬᠦᠳᠦᠯᠦᠨ ᠣᠷᠤᠭᠤᠯᠬᠤ ᠵᠡᠷᠭᠡ ᠵᠣᠷᠢᠯᠭ᠎ᠠ᠎ᠳᠤ ᠰᠠᠭᠤᠷᠢᠯᠠᠨ᠂ ᠢᠨᠲ᠋ᠧᠷ ᠰᠦᠯᠵᠢᠶᠡᠨ᠎ᠤ ᠬᠡᠷᠡᠭᠯᠡᠭᠴᠢ ᠵᠢᠨ ᠣᠯᠠᠨ ᠨᠡᠶ᠋ᠢᠲᠡ ᠵᠢᠨ ᠳᠠᠩᠰᠠᠨ ᠨᠣᠮᠧᠷ ᠵᠡᠷᠭᠡ ᠵᠢ ᠠᠰᠢᠭᠯᠠᠨ ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠤᠬᠠᠢ ᠮᠡᠳᠡᠭᠡ ᠵᠠᠩᠭᠢ ᠵᠢ ᠲᠠᠷᠬᠠᠭ᠋ᠠᠨ ᠳᠠᠮᠵᠢᠭᠤᠯᠵᠤ᠂ ᠡᠷᠡᠭᠦᠦ ᠵᠢᠨ ᠬᠠᠤᠯᠢ ᠵᠢᠨ ᠬᠤᠶᠠᠷ ᠵᠠᠭᠤ ᠨᠠᠶᠠᠨ ᠳᠣᠯᠣᠳᠤᠭ᠋ᠠᠷ ᠵᠦᠢ᠍ᠯ᠎ᠤᠨ ᠨᠢᠭᠡ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠪᠠᠯ᠂ ᠮᠡᠳᠡᠭᠡ ᠵᠠᠩᠭᠢ ᠰᠦᠯᠵᠢᠶ᠎ᠡ ᠵᠢ ᠬᠠᠤᠯᠢ ᠪᠤᠰᠤ᠎ᠪᠠᠷ ᠠᠰᠢᠭᠯᠠᠭᠰᠠᠨ ᠶᠠᠯ᠎ᠠ᠎ᠪᠠᠷ ᠶᠠᠯ᠎ᠠ ᠲᠣᠭᠲᠠᠭ᠋ᠠᠵᠤ ᠰᠢᠢ᠍ᠳᠬᠡᠨ᠎ᠡ; ᠡᠷᠡᠭᠦᠦ ᠵᠢᠨ ᠬᠠᠤᠯᠢ ᠪᠠ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢᠨ ᠲᠣᠭᠲᠠᠭ᠋ᠠᠯ ᠶᠣᠰᠣᠭ᠋ᠠᠷ ᠬᠠᠮᠲᠤᠳᠤᠨᠢ ᠪᠤᠰᠤᠳ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠰᠢᠢ᠍ᠳᠭᠡᠵᠦ ᠲᠣᠷᠭ᠋ᠠᠬᠤ᠎ᠨᠢ ᠬᠦᠨᠳᠦ ᠰᠢᠭ ᠲᠣᠭᠲᠠᠭ᠋ᠠᠯ ᠶᠣᠰᠣᠭ᠋ᠠᠷ ᠶᠠᠯ᠎ᠠ ᠲᠣᠭᠲᠠᠭ᠋ᠠᠵᠤ ᠰᠢᠢ᠍ᠳᠭᠡᠨ᠎ᠡ᠃
6. ᠮᠡᠳᠡᠭᠡ ᠵᠠᠩᠭᠢ ᠵᠢᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠡᠭᠦᠷᠭᠡ ᠵᠢ ᠭᠦᠢ᠍ᠴᠡᠳᠭᠡᠬᠦ ᠦᠭᠡᠢ ᠠᠵᠢᠯᠯᠠᠭ᠎ᠠ ᠵᠢ ᠬᠠᠤᠯᠢ ᠶᠣᠰᠣᠭ᠋ᠠᠷ ᠶᠠᠯᠠᠯᠠᠨ ᠰᠢᠢ᠍ᠳᠭᠡᠨ᠎ᠡ᠃ ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ ᠵᠢ ᠵᠥᠷᠢᠴᠡᠵᠦ ᠶᠠᠯ᠎ᠠ ᠬᠢᠭᠰᠡᠨ ᠮᠡᠳᠡᠭᠡ ᠵᠠᠩᠭᠢ᠎ᠨᠢ ᠮᠡᠳᠡᠭᠡ ᠵᠠᠩᠭᠢ ᠵᠢᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠎ᠠᠴᠠ ᠪᠣᠯᠤᠭᠰᠠᠨ᠎ᠢ ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ᠎ᠠᠴᠠ ᠣᠯᠵᠤ ᠮᠡᠳᠡᠭᠡᠳ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠠᠷᠭ᠎ᠠ ᠬᠡᠮᠵᠢᠶ᠎ᠡ ᠠᠪᠤᠭᠤᠯᠤᠭᠰᠠᠨ ᠪᠣᠯᠪᠠᠴᠤ ᠵᠠᠯᠠᠷᠠᠭᠤᠯᠤᠭᠰᠠᠨ ᠦᠭᠡᠢ᠎ᠠᠴᠠ ᠪᠣᠯᠤᠭ᠋ᠠᠳ᠂ ᠬᠠᠤᠯᠢ᠎ᠠᠴᠠ ᠵᠦᠷᠢᠴᠡᠭᠰᠡᠨ ᠮᠡᠳᠡᠭᠡ ᠵᠠᠩᠬᠢ ᠵᠢ ᠶᠡᠭᠡ ᠬᠡᠮᠵᠢᠶ᠎ᠡ᠎ᠪᠠᠷ ᠲᠠᠷᠬᠠᠭ᠋ᠠᠬᠤ ᠪᠤᠶᠤ ᠪᠤᠰᠤᠳ ᠬᠦᠨᠳᠤ ᠨᠤᠴᠢᠳᠠᠢ ᠦᠢ᠍ᠯᠡ ᠪᠠᠶ᠋ᠢᠳᠠᠯ᠎ᠲᠠᠢ ᠪᠣᠯᠭ᠋ᠠᠵᠤ᠂ ᠡᠷᠡᠭᠦᠦ ᠵᠢᠨ ᠬᠠᠤᠯᠢ ᠵᠢᠨ ᠬᠤᠶᠠᠷ ᠵᠠᠭᠤ ᠨᠠᠶᠠᠨ ᠵᠢᠷᠭᠤᠳᠤᠭ᠋ᠠᠷ ᠵᠦᠢ᠍ᠯ᠎ᠤᠨ ᠨᠢᠭᠡ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠪᠠᠯ᠂ ᠮᠡᠳᠡᠭᠡ ᠵᠠᠩᠭᠢ ᠵᠢᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠡᠭᠦᠷᠭᠡ᠎ᠪᠠᠨ ᠭᠦᠢ᠍ᠴᠡᠳᠬᠡᠬᠦ ᠵᠢ ᠲᠡᠪᠴᠢᠭᠰᠡᠨ ᠶᠠᠯ᠎ᠠ᠎ᠪᠠᠷ ᠰᠢᠢ᠍ᠳᠭᠡᠨ᠎ᠡ; ᠡᠷᠡᠭᠦᠦ ᠵᠢᠨ ᠬᠠᠤᠯᠢ ᠪᠠ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢᠨ ᠲᠣᠭᠲᠠᠭ᠋ᠠᠯ ᠶᠣᠰᠣᠭ᠋ᠠᠷ ᠬᠠᠮᠲᠤᠳᠤᠨᠢ ᠪᠤᠰᠤᠳ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠰᠢᠢ᠍ᠳᠭᠡᠵᠦ ᠲᠣᠷᠭ᠋ᠠᠬᠤ᠎ᠨᠢ ᠬᠦᠨᠳᠦ ᠰᠢᠭ ᠲᠣᠭᠲᠠᠭ᠋ᠠᠯ ᠶᠣᠰᠣᠭ᠋ᠠᠷ ᠶᠠᠯ᠎ᠠ ᠲᠣᠭᠲᠠᠭ᠋ᠠᠵᠤ ᠰᠢᠢ᠍ᠳᠭᠡᠨ᠎ᠡ᠃
7. ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠶᠠᠯᠠᠯᠠᠨ ᠰᠢᠢ᠍ᠳᠭᠡᠨ᠎ᠡ᠃ ᠰᠦᠯᠵᠢᠶ᠎ᠡ᠎ᠪᠠᠷ ᠭᠤᠲᠤᠭ᠋ᠠᠨ ᠳᠤᠷᠤᠮᠵᠢᠯᠠᠬᠤ᠂ ᠭᠥᠳᠭᠡᠬᠦ ᠵᠡᠷᠭᠡ ᠰᠦᠯᠵᠢᠶᠡᠨ᠎ᠤ ᠬᠦᠴᠦᠷᠬᠡᠭᠯᠡᠯ᠎ᠤᠨ ᠠᠵᠢᠯᠯᠠᠭ᠎ᠠ᠎ᠨᠢ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯᠪᠠᠴᠤ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠬᠦ ᠬᠠᠤᠯᠢ ᠵᠡᠷᠭᠡ ᠲᠣᠭᠲᠠᠭ᠋ᠠᠯ᠎ᠳᠤ ᠨᠡᠶ᠋ᠢᠴᠡᠪᠡᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠥᠭᠭᠦᠨ᠎ᠡ᠃
8. ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠭᠡᠨ᠎ᠡ᠃ ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠶᠠᠯᠠᠯᠠᠨ ᠰᠢᠢ᠍ᠳᠭᠡᠬᠦ ᠵᠣᠷᠢᠭ ᠰᠠᠨᠠᠭ᠎ᠠ ᠵᠢ ᠢᠯᠡᠷᠡᠭᠦᠯᠵᠦ᠂ ᠠᠷᠠᠳ ᠤᠯᠠᠨ᠎ᠳᠤ ᠲᠥᠪ ᠭᠤᠣᠯᠴᠢ ᠰᠢᠳᠤᠷᠭᠤ ᠶᠣᠰᠣ ᠵᠢ ᠭᠦᠢ᠍ᠴᠡᠳ ᠮᠡᠳᠡᠷᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠵᠢ ᠴᠢᠩᠳᠠᠯᠠᠬᠤ ᠵᠢ ᠪᠠᠷᠢᠮᠲᠠᠯᠠᠨ᠂ ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠨᠡᠬᠡᠮᠵᠢᠯᠡᠵᠦ᠂ 《ᠬᠠᠤᠯᠢ ᠣᠯᠠᠨ ᠬᠦᠮᠦᠨ᠎ᠢ ᠦᠯᠦ ᠥᠮᠦᠭᠯᠡᠬᠦ》 ᠪᠤᠷᠤᠭᠤ ᠬᠡᠯᠪᠡᠷᠢᠯ᠎ᠢ ᠦᠨᠡᠨ ᠬᠦ᠌ ᠵᠠᠯᠠᠷᠠᠭᠤᠯᠤᠨ᠎ᠠ᠃ ᠮᠠᠭᠤ ᠰᠠᠨᠠᠭ᠎ᠠ᠎ᠲᠠᠢ᠎ᠪᠠᠷ ᠬᠡᠷᠡᠭ ᠡᠭᠦᠰᠬᠡᠭᠴᠢ᠂ ᠵᠣᠬᠢᠶᠠᠨ ᠪᠠᠶ᠋ᠢᠭᠤᠯᠤᠭᠴᠢ᠂ ᠬᠡᠷᠡᠭ᠎ᠢ ᠦᠳᠦᠭᠡᠵᠦ ᠤᠯᠠᠮ ᠶᠡᠭᠡᠳᠭᠡᠭᠡᠳ ᠣᠯᠠᠨᠲᠠ ᠰᠤᠷᠭ᠋ᠠᠪᠠᠴᠤ ᠵᠠᠰᠠᠷᠠᠬᠤ ᠦᠭᠡᠢ ᠡᠲᠡᠭᠡᠳ᠎ᠲᠤ ᠭᠤᠣᠯᠳᠠᠯᠭ᠎ᠠ᠎ᠲᠠᠢ ᠴᠣᠬᠢᠯᠲᠠ ᠥᠭᠭᠦᠨ᠎ᠡ᠃ ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ᠂ ᠲᠣᠤᠷ᠎ᠠ ᠵᠢᠭᠰᠠᠭ᠋ᠠᠭᠰᠠᠨ ᠪᠠᠶ᠋ᠢᠳᠠᠯ᠎ᠤᠨ ᠠᠯᠢ ᠨᠢᠭᠡ᠎ᠨᠢ ᠪᠠᠶ᠋ᠢᠪᠠᠯ᠂ ᠬᠠᠤᠯᠢ ᠶᠣᠰᠣᠭ᠋ᠠᠷ ᠬᠦᠨᠳᠦ᠎ᠪᠠᠷ ᠰᠢᠢ᠍ᠳᠬᠡᠨ᠎ᠡ᠄
(1) ᠨᠠᠰᠤᠨ᠎ᠳᠤ ᠦᠯᠦ ᠬᠦᠷᠦᠭᠰᠡᠳ᠂ ᠵᠡᠮᠳᠡᠭᠴᠦᠳ᠎ᠲᠤ ᠴᠢᠭᠯᠡᠭᠦᠯᠦᠨ ᠬᠡᠷᠡᠭᠵᠢᠭᠦᠯᠦᠭᠰᠡᠨ;
(2) 《ᠤᠰᠤᠨ ᠴᠡᠷᠢᠭ》᠂ 《ᠵᠤᠳᠤᠭ᠋ᠠᠴᠢᠨ》 ᠪᠤᠶᠤ ᠪᠤᠰᠤᠳ ᠬᠥᠮᠦᠰ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ;
(3) 《ᠪᠡᠯᠭᠡᠳᠤ ᠬᠤᠯᠪᠤᠭᠳᠠᠬᠤ》 ᠰᠡᠳᠦᠪ᠎ᠢ ᠨᠠᠶ᠋ᠢᠷᠠᠭᠤᠯᠤᠨ ᠵᠣᠬᠢᠶᠠᠭ᠋ᠠᠳ ᠪᠣᠰᠤᠳ᠎ᠤᠨ ᠨᠡᠷ᠎ᠡ ᠬᠦᠨᠳᠦᠳᠤ ᠬᠠᠯᠳᠠᠭᠰᠠᠨ;
(4) 《ᠭᠦᠨ ᠨᠡᠢ᠌ᠯᠡᠯᠭᠡ》 ᠵᠡᠷᠭᠡ ᠡᠭᠦᠰᠦᠮᠡᠯ ᠬᠡᠯᠪᠡᠷᠢ ᠵᠢᠨ ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ᠎ᠢ ᠠᠰᠢᠭᠯᠠᠨ ᠬᠠᠤᠯᠢ᠎ᠠᠴᠠ ᠵᠥᠷᠢᠴᠡᠭᠰᠡᠨ ᠮᠡᠳᠡᠭᠡ ᠵᠠᠩᠭᠢ ᠵᠢ ᠨᠡᠶ᠋ᠢᠲᠡᠯᠡᠭᠰᠡᠨ;
(5) ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ ᠵᠢᠨ ᠰᠡᠳᠦᠵᠦ᠂ ᠵᠣᠬᠢᠶᠠᠨ ᠪᠠᠶ᠋ᠢᠭᠤᠯᠤᠭᠰᠠᠨ᠃
9. ᠢᠷᠭᠡᠨ᠎ᠤ ᠬᠡᠷᠡᠭ᠎ᠤᠨ ᠡᠷᠬᠡ᠎ᠪᠠᠨ ᠬᠠᠮᠠᠭ᠋ᠠᠯᠠᠬᠤ ᠵᠢ ᠬᠠᠤᠯᠢ ᠶᠣᠰᠣᠭ᠋ᠠᠷ ᠳᠡᠮᠵᠢᠨ᠎ᠡ᠃ ᠰᠦᠯᠵᠢᠶᠡᠨ᠎ᠤ ᠬᠦᠴᠦᠷᠬᠡᠭᠯᠡᠯ᠎ᠤᠨ ᠠᠵᠢᠯᠯᠠᠭ᠎ᠠ᠎ᠪᠠᠷ ᠪᠣᠰᠤᠳ᠎ᠲᠤ ᠴᠢᠭᠯᠡᠭᠦᠯᠦᠨ᠂ ᠪᠤᠰᠤᠳ᠎ᠤᠨ ᠨᠡᠷ᠎ᠡ ᠬᠦᠨᠳᠦ ᠵᠢᠨ ᠡᠷᠬᠡ᠂ ᠬᠤᠪᠢ ᠵᠢᠨ ᠨᠢᠭᠤᠴᠠ᠎ᠳᠤ ᠬᠤᠯᠪᠣᠭᠳᠠᠬᠤ ᠡᠷᠬᠡ ᠵᠡᠷᠭᠡ ᠨᠡᠷ᠎ᠡ ᠬᠦᠨᠳᠦ ᠵᠢᠨ ᠡᠷᠬᠡ᠎ᠳᠤ ᠬᠠᠯᠳᠠᠵᠤ᠂ ᠬᠤᠬᠢᠷᠠᠯ ᠠᠮᠰᠠᠭᠴᠢ ᠦᠢ᠍ᠯᠡ ᠠᠵᠢᠯᠯᠠᠭ᠋ᠠᠲᠠᠨᠳᠤ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠡᠭᠦᠷᠭᠡᠯᠡᠭᠦᠯᠬᠦ᠎ᠪᠠᠷ ᠭᠤᠶᠤᠴᠢᠯᠠᠭᠰᠠᠨ ᠪᠠᠶ᠋ᠢᠪᠠᠯ᠂ ᠠᠷᠠᠳ᠎ᠤᠨ ᠰᠢᠭᠦᠬᠦ ᠬᠤᠷᠢᠶ᠎ᠠ ᠬᠠᠤᠯᠢ ᠶᠣᠰᠣᠭ᠋ᠠᠷ ᠳᠡᠮᠵᠢᠯᠭᠡ ᠦᠵᠡᠭᠦᠯᠦᠨ᠎ᠡ᠃
10. ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠣᠨᠣᠪᠴᠢᠲᠠᠶ ᠡᠵᠡᠮᠰᠢᠨ᠎ᠡ᠃ ᠪᠤᠰᠤᠳ᠎ᠤᠨ ᠶᠠᠯ᠎ᠠ ᠬᠢᠭᠰᠡᠨ ᠪᠤᠶᠤ ᠬᠠᠤᠯᠢ ᠰᠠᠬᠢᠯᠭ᠎ᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠮᠡᠳᠡᠭᠡ ᠵᠠᠩᠭᠢ ᠰᠦᠯᠵᠢᠶ᠎ᠡ᠎ᠪᠠᠷ ᠢᠯᠡᠴᠢᠯᠡᠨ ᠮᠡᠳᠡᠭᠦᠯᠵᠦ᠂ ᠢᠯᠡᠴᠢᠯᠡᠬᠦᠳᠤᠪᠠᠨ ᠵᠣᠷᠢᠭᠤᠳᠠ ᠣᠷᠣ ᠦᠭᠡᠢ ᠭᠠᠵᠠᠷ ᠣᠪᠤᠭ᠎ᠠ ᠪᠣᠰᠬᠠᠭᠰᠠᠨ ᠪᠣᠶᠤ ᠣᠷᠣ ᠦᠭᠡᠢ ᠭᠠᠵᠠᠷ ᠣᠪᠤᠭ᠎ᠠ ᠪᠣᠰᠬᠠᠭᠰᠠᠨ ᠪᠤᠳᠠᠳᠤ ᠬᠡᠷᠡᠭ ᠪᠣᠯᠬᠤ ᠵᠢ ᠲᠣᠳᠤᠷᠬᠠᠢ ᠮᠡᠳᠡᠵᠦ ᠪᠠᠢ᠌ᠭ᠋ᠠᠳ ᠵᠣᠷᠢᠭᠤᠳᠠ ᠲᠠᠷᠬᠠᠭ᠋ᠠᠭᠰᠠᠨ ᠪᠢᠰᠢ ᠯᠡ ᠶᠤᠮ ᠪᠣᠯ ᠬᠠᠤᠯᠢ ᠵᠢ ᠵᠦᠷᠢᠴᠡᠭᠰᠡᠨ ᠶᠠᠯᠠᠲᠤ ᠠᠵᠢᠯᠯᠠᠭ᠎ᠠ ᠵᠢ ᠭᠥᠳᠭᠡᠨ ᠭᠦᠵᠢᠷᠯᠡᠭᠰᠡᠨ ᠵᠶ᠋ᠡᠷ ᠮᠠᠭ᠋ᠠᠳᠯᠠᠨ ᠲᠤᠭᠳᠠᠭ᠋ᠠᠵᠤ ᠪᠣᠯᠬᠤ ᠦᠭᠡᠢ᠃ ᠪᠣᠰᠤᠳ᠎ᠤᠨ ᠦᠭᠡ ᠶᠠᠷᠢᠶ᠎ᠠ ᠦᠢ᠍ᠯᠡ ᠠᠵᠢᠯᠯᠠᠭ᠎ᠠ᠎ᠳᠤ ᠴᠢᠭᠯᠡᠭᠦᠯᠦᠨ ᠰᠢᠭᠦᠮᠵᠢ ᠨᠡᠢ᠌ᠳᠡᠯᠡᠵᠦ᠂ ᠰᠢᠭᠦᠮᠵᠢᠯᠡᠯ ᠲᠤᠷᠠᠳᠴᠤ᠂ ᠦᠵᠡᠯᠳᠡ᠎ᠨᠢ ᠪᠠᠬᠠᠨ ᠬᠡᠯᠪᠡᠢ᠌ᠬᠦᠦ ᠪᠠᠢ᠌ᠵᠤ᠂ ᠦᠭᠡ ᠶᠠᠷᠢᠶ᠎ᠠ᠎ᠨᠢ ᠪᠠᠬᠠᠨ ᠬᠡᠳᠦᠷᠡᠮᠡᠬᠡᠢ ᠪᠠᠢ᠌ᠭᠰᠠᠨ ᠴᠤ᠌ ᠲᠤᠷ᠎ᠠ᠎ᠪᠠᠷ ᠵᠶ᠋ᠠᠨ ᠬᠠᠷᠢᠶᠠᠯ ᠵᠦᠭᠡᠯ᠂ ᠮᠠᠭᠤ ᠰᠠᠨᠠᠭ᠎ᠠ᠎ᠲᠠᠢ᠎ᠪᠠᠷ ᠭᠥᠳᠭᠡᠨ ᠮᠠᠭ᠋ᠠᠳᠯᠠᠭᠰᠠᠨ ᠪᠢᠰᠢ ᠯᠡ ᠶᠤᠮ ᠪᠣᠯ ᠬᠠᠤᠯᠢ ᠵᠢ ᠵᠦᠷᠢᠴᠡᠭᠰᠡᠨ ᠶᠠᠯᠠᠲᠤ ᠠᠵᠢᠯᠯᠠᠭ᠎ᠠ ᠵᠢ ᠭᠤᠲᠤᠭ᠋ᠠᠨ ᠲᠤᠷᠤᠮᠵᠢᠯᠠᠭᠰᠠᠨ ᠵᠶ᠋ᠠᠷ ᠮᠠᠭ᠋ᠠᠳᠯᠠᠨ ᠲᠤᠭᠳᠠᠭ᠋ᠠᠵᠤ ᠪᠣᠯᠬᠤ ᠦᠭᠡᠢ᠃
ᠭᠤᠷᠪᠠ᠂ ᠵᠠᠷᠭᠤ ᠵᠢᠨ ᠵᠢᠷᠤᠮ᠎ᠢ ᠰᠠᠭ᠋ᠠᠳ ᠦᠭᠡᠢ ᠨᠡᠪᠲᠡᠷᠡᠭᠦᠯᠵᠦ᠂ ᠴᠠᠭ ᠲᠤᠬᠠᠢᠳᠤᠨᠢ ᠬᠦᠴᠦᠨ᠎ᠲᠠᠢ ᠬᠠᠤᠯᠢ ᠴᠠᠭ᠋ᠠᠵᠠ ᠵᠢᠨ ᠲᠡᠳᠬᠦᠮᠵᠢ ᠬᠠᠩᠭ᠋ᠠᠬᠤ ᠬᠡᠷᠡᠭᠳᠡᠢ᠃
11. ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢ ᠬᠠᠮᠵᠢᠨ ᠭᠡᠷᠡᠴᠢ ᠴᠤᠭᠯᠠᠭᠤᠯᠬᠤ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠨᠠᠢ᠌ᠳᠠᠪᠤᠷᠢᠵᠢᠭᠤᠯᠤᠨ᠎ᠠ᠃ ᠡᠷᠡᠭᠦᠦ ᠵᠢᠨ ᠬᠠᠤᠯᠢ ᠵᠢᠨ ᠬᠤᠶᠠᠷ ᠵᠠᠭᠤ ᠳᠥᠴᠢᠨ ᠵᠢᠷᠭᠤᠳᠤᠭ᠋ᠠᠷ ᠵᠦᠢ᠍ᠯ᠎ᠤᠨ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ᠎ᠢ ᠦᠨᠳᠦᠰᠦᠯᠡᠨ᠂ ᠬᠤᠣᠷᠯᠠᠭᠳᠠᠭᠴᠢ ᠵᠢᠨ ᠰᠦᠯᠵᠢᠶ᠎ᠡ᠎ᠪᠠᠷ ᠭᠣᠳᠤᠭ᠋ᠠᠨ ᠲᠣᠷᠤᠮᠵᠢᠯᠠᠵᠤ᠂ ᠭᠥᠳᠭᠡᠨ ᠭᠦᠵᠢᠷᠯᠡᠭᠰᠡᠨ ᠶᠠᠪᠤᠳᠠᠯ᠎ᠢ ᠦᠪᠡᠷᠳᠡᠭᠡᠨ ᠵᠠᠭ᠋ᠠᠯᠲᠤᠭᠰᠠᠨ ᠬᠡᠷᠡᠭ᠎ᠢ ᠠᠷᠠᠳ᠎ᠤᠨ ᠰᠢᠭᠦᠬᠦ ᠬᠤᠷᠢᠶ᠎ᠠ ᠬᠢᠨᠠᠨ ᠪᠠᠢ᠍ᠴᠠᠭ᠋ᠠᠭ᠋ᠠᠳ ᠬᠤᠣᠷᠯᠠᠭᠳᠠᠭᠴᠢ ᠵᠢᠨ ᠭᠡᠷᠡᠴᠢ ᠪᠠᠷᠢᠮᠲᠠ ᠵᠢ ᠬᠠᠩᠭ᠋ᠠᠬᠤ᠎ᠳᠤ ᠦᠨᠡᠬᠡᠷ ᠬᠦᠴᠢᠷᠳᠡᠯᠳᠡᠢ᠎ᠠᠴᠠ ᠳᠣᠲᠣᠭ᠋ᠠᠳᠤ ᠵᠢ ᠬᠠᠮᠠᠭ᠋ᠠᠯᠠᠬᠤ ᠪᠠᠢ᠍ᠭᠤᠯᠭ᠎ᠠ᠎ᠳᠤ ᠳᠡᠮᠵᠢᠯᠭᠡ ᠦᠵᠡᠭᠦᠯᠬᠦ᠎ᠪᠠᠷ ᠱᠠᠭ᠋ᠠᠷᠳᠠᠵᠤ ᠪᠣᠯᠤᠨ᠎ᠠ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠠᠷᠠᠳ᠎ᠤᠨ ᠰᠢᠭᠦᠬᠦ ᠬᠤᠷᠢᠶᠠᠨ᠎ᠤ ᠱᠠᠭ᠋ᠠᠷᠳᠠᠯᠭ᠎ᠠ ᠪᠠ ᠬᠡᠷᠡᠭ᠎ᠤᠨ ᠪᠣᠳᠠᠲᠠᠶ ᠪᠠᠶ᠋ᠢᠳᠠᠯ᠎ᠢ ᠦᠨᠳᠦᠰᠦᠯᠡᠨ᠂ ᠦᠢ᠍ᠯᠡ ᠠᠵᠢᠯᠯᠠᠭ᠎ᠠ ᠵᠢᠨ ᠪᠡᠶᠡᠴᠢ ᠴᠣᠭᠴᠠ ᠵᠢ ᠴᠠᠭ ᠲᠤᠬᠠᠶ᠎ᠳᠤᠨᠢ ᠪᠠᠶ᠋ᠢᠴᠠᠭ᠋ᠠᠨ ᠲᠣᠳᠣᠯᠠᠵᠤ᠂ ᠲᠤᠷᠤᠮᠵᠢᠯᠠᠭᠰᠠᠨ᠂ ᠭᠥᠳᠭᠡᠨ ᠭᠦᠵᠢᠷᠯᠡᠭᠰᠡᠨ ᠮᠡᠳᠡᠭᠡ ᠵᠠᠩᠭᠢ ᠵᠢᠨ ᠤᠯᠠᠮᠵᠢᠯᠠᠨ ᠲᠠᠷᠬᠠᠭ᠋ᠠᠭᠰᠠᠨ ᠪᠠᠶ᠋ᠢᠳᠠᠯ ᠵᠢᠴᠢ ᠳᠡᠭᠦᠨ᠎ᠠᠴᠠ ᠪᠣᠯᠤᠭᠰᠠᠨ ᠨᠥᠯᠥᠭᠡ ᠵᠡᠷᠭᠡ ᠬᠤᠯᠪᠣᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠴᠤᠭᠯᠠᠭᠤᠯᠬᠤ ᠬᠡᠷᠡᠭᠲᠡᠶ᠃ ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠭᠡᠷᠡᠴᠢ ᠠᠪᠬᠤ ᠠᠵᠢᠯ᠎ᠳᠤ ᠬᠠᠤᠯᠢ ᠶᠣᠰᠣᠭ᠋ᠠᠷ ᠴᠢᠬᠤᠯᠠ ᠪᠦᠬᠦᠢ ᠮᠡᠷᠭᠡᠵᠢᠯ᠎ᠤᠨ ᠳᠡᠮᠵᠢᠯᠭᠡ ᠪᠠ ᠬᠠᠪᠰᠤᠷᠤᠯᠭ᠎ᠠ ᠬᠠᠩᠭ᠋ᠠᠬᠤ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠪᠰᠤᠷᠤᠯᠭ᠎ᠠ᠎ᠪᠠᠷ ᠭᠡᠷᠡᠴᠢ ᠴᠤᠭᠯᠠᠭᠤᠯᠤᠭ᠋ᠠᠳ ᠥᠪᠡᠷᠲᠡᠭᠡᠨ ᠵᠠᠭ᠋ᠠᠯᠳᠤᠭᠰᠠᠨ ᠬᠡᠷᠡᠭ᠎ᠢ ᠬᠦᠯᠢᠶᠡᠨ ᠠᠪᠴᠤ ᠰᠢᠢ᠍ᠳᠪᠦᠷᠢᠯᠡᠬᠦ ᠨᠥᠬᠦᠴᠡᠯ᠎ᠳᠤ ᠬᠦᠷᠦᠭᠰᠡᠨ ᠪᠠᠶ᠋ᠢᠪᠠᠯ᠂ ᠠᠷᠠᠳ᠎ᠤᠨ ᠰᠢᠭᠦᠬᠦ ᠬᠤᠷᠢᠶ᠎ᠠ ᠬᠡᠷᠡᠭ ᠪᠣᠯᠭ᠋ᠠᠨ ᠳᠠᠩᠰᠠᠯᠠᠬᠤ᠎ᠪᠠᠷ ᠲᠣᠭᠲᠠᠭ᠋ᠠᠬᠤ ᠬᠡᠷᠡᠭᠲᠡᠶ; ᠬᠣᠯᠪᠤᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ᠎ᠢ ᠴᠤᠭᠯᠠᠭᠤᠯᠬᠤ ᠵᠢᠨ ᠠᠷᠭ᠎ᠠ ᠦᠭᠡᠢ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠠᠷᠠᠳ᠎ᠤᠨ ᠰᠢᠭᠦᠬᠦ ᠬᠤᠷᠢᠶᠠᠨ᠎ᠳᠤ ᠪᠠᠶ᠋ᠢᠳᠠᠯ᠎ᠢ ᠪᠢᠴᠢᠭ ᠵᠶ᠋ᠠᠷ ᠲᠣᠳᠣᠷᠬᠠᠶ᠋ᠢᠯᠠᠬᠤ ᠬᠡᠷᠡᠭᠲᠡᠶ᠃
12. ᠭᠤᠲᠤᠭ᠋ᠠᠨ ᠳᠣᠷᠣᠮᠵᠢᠯᠠᠭᠰᠠᠨ ᠶᠠᠯ᠎ᠠ᠂ ᠭᠥᠳᠭᠡᠨ ᠭᠦᠵᠢᠷᠯᠡᠭᠰᠡᠨ ᠶᠠᠯ᠎ᠠ ᠵᠢᠨ ᠠᠯᠪᠠᠨ ᠵᠠᠭ᠋ᠠᠯᠳᠤᠯᠭ᠎ᠠ ᠵᠢᠨ ᠨᠥᠬᠦᠴᠡᠯ᠎ᠢ ᠣᠨᠣᠪᠴᠢᠲᠠᠢ ᠡᠵᠡᠮᠰᠢᠨ᠎ᠡ᠃ ᠡᠷᠡᠭᠦᠦ ᠵᠢᠨ ᠬᠠᠤᠯᠢ ᠵᠢᠨ ᠬᠤᠶᠠᠷ ᠵᠠᠭᠤ ᠳᠥᠴᠢᠨ ᠵᠢᠷᠭᠤᠳᠤᠭ᠋ᠠᠷ ᠵᠦᠶ᠋ᠢᠯᠤᠨ ᠬᠤᠶᠠᠳᠤᠭ᠋ᠠᠷ ᠪᠠᠳᠠᠭ᠎ᠤᠨ ᠲᠣᠭᠲᠠᠭ᠋ᠠᠯ᠎ᠢ ᠦᠨᠳᠦᠰᠦᠯᠡᠪᠡᠯ᠂ ᠭᠤᠲᠤᠭ᠋ᠠᠨ ᠲᠤᠷᠤᠮᠵᠢᠯᠠᠭᠰᠠᠨ᠂ ᠭᠦᠳᠬᠡᠨ ᠭᠦᠵᠢᠷᠯᠡᠭᠰᠡᠨ ᠶᠠᠯ᠎ᠠ ᠬᠢᠵᠦ᠂ ᠨᠡᠢ᠍ᠭᠡᠮ᠎ᠤᠨ ᠡᠮᠬᠢ ᠵᠢᠷᠤᠮ ᠪᠠ ᠤᠯᠤᠰ ᠣᠷᠤᠨ᠎ᠤ ᠠᠰᠢᠭ ᠲᠤᠰᠠ ᠵᠢ ᠬᠦᠨᠳᠦ ᠨᠣᠴᠢᠲᠠᠢ ᠬᠤᠬᠢᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠠᠯᠪᠠᠨ ᠵᠠᠭ᠋ᠠᠯᠳᠤᠯᠭ᠎ᠠ ᠭᠠᠷᠭ᠋ᠠᠬᠤ ᠬᠡᠷᠡᠭᠲᠡᠢ᠃ ᠰᠦᠯᠵᠢᠶ᠎ᠡ᠎ᠪᠠᠷ ᠭᠤᠲᠤᠭ᠋ᠠᠨ ᠲᠤᠷᠤᠮᠵᠢᠯᠠᠭᠰᠠᠨ᠂ ᠭᠦᠳᠬᠡᠨ ᠭᠦᠵᠢᠷᠯᠡᠭᠰᠡᠨ᠎ᠨᠢ ᠨᠡᠶ᠋ᠢᠭᠡᠮ᠎ᠤᠨ ᠡᠮᠬᠢ ᠵᠢᠷᠤᠮᠳᠤ ᠬᠦᠨᠳᠦ ᠨᠣᠴᠢᠲᠠᠶ ᠬᠣᠤᠷ ᠬᠦᠨᠦᠭᠡᠯ ᠤᠴᠠᠷᠠᠭᠤᠯᠤᠭᠰᠠᠨ ᠡᠰᠡᠬᠦ ᠵᠢ ᠬᠦᠨᠦᠭᠡᠭᠳᠡᠬᠦᠨ᠂ ᠤᠭ ᠰᠠᠨᠠᠭ᠋ᠠᠨ᠎ᠤ ᠵᠣᠷᠢᠯᠭ᠎ᠠ᠂ ᠦᠢ᠍ᠯᠡ ᠠᠵᠢᠯᠯᠠᠭ᠎ᠠ ᠵᠢᠨ ᠠᠷᠭ᠎ᠠ ᠮᠠᠶᠢᠭ᠂ ᠮᠡᠳᠡᠭᠡ ᠵᠠᠩᠭᠢ ᠵᠢᠨ ᠳᠠᠮᠵᠢᠭᠤᠯᠭ᠎ᠠ ᠵᠢᠨ ᠬᠡᠪᠴᠢᠶ᠎ᠡ᠂ ᠬᠤᠣᠷ ᠬᠥᠨᠥᠭᠡᠯ᠎ᠤᠨ ᠦᠷ᠎ᠡ ᠤᠷᠰᠢᠭ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠮᠠᠭ᠋ᠠᠳᠯᠠᠨ ᠲᠣᠭᠲᠠᠭ᠋ᠠᠬᠤ ᠬᠡᠷᠡᠭᠲᠡᠶ᠃
ᠰᠦᠯᠵᠢᠶ᠎ᠡ᠎ᠪᠠᠷ ᠭᠤᠲᠤᠭ᠋ᠠᠨ ᠲᠤᠷᠤᠮᠵᠢᠯᠠᠭᠰᠠᠨ᠂ ᠭᠦᠳᠬᠡᠨ ᠭᠦᠵᠢᠷᠯᠡᠭᠰᠡᠨ ᠦᠢ᠍ᠯᠡ ᠠᠵᠢᠯᠯᠠᠭ᠎ᠠ ᠵᠢ ᠬᠢᠵᠦ᠂ ᠲᠤᠤᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ ᠡᠷᠡᠭᠦᠦ ᠵᠢᠨ ᠬᠠᠤᠯᠢ ᠵᠢᠨ ᠬᠤᠶᠠᠷ ᠵᠠᠭᠤ ᠳᠥᠴᠢᠨ ᠵᠢᠷᠭᠤᠳᠤᠭ᠋ᠠᠷ ᠵᠦᠶ᠋ᠢᠯᠤᠨ ᠬᠤᠶᠠᠳᠤᠭ᠋ᠠᠷ ᠪᠠᠳᠠᠭ᠎ᠲᠤ ᠲᠣᠭᠲᠠᠭ᠋ᠠᠭᠰᠠᠨ 《ᠨᠡᠢ᠍ᠭᠡᠮ᠎ᠤᠨ ᠡᠮᠬᠢ ᠵᠢᠷᠤᠮᠳᠤ ᠬᠦᠨᠳᠦ ᠨᠣᠴᠢᠲᠠᠢ ᠬᠤᠣᠷ ᠬᠦᠨᠦᠭᠡᠯ ᠤᠴᠠᠷᠠᠭᠤᠯᠤᠭᠰᠠᠨ》 ᠵᠶ᠋ᠠᠷ ᠮᠠᠭ᠋ᠠᠳᠯᠠᠨ ᠲᠤᠭᠳᠠᠭ᠋ᠠᠬᠤ ᠬᠡᠷᠡᠭᠲᠡᠢ :
(1) ᠬᠤᠣᠷᠯᠠᠭᠳᠠᠭᠴᠢ ᠪᠤᠶᠤ ᠲᠡᠭᠦᠨ᠎ᠤ ᠣᠶ᠋ᠢᠷ᠎ᠠ ᠲᠥᠷᠥᠯ ᠰᠠᠳᠤᠨ᠎ᠤ ᠤᠶᠤᠨ ᠮᠡᠳᠡᠷᠡᠯ᠎ᠨᠢ ᠬᠡᠪ᠎ᠤᠨ ᠪᠠᠶ᠋ᠢᠳᠠᠯ ᠵᠶ᠋ᠠᠨ ᠠᠯᠳᠠᠵᠤ᠂ ᠪᠡᠶ᠎ᠡ᠎ᠪᠠᠨ ᠬᠤᠣᠷᠯᠠᠭᠰᠠᠨ ᠵᠡᠷᠭᠡ ᠬᠦᠨᠳᠦ ᠨᠣᠴᠢᠲᠠᠢ ᠤᠷᠰᠢᠭ ᠲᠠᠲᠠᠵᠤ᠂ ᠨᠡᠢ᠌ᠭᠡᠮ᠎ᠳᠤ ᠮᠠᠭᠤ ᠨᠦᠯᠦᠭᠡ ᠦᠵᠡᠭᠦᠯᠦᠭᠰᠡᠨ;
(2) ᠲᠤᠷ᠎ᠠ᠎ᠪᠠᠷ ᠵᠶ᠋ᠠᠨ ᠡᠩ᠎ᠤᠨ ᠣᠯᠠᠨ ᠨᠡᠶ᠋ᠢᠲᠡ᠎ᠪᠠᠷ ᠬᠦᠨᠦᠭᠡᠭᠳᠡᠬᠦᠨ ᠪᠣᠯᠭ᠋ᠠᠵᠤ᠂ ᠬᠣᠯᠪᠤᠭᠳᠠᠭᠰᠠᠨ ᠪᠦᠬᠦᠢ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠶᠡᠭᠡ ᠬᠡᠪᠴᠢᠶ᠎ᠡ᠎ᠪᠠᠷ ᠲᠠᠷᠬᠠᠭ᠋ᠠᠭ᠋ᠠᠳ᠂ ᠶᠡᠬᠡ ᠬᠡᠮᠵᠢᠶᠡᠨ᠎ᠤ ᠪᠣᠯᠬᠢ ᠪᠦᠳᠦᠭᠦᠯᠢᠭ᠂ ᠮᠠᠭᠤ ᠰᠠᠨᠠᠭ᠎ᠠ᠎ᠲᠠᠢ᠎ᠪᠠᠷ ᠰᠢᠭᠦᠮᠵᠢ ᠡᠭᠦᠰᠭᠡᠵᠦ᠂ ᠰᠦᠯᠵᠢᠶᠡᠨ᠎ᠤ ᠡᠮᠬᠢ ᠵᠢᠷᠤᠮ᠎ᠢ ᠬᠦᠨᠳᠦ ᠨᠣᠴᠢᠲᠠᠶ ᠡᠪᠳᠡᠵᠦ᠂ ᠨᠡᠶ᠋ᠢᠭᠡᠮ᠎ᠤᠨ ᠮᠠᠭᠤ ᠨᠥᠯᠥᠭᠡ ᠦᠵᠡᠭᠦᠯᠦᠭᠰᠡᠨ;
(3) ᠣᠯᠠᠨ ᠬᠥᠮᠦᠨ᠎ᠢ ᠭᠤᠲᠤᠭ᠋ᠠᠨ ᠲᠤᠷᠤᠮᠵᠢᠯᠠᠭᠰᠠᠨ᠂ ᠭᠦᠳᠭᠡᠭᠰᠡᠨ ᠪᠤᠶᠤ ᠭᠤᠲᠤᠭ᠋ᠠᠨ ᠲᠤᠷᠤᠮᠵᠢᠯᠠᠭᠰᠠᠨ᠂ ᠭᠦᠳᠭᠡᠭᠰᠡᠨ ᠮᠡᠳᠡᠭᠡ ᠵᠠᠩᠭᠢ ᠵᠢ ᠣᠯᠠᠨ ᠤᠳᠠᠭ᠎ᠠ ᠲᠠᠷᠬᠠᠭ᠋ᠠᠭ᠋ᠠᠳ ᠨᠡᠢ᠌ᠭᠡᠮ᠎ᠳᠤ ᠮᠠᠭᠤ ᠨᠦᠯᠦᠭᠡ ᠦᠵᠡᠭᠦᠯᠦᠭᠰᠡᠨ;
(4) ᠬᠦᠮᠦᠰ᠎ᠢ ᠵᠣᠬᠢᠶᠠᠨ ᠪᠠᠢ᠌ᠭᠤᠯᠵᠤ᠂ ᠵᠢᠭ᠋ᠠᠨ ᠳᠣᠬᠢᠵᠤ ᠪᠠᠶ᠋ᠢᠭ᠋ᠠᠳ ᠣᠯᠠᠨ ᠰᠦᠯᠵᠢᠶᠡᠨ᠎ᠤ ᠲᠠᠪᠴᠠᠩ᠎ᠳᠤ ᠲᠤᠷᠤᠮᠵᠢᠯᠠᠭᠰᠠᠨ᠂ ᠭᠦᠳᠭᠡᠭᠰᠡᠨ ᠮᠡᠳᠡᠭᠡ ᠵᠠᠩᠭᠢ ᠵᠢ ᠶᠡᠬᠡ ᠬᠡᠮᠵᠢᠶ᠎ᠡ᠎ᠪᠠᠷ ᠲᠠᠷᠬᠠᠭ᠋ᠠᠭ᠋ᠠᠳ᠂ ᠨᠡᠢ᠌ᠭᠡᠮ᠎ᠳᠤ ᠮᠠᠭᠤ ᠨᠦᠯᠦᠭᠡ ᠦᠵᠡᠭᠦᠯᠦᠭᠰᠡᠨ;
(5) ᠨᠡᠶ᠋ᠢᠭᠡᠮ᠎ᠤᠨ ᠡᠮᠬᠢ ᠵᠢᠷᠤᠮ᠎ᠢ ᠬᠦᠨᠳᠦ ᠨᠣᠴᠢᠲᠠᠢ ᠬᠤᠬᠢᠷᠠᠭᠤᠯᠤᠭᠰᠠᠨ ᠪᠤᠰᠤᠳ ᠪᠠᠶ᠋ᠢᠳᠠᠯ᠎ᠤᠳ᠃
13. ᠭᠤᠲᠤᠭ᠋ᠠᠭᠰᠠᠨ᠂ ᠭᠦᠳᠬᠡᠭᠰᠡᠨ ᠡᠷᠡᠭᠦᠦ ᠵᠢᠨ ᠬᠡᠷᠡᠭ᠎ᠤᠨ ᠠᠯᠪᠠᠨ ᠵᠠᠭ᠋ᠠᠯᠳᠤᠯᠭ᠎ᠠ ᠵᠢᠨ ᠵᠢᠷᠤᠮ᠎ᠢ ᠬᠠᠤᠯᠢ ᠶᠣᠰᠣᠭ᠋ᠠᠷ ᠬᠡᠷᠡᠭᠯᠡᠨ᠎ᠡ᠃ ᠨᠡᠶ᠋ᠢᠭᠡᠮ᠎ᠤᠨ ᠡᠮᠬᠢ ᠵᠢᠷᠤᠮᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠰᠦᠯᠵᠢᠶ᠎ᠡ᠎ᠪᠠᠷ ᠭᠤᠲᠤᠭ᠋ᠠᠭᠰᠠᠨ᠂ ᠭᠦᠳᠬᠡᠭᠰᠡᠨ ᠦᠢ᠍ᠯᠡ ᠠᠵᠢᠯᠯᠠᠭ᠎ᠠ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠠᠤᠯᠢ ᠶᠣᠰᠣᠭ᠋ᠠᠷ ᠴᠠᠭ ᠲᠤᠬᠠᠶ᠎ᠳᠤᠨᠢ ᠬᠡᠷᠡᠭ ᠪᠣᠯᠭ᠋ᠠᠨ ᠳᠠᠩᠰᠠᠯᠠᠬᠤ ᠬᠡᠷᠡᠭᠲᠡᠶ᠃ ᠬᠤᠣᠷᠯᠠᠭᠳᠠᠭᠴᠢ᠎ᠨᠢ ᠠᠷᠠᠳ᠎ᠤᠨ ᠰᠢᠭᠦᠬᠦ ᠬᠤᠷᠢᠶᠠᠨ᠎ᠳᠤ ᠬᠠᠮᠲᠤᠳᠤᠨᠢ ᠬᠤᠪᠢ ᠵᠢᠨ ᠵᠠᠭ᠋ᠠᠯᠳᠤᠯᠭ᠎ᠠ ᠭᠠᠷᠭ᠋ᠠᠭᠰᠠᠨ ᠪᠠᠶ᠋ᠢᠪᠠᠯ᠂ ᠠᠷᠠᠳ᠎ᠤᠨ ᠰᠢᠭᠦᠬᠦ ᠬᠤᠷᠢᠶ᠎ᠠ ᠥᠪᠡᠷᠲᠡᠭᠡᠨ ᠵᠠᠭ᠋ᠠᠯᠳᠤᠭᠴᠢ ᠵᠢ ᠤᠷᠢᠵᠤ ᠬᠤᠪᠢ ᠵᠢᠨ ᠵᠠᠭ᠋ᠠᠯᠳᠤᠯᠭ᠎ᠠ᠎ᠪᠠᠨ ᠪᠤᠴᠠᠭ᠋ᠠᠯᠭ᠋ᠠᠬᠤ ᠪᠤᠶᠤ ᠦᠯᠦ ᠬᠦᠯᠢᠶᠡᠨ ᠠᠪᠴᠤ ᠰᠢᠢ᠍ᠳᠪᠦᠷᠢᠯᠡᠬᠦ ᠲᠣᠭᠲᠠᠭ᠋ᠠᠯᠲᠠ ᠭᠠᠷᠭ᠋ᠠᠵᠤ ᠪᠣᠯᠤᠨ᠎ᠠ; ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠪᠠᠶ᠋ᠢᠪᠠᠯ᠂ ᠰᠢᠭᠦᠯᠲᠡ ᠵᠢ ᠳᠠᠭᠤᠰᠬᠠᠬᠤ ᠲᠣᠭᠲᠠᠭ᠋ᠠᠯᠲᠠ ᠭᠠᠷᠭ᠋ᠠᠬᠤ ᠵᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠶ᠂ ᠤᠤᠯ᠎ᠤᠨ ᠥᠪᠡᠷᠲᠡᠭᠡᠨ ᠵᠠᠭ᠋ᠠᠯᠳᠤᠭᠰᠠᠨ ᠬᠥᠮᠦᠨ᠎ᠨᠢ ᠬᠤᠣᠷᠯᠠᠭᠳᠠᠭᠴᠢ ᠵᠢᠨ ᠬᠤᠪᠢ᠎ᠪᠠᠷ ᠵᠠᠷᠭᠤ᠎ᠳᠤ ᠣᠷᠣᠯᠴᠠᠵᠤ ᠪᠣᠯᠤᠨ᠎ᠠ᠃ ᠰᠦᠯᠵᠢᠶ᠎ᠡ᠎ᠪᠠᠷ ᠭᠤᠲᠤᠭ᠋ᠠᠭᠰᠠᠨ᠂ ᠭᠦᠳᠬᠡᠭᠰᠡᠨ ᠦᠢ᠍ᠯᠡ ᠠᠵᠢᠯᠯᠠᠭ᠎ᠠ ᠵᠢ ᠬᠤᠣᠷᠯᠠᠭᠳᠠᠭᠴᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠡᠷᠡᠭ ᠪᠣᠯᠭ᠋ᠠᠨ ᠳᠠᠩᠰᠠᠯᠠᠬᠤ᠎ᠠᠴᠠ ᠡᠮᠦᠨ᠎ᠡ ᠥᠪᠡᠷᠲᠡᠭᠡᠨ ᠵᠠᠭ᠋ᠠᠯᠳᠤᠵᠤ᠂ ᠠᠷᠠᠳ᠎ᠤᠨ ᠰᠢᠭᠦᠬᠦ ᠬᠤᠷᠢᠶ᠎ᠠ ᠬᠢᠨᠠᠨ ᠪᠠᠶ᠋ᠢᠴᠠᠭ᠋ᠠᠭ᠋ᠠᠳ ᠬᠤᠯᠪᠣᠭᠳᠠᠯ ᠪᠦᠬᠦᠢ ᠦᠢ᠍ᠯᠡ ᠠᠵᠢᠯᠯᠠᠭ᠎ᠠ᠎ᠨᠢ ᠨᠡᠶ᠋ᠢᠭᠡᠮ᠎ᠤᠨ ᠡᠮᠬᠢ ᠵᠢᠷᠤᠮᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠭᠡᠵᠦ ᠦᠵᠡᠭᠰᠡᠨ ᠪᠠᠶ᠋ᠢᠪᠠᠯ᠂ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠶ᠃
ᠰᠦᠯᠵᠢᠶ᠎ᠡ᠎ᠪᠠᠷ ᠭᠤᠲᠤᠭ᠋ᠠᠭᠰᠠᠨ᠂ ᠭᠦᠳᠬᠡᠭᠰᠡᠨ ᠦᠢ᠍ᠯᠡ ᠠᠵᠢᠯᠯᠠᠭ᠎ᠠ ᠵᠢ ᠬᠤᠣᠷᠯᠠᠭᠳᠠᠭᠴᠢ ᠪᠤᠶᠤ ᠲᠡᠭᠦᠨ᠎ᠤ ᠤᠢ᠍ᠢ᠍ᠷ᠎ᠠ ᠲᠦᠷᠦᠯ ᠰᠠᠳᠤᠨ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠬᠡᠷᠡᠭ ᠮᠡᠳᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠬᠢᠨᠠᠨ ᠪᠠᠶ᠋ᠢᠴᠠᠭ᠋ᠠᠭ᠋ᠠᠳ ᠨᠢᠭᠡᠨᠲᠡ ᠶᠠᠯ᠎ᠠ ᠪᠤᠯᠵᠤ ᠪᠦᠷᠢᠯᠳᠦᠭᠰᠡᠨ ᠪᠣᠯᠪᠠᠴᠤ ᠠᠯᠪᠠᠨ ᠵᠠᠭ᠋ᠠᠯᠳᠤᠯᠭ᠎ᠠ ᠵᠢᠨ ᠨᠥᠬᠦᠴᠡᠯ᠎ᠳᠤ ᠨᠡᠶ᠋ᠢᠴᠡᠬᠦ ᠦᠭᠡᠢ ᠭᠡᠵᠦ ᠦᠵᠡᠪᠡᠯ᠂ ᠠᠷᠠᠳ᠎ᠤᠨ ᠰᠢᠭᠦᠬᠦ ᠬᠤᠷᠢᠶᠠᠨ᠎ᠳᠤ ᠥᠪᠡᠷᠲᠡᠭᠡᠨ ᠵᠠᠭ᠋ᠠᠯᠳᠤᠬᠤ ᠵᠢ ᠬᠡᠷᠡᠭ ᠮᠡᠳᠡᠭᠦᠯᠦᠭᠴᠢ᠎ᠳᠤ ᠬᠡᠯᠡᠵᠦ ᠥᠭᠴᠦ ᠪᠣᠯᠤᠨ᠎ᠠ᠃
14. ᠬᠡᠷᠡᠭ ᠪᠣᠯᠭ᠋ᠠᠨ ᠳᠠᠩᠰᠠᠯᠠᠬᠤ᠎ᠳᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠨ᠎ᠠ᠃ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠠᠶ᠋ᠢᠯᠪᠤᠷᠢᠯᠠᠯᠲᠠ ᠵᠢᠨ ᠲᠣᠭᠲᠠᠭ᠋ᠠᠯ ᠶᠣᠰᠣᠭ᠋ᠠᠷ᠂ ᠰᠦᠯᠵᠢᠶᠡᠨ᠎ᠤ ᠬᠦᠴᠦᠷᠬᠡᠭᠯᠡᠯ᠎ᠤᠨ ᠶᠠᠯᠠᠲᠤ ᠬᠡᠷᠡᠭ᠎ᠢ ᠬᠡᠷᠡᠭ ᠪᠣᠯᠭ᠋ᠠᠨ ᠳᠠᠩᠰᠠᠯᠠᠬᠤ᠎ᠳᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠪᠠ᠃
ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠲᠤᠤᠷᠠᠳᠤ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠦᠯᠵᠢᠶᠡᠨ᠎ᠤ ᠬᠦᠴᠦᠷᠬᠡᠭᠯᠡᠯ᠎ᠤᠨ ᠬᠡᠷᠡᠭ᠎ᠢ ᠬᠡᠷᠡᠭ ᠪᠣᠯᠭ᠋ᠠᠨ ᠳᠠᠩᠰᠠᠯᠠᠬᠤ ᠠᠵᠢᠯ᠎ᠳᠠᠬᠢ ᠲᠤᠬᠠᠶ᠋ᠢᠯᠠᠭᠰᠠᠨ ᠠᠵᠢᠯ᠎ᠤᠨ ᠵᠢᠯᠤᠭᠤᠳᠤᠯᠭ᠎ᠠ ᠪᠠ ᠳᠣᠲᠣᠭ᠋ᠠᠳᠤ ᠵᠢᠨ ᠬᠢᠨᠠᠯᠲᠠ᠎ᠪᠠᠨ ᠴᠢᠩᠭ᠋ᠠᠳᠬᠠᠬᠤ ᠬᠡᠷᠡᠭᠲᠡᠶ᠃
15. ᠬᠥᠮᠦᠨ᠎ᠤ ᠨᠡᠷ᠎ᠡ ᠬᠦᠨᠳᠦ ᠵᠢᠨ ᠡᠷᠬᠡ᠎ᠳᠤ ᠬᠠᠯᠳᠠᠬᠤ ᠵᠢ ᠴᠠᠭ᠋ᠠᠵᠠᠯᠠᠬᠤ ᠵᠠᠷᠯᠢᠭ᠎ᠤᠨ ᠲᠦᠷᠢᠮ᠎ᠢ ᠬᠠᠤᠯᠢ ᠶᠣᠰᠣᠭ᠋ᠠᠷ ᠬᠡᠷᠡᠭᠯᠡᠨ᠎ᠡ᠃ ᠡᠷᠬᠡᠲᠦ ᠬᠥᠮᠦᠨ᠎ᠨᠢ ᠦᠢ᠍ᠯᠡ ᠠᠵᠢᠯᠯᠠᠭ᠋ᠠᠳᠠᠨ᠎ᠤ ᠥᠪᠡᠷ᠎ᠤᠨ ᠨᠡᠷ᠎ᠡ ᠬᠦᠨᠳᠦ ᠵᠢᠨ ᠡᠷᠬᠡ᠎ᠳᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠶᠠᠭ ᠬᠢᠵᠦ ᠪᠠᠶ᠋ᠢᠭ᠎ᠠ ᠪᠤᠶᠤ ᠬᠢᠬᠦ ᠭᠡᠵᠦ ᠪᠠᠶ᠋ᠢᠭ᠎ᠠ ᠵᠢ ᠭᠡᠷᠡᠴᠢᠯᠡᠬᠦ ᠭᠡᠷᠡᠴᠢ ᠪᠠᠷᠢᠮᠲᠠ᠎ᠲᠠᠢ ᠪᠠᠶ᠋ᠢᠵᠤ᠂ ᠴᠠᠭ ᠲᠤᠬᠠᠶ᠎ᠳᠤᠨᠢ ᠬᠤᠷᠢᠭᠯᠠᠨ ᠵᠣᠭᠰᠣᠭ᠋ᠠᠬᠤ ᠦᠭᠡᠢ ᠪᠣᠯ ᠲᠡᠭᠦᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠨᠥᠬᠦᠪᠥᠷᠢᠯᠡᠬᠦᠶᠡ ᠪᠡᠷᠬᠡ ᠬᠤᠬᠢᠷᠠᠯ ᠤᠴᠠᠷᠠᠭᠤᠯᠬᠤ ᠲᠤᠯᠠ᠂ ᠢᠷᠭᠡᠨ᠎ᠤ ᠬᠠᠤᠯᠢ ᠵᠢᠨ ᠪᠢᠴᠢᠭ᠎ᠤᠨ ᠶᠢᠰᠦᠨ ᠵᠠᠭᠤ ᠶᠡᠷᠡᠨ ᠳᠣᠯᠣᠳᠤᠭ᠋ᠠᠷ ᠵᠦᠢ᠍ᠯ᠎ᠢ ᠦᠨᠳᠦᠰᠦᠯᠡᠨ ᠦᠢ᠍ᠯᠡ ᠠᠵᠢᠯᠯᠠᠭ᠋ᠠᠳᠠᠨᠢ ᠵᠠᠷᠯᠢᠭᠳᠠᠵᠤ ᠪᠠᠶ᠋ᠢᠭ᠋ᠠᠳ ᠬᠤᠯᠪᠣᠭᠳᠠᠯ ᠪᠦᠬᠦᠢ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠯᠭ᠋ᠠᠬᠤ ᠠᠷᠭ᠎ᠠ ᠬᠡᠮᠵᠢᠶ᠎ᠡ ᠠᠪᠤᠭᠤᠯᠬᠤ᠎ᠪᠠᠷ ᠠᠷᠠᠳ᠎ᠤᠨ ᠰᠢᠭᠦᠬᠦ ᠬᠤᠷᠢᠶ᠎ᠠ᠎ᠳᠤ ᠭᠤᠶᠤᠴᠢᠯᠠᠭᠰᠠᠨ ᠪᠠᠶ᠋ᠢᠪᠠᠯ᠂ ᠠᠷᠠᠳ᠎ᠤᠨ ᠰᠢᠭᠦᠬᠦ ᠬᠤᠷᠢᠶ᠎ᠠ ᠬᠡᠷᠡᠭ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ ᠬᠠᠤᠯᠢ ᠶᠣᠰᠣᠭ᠋ᠠᠷ ᠬᠥᠮᠦᠨ᠎ᠤ ᠨᠡᠷ᠎ᠡ ᠬᠦᠨᠳᠦ ᠵᠢᠨ ᠡᠷᠬᠡ᠎ᠳᠤ ᠬᠠᠯᠳᠠᠬᠤ ᠵᠢ ᠴᠠᠭ᠋ᠠᠵᠠᠯᠠᠬᠤ ᠵᠠᠷᠯᠢᠭ ᠭᠠᠷᠭ᠋ᠠᠵᠤ ᠪᠣᠯᠤᠨ᠎ᠠ᠃
16. ᠬᠠᠤᠯᠢ ᠶᠣᠰᠣᠭ᠋ᠠᠷ ᠨᠡᠶ᠋ᠢᠲᠡ ᠵᠢᠨ ᠠᠰᠠᠷᠠᠮᠵᠢ ᠵᠢᠨ ᠵᠠᠭ᠋ᠠᠯᠳᠤᠯᠭ᠎ᠠ ᠭᠠᠷᠭ᠋ᠠᠨ᠎ᠠ᠃ ᠰᠦᠯᠵᠢᠶᠡᠨ᠎ᠤ ᠬᠦᠴᠦᠷᠬᠡᠭᠯᠡᠯ᠎ᠤᠨ ᠦᠢ᠍ᠯᠡ ᠠᠵᠢᠯᠯᠠᠭ᠎ᠠ᠎ᠨᠢ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠤᠬᠢᠷᠠᠭᠤᠯᠤᠭᠰᠠᠨ ᠪᠠᠶ᠋ᠢᠪᠠᠯ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠬᠠᠤᠯᠢ ᠶᠣᠰᠣᠭ᠋ᠠᠷ ᠠᠷᠠᠳ᠎ᠤᠨ ᠰᠢᠭᠦᠬᠦ ᠬᠤᠷᠢᠶᠠᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ᠃
ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ᠎ᠨᠢ ᠣᠯᠵᠤ ᠮᠡᠳᠡᠭᠰᠡᠨ ᠰᠦᠯᠵᠢᠶᠡᠨ᠎ᠤ ᠬᠦᠴᠦᠷᠬᠡᠭᠯᠡᠯ᠎ᠤᠨ ᠮᠡᠳᠡᠭᠡ ᠵᠠᠩᠭᠢ᠎ᠨᠢ ᠮᠡᠳᠡᠭᠡ ᠵᠠᠩᠭᠢ ᠵᠢᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠎ᠠᠴᠠ ᠪᠤᠯᠵᠤ᠂ ᠬᠠᠤᠯᠢ ᠵᠢ ᠵᠥᠷᠢᠴᠡᠭᠰᠡᠨ ᠮᠡᠳᠡᠭᠡ ᠵᠠᠩᠭᠢ ᠵᠢ ᠶᠡᠭᠡ ᠬᠡᠮᠵᠢᠶ᠎ᠡ᠎ᠪᠠᠷ ᠤᠯᠠᠮᠵᠢᠯᠠᠨ ᠲᠠᠷᠬᠠᠭ᠋ᠠᠭᠰᠠᠨ ᠪᠤᠶᠤ ᠪᠤᠰᠤᠳ ᠬᠦᠨᠳᠦ ᠨᠣᠴᠢᠲᠠᠶ ᠦᠢ᠍ᠯᠡ ᠪᠠᠶ᠋ᠢᠳᠠᠯ᠎ᠲᠠᠢ ᠪᠠᠶ᠋ᠢᠵᠤ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠤᠬᠢᠷᠠᠭᠤᠯᠤᠭᠰᠠᠨ ᠪᠠᠶ᠋ᠢᠪᠠᠯ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠬᠠᠤᠯᠢ ᠶᠣᠰᠣᠭ᠋ᠠᠷ ᠠᠷᠠᠳ᠎ᠤᠨ ᠰᠢᠭᠦᠬᠦ ᠬᠤᠷᠢᠶᠠᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ᠃
ᠠᠷᠠᠳ᠎ᠤᠨ ᠪᠠᠶ᠋ᠢᠴᠠᠭ᠋ᠠᠬᠤ ᠬᠤᠷᠢᠶ᠎ᠠ ᠰᠦᠯᠵᠢᠶᠡᠨ᠎ᠤ ᠬᠦᠴᠦᠷᠬᠡᠭᠯᠡᠯ ᠵᠶ᠋ᠠᠷ ᠵᠠᠰᠠᠬᠤ ᠬᠦᠷᠢᠶᠡᠨ᠎ᠳᠠᠬᠢ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠡᠷᠡᠭ᠎ᠢ ᠰᠢᠢ᠍ᠳᠪᠦᠷᠢᠯᠡᠬᠦ᠎ᠳᠤ᠎ᠪᠠᠨ ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ ᠵᠢ ᠴᠢᠬᠤᠯᠠ ᠪᠦᠬᠦᠢ ᠮᠡᠷᠭᠡᠵᠢᠯ᠎ᠤᠨ ᠳᠡᠮᠵᠢᠯᠭᠡ ᠪᠠ ᠬᠠᠮᠵᠢᠯᠴᠠᠭ᠎ᠠ ᠬᠠᠩᠭ᠋ᠠᠯᠭ᠋ᠠᠬᠤ᠎ᠪᠠᠷ ᠬᠠᠤᠯᠢ ᠶᠣᠰᠣᠭ᠋ᠠᠷ ᠱᠠᠭ᠋ᠠᠷᠳᠠᠵᠤ ᠪᠣᠯᠤᠨ᠎ᠠ᠃
ᠳᠥᠷᠪᠡ᠂ ᠠᠵᠢᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠶᠡᠷᠦᠩᠬᠡᠶ᠋ᠢᠯᠡᠨ ᠵᠠᠰᠠᠬᠤ ᠵᠢ ᠴᠢᠩᠭ᠋ᠠᠷᠠᠭᠤᠯᠬᠤ ᠵᠢ ᠠᠬᠢᠭᠤᠯᠬᠤ ᠬᠡᠷᠡᠭᠲᠡᠶ᠃
17. ᠬᠤᠬᠢᠷᠠᠯ ᠠᠮᠰᠠᠭᠴᠢ ᠵᠢᠨ ᠡᠷᠬᠡ ᠠᠰᠢᠭ᠎ᠢ ᠪᠦᠲᠦᠮᠵᠢᠲᠡᠶ ᠪᠠᠲᠤᠯᠠᠨ᠎ᠠ᠃ ᠰᠦᠯᠵᠢᠶᠡᠨ᠎ᠤ ᠬᠦᠴᠦᠷᠬᠡᠭᠯᠡᠯ᠎ᠤᠨ ᠬᠡᠷᠡᠭ᠎ᠢ ᠰᠢᠢ᠍ᠳᠪᠦᠷᠢᠯᠡᠬᠦ᠎ᠳᠤ᠎ᠪᠠᠨ ᠵᠠᠷᠭᠤ ᠵᠢᠨ ᠣᠷᠣᠯᠠᠭᠴᠢ᠎ᠳᠤ ᠨᠠᠶ᠋ᠢᠳᠠᠬᠤ ᠡᠷᠬᠡ᠎ᠲᠠᠢ ᠭᠡᠳᠡᠭ᠎ᠢ ᠬᠤᠬᠢᠷᠠᠯ ᠠᠮᠰᠠᠭᠴᠢ ᠵᠢᠴᠢ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠣᠷᠣᠯᠠᠭᠴᠢ ᠪᠤᠶᠤ ᠤᠢ᠍ᠢ᠍ᠷ᠎ᠠ ᠲᠦᠷᠦᠯ ᠰᠠᠳᠤᠨ᠎ᠳᠤ ᠴᠠᠭ ᠲᠤᠬᠠᠶ᠎ᠳᠤᠨᠢ ᠬᠡᠯᠡᠵᠦ ᠥᠭᠬᠦ ᠬᠡᠷᠡᠭᠲᠡᠶ ᠪᠥᠭᠡᠳ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ ᠡᠷᠬᠡ᠎ᠲᠠᠢ ᠭᠡᠳᠡᠭ᠎ᠢ ᠲᠡᠭᠦᠨ᠎ᠳᠤ ᠬᠡᠯᠡᠵᠦ ᠥᠭᠬᠦ ᠬᠡᠷᠡᠭᠲᠡᠶ᠃ ᠬᠤᠯᠪᠣᠭᠳᠠᠯ ᠪᠦᠬᠦᠢ ᠰᠦᠯᠵᠢᠶᠡᠨ᠎ᠤ ᠬᠦᠴᠦᠷᠬᠡᠭᠯᠡᠯ᠎ᠤᠨ ᠮᠡᠳᠡᠭᠡ ᠵᠠᠩᠭᠢ ᠵᠢᠨ ᠳᠠᠮᠵᠢᠭᠤᠯᠭ᠎ᠠ ᠵᠢᠨ ᠬᠦᠷᠢᠶ᠎ᠡ ᠬᠡᠪᠴᠢᠶ᠎ᠡ ᠥᠷᠭᠡᠨ᠂ ᠨᠡᠶ᠋ᠢᠭᠡᠮ᠎ᠤᠨ ᠬᠤᠣᠷ ᠬᠥᠨᠥᠭᠡᠯ ᠶᠡᠭᠡ᠂ ᠨᠥᠯᠥᠭᠡ ᠵᠢ ᠠᠷᠢᠯᠭ᠋ᠠᠬᠤ᠎ᠳᠤ ᠬᠦᠴᠢᠷ ᠪᠠᠶ᠋ᠢᠬᠤ ᠪᠣᠳᠠᠲᠤ ᠪᠠᠶ᠋ᠢᠳᠠᠯ᠎ᠳᠤ ᠴᠢᠭᠯᠡᠭᠦᠯᠦᠨ᠂ ᠬᠠᠤᠯᠢ ᠶᠣᠰᠣᠭ᠋ᠠᠷ ᠴᠠᠭ ᠲᠤᠬᠠᠶ᠎ᠳᠤᠨᠢ ᠨᠡᠶ᠋ᠢᠭᠡᠮ᠎ᠳᠤ ᠬᠡᠷᠡᠭ᠎ᠤᠨ ᠠᠬᠢᠴᠠ ᠵᠢᠨ ᠮᠡᠳᠡᠭᠡ ᠵᠠᠩᠭᠢ ᠵᠢ ᠨᠡᠶ᠋ᠢᠲᠡᠯᠡᠵᠦ᠂ ᠪᠣᠳᠠᠲᠤ ᠬᠡᠷᠡᠭ᠎ᠤᠨ ᠦᠨᠡᠨ ᠪᠠᠶ᠋ᠢᠳᠠᠯ᠎ᠢ ᠲᠣᠳᠣᠷᠬᠠᠶ᠋ᠢᠯᠠᠵᠤ᠂ ᠮᠠᠭᠤ ᠨᠥᠯᠥᠭᠡ ᠵᠢ ᠪᠦᠲᠦᠮᠵᠢᠲᠡᠶ᠎ᠪᠠᠷ ᠠᠷᠢᠯᠭ᠋ᠠᠬᠤ ᠬᠡᠷᠡᠭᠲᠡᠶ᠃ ᠶᠠᠯ᠎ᠠ᠎ᠪᠠᠨ ᠮᠡᠳᠡᠷᠡᠵᠦ ᠰᠢᠢ᠍ᠳᠭᠡᠯ᠎ᠢ ᠮᠡᠳᠡᠷᠡᠭᠰᠡᠨᠢ ᠠᠭᠤᠴᠢᠯᠠᠨ ᠰᠢᠢ᠍ᠳᠭᠡᠬᠦ ᠲᠦᠷᠢᠮ᠎ᠢ ᠬᠠᠤᠯᠢ ᠶᠣᠰᠣᠭ᠋ᠠᠷ ᠬᠡᠷᠡᠭᠯᠡᠵᠦ᠂ ᠵᠠᠭ᠋ᠠᠯᠳᠤᠭᠳᠠᠭᠴᠢ ᠵᠢᠨ ᠶᠠᠯ᠎ᠠ᠎ᠪᠠᠨ ᠮᠡᠳᠡᠷᠡᠵᠦ ᠰᠢᠢ᠍ᠳᠭᠡᠯ᠎ᠢ ᠮᠡᠳᠡᠷᠡᠬᠦ᠂ ᠦᠨᠡᠨ ᠰᠡᠳᠬᠢᠯ᠎ᠠᠴᠠ᠎ᠪᠠᠨ ᠶᠠᠯ᠎ᠠ᠎ᠪᠠᠨ ᠭᠡᠮᠰᠢᠬᠦ ᠵᠢ ᠠᠬᠢᠭᠤᠯᠵᠤ᠂ ᠵᠠᠭᠤᠴᠢᠯᠠᠭᠤᠷ ᠵᠶ᠋ᠠᠷ ᠢᠯᠡ᠎ᠪᠠᠷ ᠪᠤᠷᠤᠭᠤ ᠬᠦᠯᠢᠶᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠤᠬᠢᠷᠠᠯ ᠠᠮᠰᠠᠭᠴᠢ ᠵᠢᠨ ᠨᠡᠷ᠎ᠡ ᠬᠦᠨᠳᠦ ᠵᠢᠨ ᠡᠷᠬᠡ ᠵᠢ ᠪᠦᠲᠦᠮᠵᠢᠲᠡᠶ ᠬᠠᠮᠠᠭ᠋ᠠᠯᠠᠬᠤ ᠵᠢ ᠪᠡᠶᠡᠯᠡᠭᠦᠯᠪᠡ᠃ ᠡᠷᠡᠭᠦᠦ ᠰᠢᠢ᠍ᠳᠭᠡᠯ ᠵᠶ᠋ᠠᠷ ᠰᠢᠢ᠍ᠳᠭᠡᠭᠳᠡᠭᠰᠡᠨ ᠵᠠᠭ᠋ᠠᠯᠳᠤᠭᠳᠠᠭᠴᠢ᠎ᠳᠤ ᠲᠤᠬᠠᠶ᠋ᠢᠯᠠᠭᠰᠠᠨ ᠠᠵᠢᠯ᠎ᠤᠨ ᠴᠠᠭ᠋ᠠᠵᠠᠯᠠᠯ ᠪᠤᠶᠤ ᠴᠠᠭ᠋ᠠᠵᠠᠯᠠᠯᠤᠨ ᠵᠠᠷᠯᠢᠭ᠎ᠢ ᠬᠠᠤᠯᠢ ᠶᠣᠰᠣᠭ᠋ᠠᠷ ᠵᠠᠷᠯᠠᠵᠤ ᠪᠣᠯᠤᠨ᠎ᠠ᠃
18. ᠵᠣᠯᠭ᠋ᠠᠭᠤᠯᠤᠨ ᠬᠠᠮᠵᠢᠯᠴᠠᠬᠤ ᠵᠢ ᠴᠢᠩᠭ᠋ᠠᠷᠠᠭᠤᠯᠤᠨ᠎ᠠ᠃ ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠤᠭᠤᠳ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠣᠶ᠋ᠢᠯᠠᠭ᠋ᠠᠭᠳᠠᠬᠤᠨ ᠵᠶ᠋ᠠᠨ ᠨᠢᠭᠡᠳᠬᠡᠨ᠂ ᠥᠪᠡᠷᠲᠡᠭᠡᠨ ᠵᠠᠭ᠋ᠠᠯᠳᠤᠬᠤ ᠵᠢᠷᠤᠮ ᠬᠢᠭᠡᠳ ᠠᠯᠪᠠᠨ ᠵᠠᠭ᠋ᠠᠯᠳᠤᠯᠭ᠎ᠠ ᠵᠢᠨ ᠵᠢᠷᠤᠮ᠎ᠢ ᠡᠮᠬᠢ ᠵᠢᠷᠤᠮ᠎ᠲᠠᠢ᠎ᠪᠠᠷ ᠵᠣᠯᠭ᠋ᠠᠭᠤᠯᠵᠤ᠂ ᠬᠡᠷᠡᠭ᠎ᠢ ᠤᠷᠤᠭᠰᠢᠲᠠᠶ ᠲᠤᠷᠰᠢᠨ ᠪᠠᠶ᠋ᠢᠴᠠᠭ᠋ᠠᠬᠤ᠂ ᠵᠠᠭ᠋ᠠᠯᠳᠤᠬᠤ᠂ ᠰᠢᠭᠦᠨ ᠲᠠᠰᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠦᠨᠳᠦ ᠶᠡᠭᠡ᠂ ᠰᠡᠷᠭᠡᠭ ᠪᠥᠭᠡᠳ ᠪᠤᠳᠤᠯᠢᠶᠠᠨᠲᠠᠶ ᠬᠡᠷᠡᠭ᠎ᠲᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠠᠷᠠᠳ᠎ᠤᠨ ᠪᠠᠶ᠋ᠢᠴᠠᠭ᠋ᠠᠬᠤ ᠬᠤᠷᠢᠶᠠᠨ᠎ᠤ ᠰᠠᠨᠠᠯ ᠰᠠᠨᠠᠭᠤᠯᠭ᠎ᠠ ᠵᠢ ᠰᠣᠨᠣᠰᠤᠭᠰᠠᠨ ᠪᠠᠶ᠋ᠢᠪᠠᠯ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠴᠠᠭ ᠲᠤᠬᠠᠶ᠎ᠳᠤᠨᠢ ᠬᠠᠩᠭ᠋ᠠᠵᠤ᠂ ᠬᠡᠷᠡᠭ᠎ᠢ ᠬᠠᠤᠯᠢ ᠶᠣᠰᠣᠭ᠋ᠠᠷ ᠯᠠᠪᠳᠠᠭᠤᠨ ᠵᠶ᠋ᠠᠷ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠵᠣᠬᠢᠴᠠᠭᠤᠯᠤᠨ ᠬᠠᠮᠵᠢᠯᠴᠠᠬᠤ ᠵᠢ ᠴᠢᠩᠭ᠋ᠠᠳᠬᠠᠵᠤ᠂ ᠡᠯ᠎ᠡ ᠨᠢᠭᠡᠴᠢ ᠵᠢᠨ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠥᠨᠳᠥᠷ ᠪᠦᠲᠦᠮᠵᠢᠲᠡᠶ᠎ᠪᠠᠷ ᠬᠠᠮᠲᠤᠷᠠᠨ ᠬᠥᠳᠡᠯᠦᠯᠴᠡᠬᠦ ᠪᠠᠶ᠋ᠢᠩᠭᠤᠵᠢᠭᠰᠠᠨ ᠠᠵᠢᠯ᠎ᠤᠨ ᠪᠠᠶ᠋ᠢᠷᠢᠰᠢᠯ᠎ᠢ ᠪᠤᠢ ᠪᠣᠯᠭ᠋ᠠᠵᠤ᠂ ᠰᠦᠯᠵᠢᠶᠡᠨ᠎ᠤ ᠬᠦᠴᠦᠷᠬᠡᠭᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠪᠦᠲᠦᠮᠵᠢᠲᠡᠶ᠎ᠪᠠᠷ ᠵᠠᠯᠬᠠᠭ᠋ᠠᠨ ᠰᠢᠢ᠍ᠳᠭᠡᠬᠦ ᠪᠠ ᠵᠠᠰᠠᠨ᠎ᠠ᠃
19. ᠬᠠᠤᠯᠢ᠎ᠪᠠᠷ ᠵᠠᠰᠠᠬᠤ ᠤᠬᠠᠭᠤᠯᠭ᠎ᠠ ᠵᠢ ᠰᠠᠶ᠋ᠢᠲᠤᠷ ᠬᠢᠬᠦ ᠬᠡᠷᠡᠭᠲᠡᠶ᠃ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠬᠢᠨᠠᠮᠠᠭ᠋ᠠᠶ ᠲᠤᠭᠤᠰᠢᠯᠠᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠵᠢᠨ ᠲᠦᠷᠢᠮ ᠵᠶ᠋ᠠᠷ ᠬᠥᠲᠥᠯᠥᠨ ᠳᠠᠭ᠋ᠠᠭᠤᠯᠬᠤ᠂ ᠦᠷᠳᠡᠭ ᠵᠶ᠋ᠠᠷ ᠤᠳᠤᠷᠢᠳᠤᠮᠵᠢ ᠪᠣᠯᠭ᠋ᠠᠬᠤ ᠪᠠ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃ ᠰᠦᠯᠵᠢᠶᠡᠨ᠎ᠤ ᠬᠦᠴᠦᠷᠬᠡᠭᠯᠡᠯ᠎ᠳᠤ ᠬᠤᠯᠪᠣᠭᠳᠠᠭᠰᠠᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ 《ᠰᠦᠯᠵᠢᠶᠡᠨ᠎ᠤ ᠣᠷᠣᠨ ᠵᠠᠶ ᠪᠣᠯ ᠬᠠᠤᠯᠢ ᠵᠢᠨ ᠭᠠᠳᠠᠨᠠᠬᠢ ᠭᠠᠵᠠᠷ ᠪᠢᠰᠢ》 ᠭᠡᠳᠡᠭ᠎ᠢ ᠲᠣᠳᠣᠷᠬᠠᠶ ᠳᠠᠮᠵᠢᠭᠤᠯᠵᠤ᠂ ᠥᠷᠭᠡᠨ ᠤᠯᠠᠨ ᠰᠦᠯᠵᠢᠶᠡᠨ᠎ᠤ ᠢᠷᠭᠡᠳ᠎ᠤᠨ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠵᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠨᠡᠶ᠋ᠢᠭᠡᠮ᠎ᠤᠨ ᠪᠣᠯᠪᠠᠰᠤᠨ᠎ᠤ ᠬᠡᠪ ᠰᠤᠷᠲᠠᠯ᠎ᠢ ᠬᠥᠲᠥᠯᠥᠨ ᠳᠠᠭ᠋ᠠᠭᠤᠯᠪᠠ᠃
20. ᠰᠦᠯᠵᠢᠶᠡᠨ᠎ᠤ ᠬᠦᠴᠦᠷᠬᠡᠭᠯᠡᠯ᠎ᠢ ᠶᠡᠷᠦᠩᠬᠡᠶ᠋ᠢᠯᠡᠨ ᠵᠠᠰᠠᠬᠤ ᠵᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠡᠭᠦᠷᠭᠡ ᠴᠢᠳᠠᠪᠤᠷᠢ᠎ᠳᠤ ᠰᠠᠭᠤᠷᠢᠯᠠᠨ᠂ ᠰᠦᠯᠵᠢᠶᠡᠨ᠎ᠤ ᠬᠦᠴᠦᠷᠬᠡᠭᠯᠡᠯ᠎ᠳᠤ ᠬᠤᠯᠪᠣᠭᠳᠠᠭᠰᠠᠨ ᠬᠤᠯᠪᠣᠭᠳᠠᠯ ᠪᠦᠬᠦᠢ ᠬᠡᠷᠡᠭ᠎ᠢ ᠬᠠᠤᠯᠢ ᠶᠣᠰᠣᠭ᠋ᠠᠷ ᠰᠢᠢ᠍ᠳᠪᠦᠷᠢᠯᠡᠭᠰᠡᠨ ᠰᠠᠭᠤᠷᠢᠨ ᠳᠡᠭᠡᠷ᠎ᠡ᠂ ᠵᠠᠷᠭᠤ ᠵᠢᠨ ᠢᠷᠡᠯᠲᠡ ᠵᠢᠨ ᠵᠠᠰᠠᠯᠲᠠ ᠵᠢ ᠪᠣᠳᠠᠲᠠᠶ᠋ᠢᠵᠢᠭᠤᠯᠵᠤ᠂ ᠰᠦᠯᠵᠢᠶᠡᠨ᠎ᠤ ᠬᠦᠴᠦᠷᠬᠡᠭᠯᠡᠯ᠎ᠤᠨ ᠡᠭᠦᠰᠬᠦ ᠵᠢ ᠠᠬᠢᠭᠤᠯᠬᠤ ᠦᠨᠳᠦᠰᠦ ᠰᠤᠷᠪᠤᠯᠵᠢ ᠵᠢ ᠭᠦᠨᠵᠡᠭᠡᠶ ᠵᠠᠳᠠᠯᠵᠤ᠂ ᠬᠠᠤᠯᠢ ᠪᠠᠷᠢᠬᠤ ᠰᠠᠨᠠᠭᠤᠯᠭ᠎ᠠ᠂ ᠪᠠᠶ᠋ᠢᠴᠠᠭ᠋ᠠᠬᠤ ᠰᠠᠨᠠᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠰᠠᠨᠠᠭᠤᠯᠤᠮᠵᠢ ᠵᠢᠨ ᠪᠢᠴᠢᠭ ᠳᠤᠷᠠᠳᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠦᠯᠵᠢᠶᠡᠨ᠎ᠤ ᠬᠦᠴᠦᠷᠬᠡᠭᠯᠡᠯ᠎ᠢ ᠤᠯᠠᠨ ᠡᠰᠢᠴᠢᠯᠡᠨ ᠬᠠᠮᠲᠤ᠎ᠪᠠᠷ ᠵᠠᠰᠠᠬᠤ ᠵᠢ ᠠᠬᠢᠭᠤᠯᠵᠤ᠂ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠭᠴᠢ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠪᠠᠲᠤᠳᠬᠠᠨ᠂ ᠤᠷᠳᠤ ᠬᠤᠭᠤᠴᠠᠭ᠋ᠠᠨ᠎ᠤ ᠪᠦᠲᠦᠮᠵᠢᠲᠡᠶ ᠵᠠᠰᠠᠬᠤ ᠲᠣᠭᠲᠠᠴᠠ ᠵᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠦᠯᠵᠢᠶᠡᠨ᠎ᠤ ᠬᠦᠴᠦᠷᠬᠡᠭᠯᠡᠯ᠎ᠤᠨ ᠡᠭᠦᠰᠬᠦ ᠵᠢ ᠦᠨᠳᠦᠰᠦᠨ᠎ᠠᠴᠠ᠎ᠨᠢ ᠪᠠᠭ᠋ᠠᠰᠬᠠᠵᠤ᠂ ᠰᠦᠯᠵᠢᠶᠡᠨ᠎ᠤ ᠴᠡᠪᠡᠷ ᠲᠤᠩᠭ᠋ᠠᠯᠠᠭ ᠣᠷᠣᠨ ᠵᠠᠶ ᠵᠢ ᠪᠤᠢ ᠪᠣᠯᠭ᠋ᠠᠨ᠎ᠠ᠃