ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠮᠢ ᠠᠬᠤᠶ ᠵᠢᠨ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠠᠷᠭ᠎ᠠ
ᠨᠡᠶ᠋ᠢᠲᠡᠯᠡᠭᠰᠡᠨ ᠴᠠᠭ᠄ 2024-10-09

      ᠨᠢᠭᠡᠳᠦᠭᠡᠷ ᠵᠦᠢ᠍ᠯ  ᠠᠷᠠᠳ ᠢᠷᠭᠡᠳ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠵᠣᠷᠢᠭᠵᠢᠭᠤᠯᠵᠤ ᠪᠠᠶ᠋ᠢᠭ᠋ᠠᠳ ᠠᠮᠢ ᠠᠬᠤᠶ ᠵᠢᠨ ᠣᠷᠴᠢᠨ ᠲᠣᠭᠣᠷᠢᠨ᠂ ᠢᠳᠡᠭᠡᠨ ᠪᠠ ᠡᠮ᠎ᠤᠨ ᠵᠦᠢ᠍ᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠡᠷᠭᠡ ᠬᠦᠷᠢᠶ᠎ᠡ ᠴᠠᠷᠠᠭ᠎ᠠ᠎ᠳᠠᠬᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠢᠳᠡᠪᠬᠢᠲᠡᠶ᠎ᠪᠠᠷ ᠢᠯᠡᠴᠢᠯᠡᠨ ᠮᠡᠳᠡᠭᠦᠯᠦᠭᠦᠯᠵᠦ᠂ ᠨᠡᠶ᠋ᠢᠭᠡᠮ ᠵᠶ᠋ᠠᠷ ᠵᠶ᠋ᠠᠨ ᠬᠠᠮᠲᠤᠪᠠᠷ ᠵᠠᠰᠠᠬᠤ ᠵᠢ ᠠᠬᠢᠭᠤᠯᠤᠨ᠂ ᠠᠮᠢ ᠠᠬᠤᠶ ᠵᠢᠨ ᠣᠷᠴᠢᠨ ᠲᠣᠭᠣᠷᠢᠨ᠂ ᠢᠳᠡᠭᠡᠨ ᠪᠠ ᠡᠮ᠎ᠤᠨ ᠵᠦᠢ᠍ᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠡᠷᠭᠡ ᠬᠦᠷᠢᠶ᠎ᠡ ᠴᠠᠷᠠᠭ᠎ᠠ ᠵᠢᠨ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ  ᠲᠤᠰ ᠠᠷᠭ᠎ᠠ᠎ᠳᠤ ᠬᠡᠯᠡᠵᠦ ᠪᠠᠶ᠋ᠢᠭ᠎ᠠ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠭᠡᠳᠡᠭ᠎ᠨᠢ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ (ᠠᠷᠤ᠎ᠳᠤ ᠢᠯᠡᠴᠢᠯᠡᠨ ᠮᠡᠳᠡᠭᠦᠯᠦᠭᠴᠢ ᠭᠡᠵᠦ ᠲᠣᠪᠴᠢᠯᠠᠨ᠎ᠠ)᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷ᠎ᠠ ᠣᠯᠵᠤ ᠮᠡᠳᠡᠭᠰᠡᠨ ᠠᠮᠢ ᠠᠬᠤᠶ ᠵᠢᠨ ᠣᠷᠴᠢᠨ ᠲᠣᠭᠣᠷᠢᠨ᠂ ᠣᠶ ᠰᠢᠭᠤᠶ ᠨᠤᠲᠤᠭ ᠪᠡᠯᠴᠢᠭᠡᠷ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠂ ᠠᠮᠢᠳᠤ ᠪᠣᠳᠠᠰ᠎ᠤᠨ ᠠᠮᠤᠷ ᠲᠦᠪᠰᠢᠨ᠂ ᠢᠳᠡᠭᠡᠨ ᠪᠠ ᠡᠮ᠎ᠤᠨ ᠵᠦᠢ᠍ᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢ᠍ᠯᠡᠳᠴᠦ ᠪᠣᠷᠣᠯᠠᠭᠤᠯᠬᠤ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ (ᠠᠷᠤ᠎ᠳᠤ 《ᠠᠮᠢ ᠠᠬᠤᠶ ᠵᠢᠨ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ》 ᠭᠡᠵᠦ ᠲᠣᠪᠴᠢᠯᠠᠨ᠎ᠠ)᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠠᠷᠢᠶᠠᠨ᠎ᠳᠤ ᠬᠠᠷᠢᠶᠠᠯᠠᠭᠳᠠᠬᠤ ᠵᠢ ᠢᠯᠡᠴᠢᠯᠡᠨ ᠮᠡᠳᠡᠭᠦᠯᠦᠭᠰᠡᠨ᠎ᠤ ᠳᠠᠷᠠᠭ᠎ᠠ᠂ ᠢᠯᠡᠴᠢᠯᠡᠨ ᠮᠡᠳᠡᠭᠦᠯᠦᠭᠴᠢ ᠵᠢ ᠱᠠᠩᠨᠠᠬᠤ ᠵᠢ ᠵᠢᠭ᠋ᠠᠵᠤ ᠪᠤᠶ᠃
      ᠭᠤᠷᠪᠠᠳᠤᠭ᠋ᠠᠷ ᠵᠦᠢ᠍ᠯ  ᠢᠯᠡᠴᠢᠯᠡᠨ ᠮᠡᠳᠡᠭᠦᠯᠦᠭᠴᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠬᠦ᠎ᠳᠤ ᠳᠣᠣᠷᠠᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
      (ᠨᠢᠭᠡ) ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠢᠯᠡᠴᠢᠯᠡᠨ ᠮᠡᠳᠡᠭᠦᠯᠦᠭᠰᠡᠨ ᠰᠦᠪᠡᠭᠴᠢ ᠵᠢ ᠦᠨᠳᠦᠰᠦᠯᠡᠨ ᠬᠡᠷᠡᠭ᠎ᠢ ᠰᠢᠭᠤᠳ ᠢᠯᠡᠷᠡᠭᠦᠯᠬᠦ ᠪᠤᠶᠤ ᠨᠢᠭᠤᠨ ᠳᠠᠯᠳᠠᠯᠠᠭᠰᠠᠨ ᠭᠠᠵᠠᠷ᠎ᠢ᠎ᠨᠢ ᠪᠠᠶ᠋ᠢᠴᠠᠭ᠋ᠠᠨ ᠢᠯᠡᠷᠡᠭᠦᠯᠵᠦ ᠰᠡᠵᠢᠭᠳᠡᠨ᠎ᠢ ᠪᠠᠷᠢᠪᠴᠢᠯᠠᠨ᠎ᠠ;
      (ᠬᠣᠶᠠᠷ) ᠤᠷᠭᠤᠨ ᠳᠤᠲᠠᠭ᠋ᠠᠭᠰᠠᠨ ᠰᠡᠵᠢᠭᠯᠡᠯᠲᠡᠢ ᠡᠲᠡᠭᠡᠳ᠎ᠤᠨ ᠨᠢᠭᠤᠨ ᠳᠠᠯᠳᠠᠯᠠᠵᠤ ᠪᠠᠶ᠋ᠢᠭ᠎ᠠ ᠭᠠᠵᠠᠷ᠎ᠢ ᠢᠯᠡᠴᠢᠯᠡᠨ ᠮᠡᠳᠡᠭᠦᠯᠵᠦ᠂ ᠬᠣᠯᠪᠣᠭᠳᠠᠯ ᠪᠦᠬᠦᠢ ᠰᠦᠪᠡᠭᠴᠢ ᠬᠠᠩᠭ᠋ᠠᠵᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢ ᠬᠠᠪᠰᠤᠷᠤᠨ ᠰᠡᠵᠢᠭᠯᠡᠯᠲᠡᠢ ᠡᠲᠡᠭᠡᠳ᠎ᠢ ᠪᠠᠷᠢᠵᠤ ᠠᠪᠤᠭᠰᠠᠨ;
      (ᠭᠤᠷᠪᠠ) ᠰᠡᠵᠢᠭᠯᠡᠯᠲᠡᠢ ᠬᠥᠮᠦᠨ᠎ᠤ ᠠᠵᠢᠯᠯᠠᠭ᠎ᠠ ᠵᠢᠨ ᠦᠢ᠍ᠯᠡ ᠠᠵᠢᠯᠯᠠᠭ᠎ᠠ ᠵᠢᠴᠢ ᠬᠣᠯᠪᠣᠭᠳᠠᠯ ᠪᠦᠬᠦᠢ ᠮᠡᠳᠡᠭᠡ ᠵᠠᠩᠭᠢ ᠵᠢ ᠬᠠᠩᠭ᠋ᠠᠵᠤ᠂ ᠬᠡᠷᠡᠭ᠎ᠢ ᠲᠠᠩᠨᠠᠨ ᠢᠯᠡᠷᠡᠭᠦᠯᠬᠦ᠂ ᠰᠡᠵᠢᠭᠯᠡᠯᠲᠡᠢ ᠬᠥᠮᠦᠨ᠎ᠢ ᠪᠠᠷᠢᠪᠴᠢᠯᠠᠬᠤ᠎ᠳᠤ ᠪᠣᠳᠠᠲᠠᠢ ᠦᠢ᠍ᠯᠡᠳᠦᠯ ᠦᠵᠡᠭᠦᠯᠦᠭᠰᠡᠨ;
      (ᠳᠥᠷᠪᠡ) ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠣᠯᠵᠤ ᠮᠡᠳᠡᠭᠡᠳᠦᠶ ᠠᠮᠢ ᠠᠬᠤᠶ ᠵᠢᠨ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠢᠯᠡᠴᠢᠯᠡᠨ ᠮᠡᠳᠡᠭᠦᠯᠦᠭᠰᠡᠨ ᠪᠥᠭᠡᠳ ᠦᠨᠡᠨ ᠪᠠᠢ᠌ᠬᠤ ᠵᠢ ᠪᠠᠶ᠋ᠢᠴᠠᠭ᠋ᠠᠨ ᠲᠣᠳᠣᠯᠠᠭᠰᠠᠨ;
      (ᠲᠠᠪᠤ) ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠢᠭᠡᠨᠲᠡ ᠬᠡᠷᠡᠭ ᠪᠣᠯᠭ᠋ᠠᠨ ᠳᠠᠩᠰᠠᠯᠠᠵᠤ ᠲᠤᠷᠰᠢᠨ ᠪᠠᠶ᠋ᠢᠴᠠᠭ᠋ᠠᠭᠰᠠᠨ ᠪᠣᠯᠪᠠᠴᠤ ᠬᠠᠷᠠᠬᠠᠨ ᠡᠵᠡᠮᠰᠢᠭᠡᠳᠦᠶ ᠠᠮᠢ ᠠᠬᠤᠢ ᠵᠢᠨ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠬᠠᠩᠭ᠋ᠠᠭᠰᠠᠨ ᠪᠥᠭᠡᠳ ᠦᠨᠡᠨ ᠪᠠᠢ᠌ᠬᠤ ᠵᠢ ᠪᠠᠶ᠋ᠢᠴᠠᠭ᠋ᠠᠨ ᠲᠣᠳᠣᠯᠠᠭᠰᠠᠨ;
      (ᠵᠢᠷᠭᠤᠭ᠎ᠠ) ᠢᠯᠡᠴᠢᠯᠡᠨ ᠮᠡᠳᠡᠭᠦᠯᠦᠭᠰᠡᠨ ᠰᠦᠪᠡᠭᠴᠢ᠎ᠨᠢ ᠴᠢᠬᠤᠯᠠ ᠶᠡᠬᠡ ᠦᠢ᠍ᠯᠡᠳᠦᠯ ᠪᠠᠳᠠᠷᠠᠭᠤᠯᠤᠭᠰᠠᠨ ᠵᠡᠷᠭᠡ ᠪᠤᠰᠤᠳ ᠪᠠᠶ᠋ᠢᠳᠠᠯ᠃
      ᠳᠥᠷᠪᠡᠳᠦᠭᠡᠷ ᠵᠦᠢ᠍ᠯ  ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠰᠦᠪᠡᠭᠴᠢ ᠵᠢᠨ ᠠᠭᠤᠯᠭ᠎ᠠ᠎ᠳᠤ ᠭᠣᠣᠯᠳᠠᠭᠤ ᠳᠣᠣᠷᠠᠬᠢ ᠵᠦᠢ᠍ᠯᠡᠰ ᠪᠠᠭᠲᠠᠨ᠎ᠠ᠄ 
      (ᠨᠢᠭᠡ) ᠤᠯᠤᠰ᠎ᠤᠨ ᠲᠣᠭᠲᠠᠭ᠋ᠠᠯ᠎ᠢ ᠵᠥᠷᠢᠴᠡᠵᠦ᠂ ᠬᠢᠯᠢ ᠵᠢᠨ ᠭᠠᠳᠠᠨᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠢᠯᠢ᠎ᠳᠤ ᠣᠷᠣᠭᠤᠯᠤᠨ ᠠᠪᠴᠢᠷᠠᠵᠤ ᠴᠢᠳᠬᠤᠭᠰᠠᠨ᠂ ᠣᠪᠣᠭ᠋ᠠᠯᠠᠭᠰᠠᠨ᠂ ᠰᠢᠢ᠍ᠳᠪᠦᠷᠢᠯᠡᠭᠰᠡᠨ; ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ ᠦᠭᠡᠢ᠎ᠪᠠᠷ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠳᠤᠷ᠎ᠠ᠎ᠪᠠᠷ ᠵᠶ᠋ᠠᠨ ᠭᠠᠳᠠᠭ᠋ᠠᠳᠤ᠎ᠠᠴᠠ ᠣᠷᠣᠭᠤᠯᠤᠨ ᠲᠦᠭᠦᠬᠡᠢ ᠡᠳ᠋ ᠪᠣᠯᠭ᠋ᠠᠭ᠋ᠠᠳ᠂ ᠣᠷᠴᠢᠨ ᠠᠬᠤᠢ ᠵᠢ ᠪᠣᠬᠢᠷᠲᠤᠭᠤᠯᠤᠭᠰᠠᠨ ᠬᠦᠨᠳᠦ ᠶᠡᠬᠡ ᠡᠨᠳᠡᠯ ᠭᠠᠷᠭ᠋ᠠᠵᠤ᠂ ᠠᠯᠪᠠᠨ᠎ᠤ ᠪᠠ ᠬᠤᠪᠢ ᠵᠢᠨ ᠡᠳ᠋ ᠬᠦᠷᠦᠨᠭᠭᠡ᠎ᠳᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠤᠶᠤ ᠬᠥᠮᠦᠨ᠎ᠤ ᠪᠡᠶ᠎ᠡ ᠵᠢᠨ ᠡᠷᠡᠭᠦᠯ ᠮᠡᠨᠳᠤ ᠵᠢ ᠬᠦᠨᠳᠦ ᠨᠣᠴᠢᠲᠠᠢ ᠬᠣᠬᠢᠷᠠᠭᠤᠯᠤᠭᠰᠠᠨ᠃
      (ᠬᠣᠶᠠᠷ) ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠡᠪᠳᠡᠭᠰᠡᠨ᠃
      (ᠭᠤᠷᠪᠠ) ᠤᠢ ᠮᠣᠳᠣ ᠵᠢ ᠬᠤᠯᠠᠭ᠋ᠠᠶ᠋ᠢᠯᠠᠨ ᠣᠭᠲᠣᠯᠤᠭᠰᠠᠨ᠂ ᠤᠢ ᠮᠣᠳᠣ ᠵᠢ ᠳᠤᠷ᠎ᠠ᠎ᠪᠠᠷ ᠵᠶ᠋ᠠᠨ ᠣᠭᠲᠣᠯᠤᠭᠰᠠᠨ᠂ ᠬᠤᠯᠠᠭ᠋ᠠᠶ᠋ᠢᠯᠠᠨ ᠣᠭᠲᠣᠯᠤᠭᠰᠠᠨ᠂ ᠳᠤᠷ᠎ᠠ᠎ᠪᠠᠷ ᠵᠶ᠋ᠠᠨ ᠣᠭᠲᠣᠯᠤᠭᠰᠠᠨ ᠤᠢ ᠮᠣᠳᠣ ᠵᠢ ᠬᠠᠤᠯᠢ ᠪᠤᠰᠤ᠎ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠃
      (ᠲᠤᠢ᠍ᠷᠪᠡ) ᠬᠣᠪᠣᠷ ᠨᠠᠨᠳᠢᠨ ᠮᠣᠳᠣ ᠪᠤᠶᠤ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠶ᠋ᠢᠭ᠎ᠠ ᠪᠤᠰᠤᠳ ᠤᠷᠭᠤᠮᠠᠯ᠎ᠢ ᠬᠠᠤᠯᠢ ᠪᠤᠰᠤ᠎ᠪᠠᠷ ᠣᠭᠲᠣᠯᠤᠭᠰᠠᠨ᠂ ᠰᠦᠢ᠍ᠳᠬᠡᠭᠰᠡᠨ᠂ ᠬᠣᠪᠣᠷ ᠨᠠᠨᠳᠢᠨ ᠮᠣᠳᠣ ᠪᠤᠶᠤ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠶ᠋ᠢᠭ᠎ᠠ ᠪᠤᠰᠤᠳ ᠤᠷᠭᠤᠮᠠᠯ ᠵᠢᠴᠢ ᠲᠡᠭᠦᠨ᠎ᠤ ᠦᠢ᠍ᠯᠡᠳᠬᠦᠨ᠎ᠢ ᠬᠠᠤᠯᠢ ᠪᠤᠰᠤ᠎ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠪᠣᠯᠪᠠᠰᠤᠷᠠᠭᠤᠯᠤᠭᠰᠠᠨ᠂ ᠬᠤᠳᠠᠯᠳᠤᠭᠰᠠᠨ᠃
      (ᠲᠠᠪᠤ) ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠶ᠋ᠢᠭ᠎ᠠ ᠬᠣᠪᠣᠷ ᠨᠠᠨᠳᠢᠨ᠂ ᠮᠥᠬᠥᠬᠦ ᠰᠢᠬᠠᠭᠰᠠᠨ ᠵᠡᠷᠯᠢᠭ ᠠᠮᠢᠳᠠᠨ᠎ᠢ ᠬᠠᠤᠯᠢ ᠪᠤᠰᠤ᠎ᠪᠠᠷ ᠠᠩᠨᠠᠭᠰᠠᠨ᠂ ᠠᠯᠠᠭᠰᠠᠨ ᠪᠤᠶᠤ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠶ᠋ᠢᠭ᠎ᠠ ᠬᠣᠪᠣᠷ ᠨᠠᠨᠳᠢᠨ᠂ ᠮᠥᠬᠥᠬᠦ ᠰᠢᠬᠠᠭᠰᠠᠨ ᠵᠡᠷᠯᠢᠭ ᠠᠮᠢᠳᠠᠨ ᠵᠢᠴᠢ ᠲᠡᠭᠦᠨ᠎ᠤ ᠦᠢ᠍ᠯᠡᠳᠬᠦᠨ᠎ᠢ ᠬᠠᠤᠯᠢ ᠪᠤᠰᠤ᠎ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ; ᠠᠩ ᠠᠩᠨᠠᠬᠤ ᠲᠤᠬᠠᠢ ᠬᠠᠤᠯᠢ ᠲᠣᠭᠲᠠᠭ᠋ᠠᠯ᠎ᠢ ᠵᠥᠷᠢᠴᠡᠵᠦ᠂ ᠠᠩ ᠠᠩᠨᠠᠬᠤ ᠬᠣᠷᠢᠭ᠋ᠠᠲᠠᠢ ᠭᠠᠵᠠᠷ᠂ ᠬᠣᠷᠢᠭ᠋ᠠᠲᠠᠢ ᠬᠤᠭᠤᠴᠠᠭ᠋ᠠᠨ᠎ᠳᠤ ᠪᠤᠶᠤ ᠬᠡᠷᠡᠭᠯᠡᠬᠦ ᠵᠢ ᠴᠠᠭ᠋ᠠᠵᠠᠯᠠᠭᠰᠠᠨ ᠪᠠᠭ᠋ᠠᠵᠢ ᠬᠡᠷᠡᠭᠰᠡᠯ᠂ ᠠᠷᠭ᠎ᠠ᠎ᠪᠠᠷ ᠠᠩ ᠠᠩᠨᠠᠬᠤ; ᠢᠳᠡᠬᠦ ᠵᠣᠷᠢᠯᠭ᠎ᠠ᠎ᠪᠠᠷ ᠬᠠᠭᠤᠷᠠᠶ ᠵᠢᠨ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠬᠤ᠂ ᠬᠤᠳᠠᠯᠳᠤᠨ ᠠᠪᠤᠭᠰᠠᠨ᠂ ᠲᠡᠭᠡᠭᠡᠪᠦᠷᠢᠯᠡᠭᠰᠡᠨ᠂ ᠬᠤᠳᠠᠯᠳᠤᠭᠰᠠᠨ᠃
      (ᠵᠢᠷᠭᠤᠭ᠎ᠠ) ᠵᠢᠭ᠋ᠠᠰᠤ ᠠᠩᠨᠠᠬᠤ ᠬᠣᠷᠢᠭ᠋ᠠᠲᠠᠢ ᠣᠷᠣᠨ᠂ ᠵᠢᠭ᠋ᠠᠰᠤ ᠠᠩᠨᠠᠬᠤ ᠬᠣᠷᠢᠭ᠋ᠠᠲᠠᠢ ᠬᠤᠭᠤᠴᠠᠭ᠋ᠠᠨ᠎ᠳᠤ ᠬᠠᠤᠯᠢ ᠪᠤᠰᠤ᠎ᠪᠠᠷ ᠪᠤᠶᠤ ᠬᠡᠷᠡᠭᠯᠡᠬᠦ ᠵᠢ ᠴᠠᠭ᠋ᠠᠵᠠᠯᠠᠭᠰᠠᠨ ᠪᠠᠭ᠋ᠠᠵᠢ ᠬᠡᠷᠡᠭᠰᠡᠯ᠂ ᠠᠷᠭ᠎ᠠ᠎ᠪᠠᠷ ᠤᠰᠦᠠ ᠭᠠᠷᠤᠯᠲᠠ ᠵᠢ ᠠᠩᠨᠠᠵᠤ ᠱᠦᠭᠦᠬᠦ᠃
      (ᠲᠤᠯᠤᠭ᠎ᠠ) ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠤᠯᠢ ᠪᠤᠰᠤ᠎ᠪᠠᠷ ᠨᠡᠭᠡᠭᠡᠨ ᠮᠠᠯᠲᠠᠬᠤ ᠪᠤᠶᠤ ᠡᠪᠳᠡᠯᠡᠭᠡ ᠵᠢᠨ ᠴᠢᠨᠠᠷᠲᠠᠢ ᠨᠡᠭᠡᠭᠡᠨ ᠮᠠᠯᠲᠠᠬᠤ ᠠᠷᠭ᠎ᠠ᠎ᠪᠠᠷ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠃
      (ᠨᠠᠢ᠍ᠮᠠ) ᠬᠥᠮᠦᠨ ᠲᠥᠷᠥᠯᠬᠢᠲᠡᠨ᠎ᠤ ᠤᠳᠤᠮᠰᠢᠯ᠎ᠤᠨ ᠡᠬᠢ ᠪᠠᠶᠠᠯᠢᠭ᠎ᠢ ᠬᠠᠤᠯᠢ ᠪᠤᠰᠤ᠎ᠪᠠᠷ ᠴᠤᠭᠯᠠᠭᠤᠯᠬᠤ᠂ ᠬᠥᠮᠦᠨ ᠲᠥᠷᠥᠯᠬᠢᠲᠡᠨ᠎ᠤ ᠤᠳᠤᠮᠰᠢᠯ᠎ᠤᠨ ᠡᠬᠢ ᠪᠠᠶᠠᠯᠢᠭ᠎ᠤᠨ ᠮᠠᠲ᠋ᠧᠷᠢᠶᠠᠯ᠎ᠢ ᠨᠢᠭᠤᠴᠠ᠎ᠪᠠᠷ ᠠᠷᠠᠯᠵᠢᠶᠠᠯᠠᠬᠤ; ᠬᠠᠤᠯᠢ ᠪᠤᠰᠤ᠎ᠪᠠᠷ ᠭᠧᠨ ᠨᠠᠶ᠋ᠢᠷᠠᠭᠤᠯᠬᠤ᠂ ᠺᠯᠦᠨ ᠬᠦᠪᠦᠷᠡᠯ᠎ᠢ ᠲᠠᠷᠢᠬᠤ; ᠬᠠᠯᠳᠠᠪᠤᠷᠢᠲᠤ ᠡᠪᠡᠳᠴᠢᠨ᠎ᠤ ᠪᠠᠺᠲ᠋ᠧᠷᠢ ᠵᠢᠨ ᠦᠷ᠎ᠡ᠂ ᠬᠤᠤᠷ᠎ᠤᠨ ᠦᠷ᠎ᠡ ᠵᠢ ᠲᠠᠷᠬᠠᠭ᠋ᠠᠬᠤ; ᠠᠮᠢᠳᠡᠠ ᠤᠷᠭᠤᠮᠠᠯ᠎ᠤᠨ ᠬᠢᠵᠢᠭ᠎ᠢ ᠰᠡᠷᠭᠡᠶ᠋ᠢᠯᠡᠬᠦ᠂ ᠬᠢᠵᠢᠭ᠎ᠢ ᠪᠠᠶ᠋ᠢᠴᠠᠭ᠋ᠠᠬᠤ ᠵᠢ ᠬᠠᠷᠰᠢᠯᠠᠬᠤ᠃
      (ᠶᠢᠰᠦ) ᠬᠣᠯᠢᠮᠠᠭ ᠬᠠᠭᠤᠷᠮᠠᠭ ᠶᠠᠭᠤᠮ᠎ᠠ ᠬᠣᠯᠢᠭᠰᠠᠨ᠂ ᠬᠠᠭᠤᠷᠮᠠᠭ ᠶᠠᠭᠤᠮ᠎ᠠ᠎ᠪᠠᠷ ᠵᠢᠩᠬᠢᠨᠢ ᠵᠢ ᠣᠷᠣᠯᠠᠭᠤᠯᠤᠭᠰᠠᠨ᠂ ᠮᠠᠭᠤ ᠶᠠᠭᠤᠮ᠎ᠠ᠎ᠪᠠᠷ ᠰᠠᠶ᠋ᠢᠨ᠎ᠢ ᠣᠷᠣᠯᠠᠭᠤᠯᠤᠭᠰᠠᠨ ᠪᠤᠶᠤ ᠬᠢᠷᠢ ᠲᠡᠩᠴᠡᠬᠦ ᠦᠭᠡᠶ ᠦᠢ᠍ᠯᠡᠳᠬᠦᠨ ᠵᠶ᠋ᠠᠷ ᠬᠢᠷᠢ ᠲᠡᠩᠴᠡᠭᠰᠡᠨ ᠦᠢ᠍ᠯᠡᠳᠬᠦᠨ᠎ᠢ ᠣᠷᠣᠯᠠᠭᠤᠯᠤᠭᠰᠠᠨ ᠦᠢ᠍ᠯᠡᠳᠬᠦᠨ᠎ᠢ ᠦᠢ᠍ᠯᠡᠳᠪᠦᠷᠢᠯᠡᠭᠰᠡᠨ᠂ ᠪᠣᠷᠣᠯᠠᠭᠤᠯᠤᠭᠰᠠᠨ᠃
      (ᠠᠷᠪᠠ) ᠬᠠᠭᠤᠷᠮᠠᠭ ᠡᠮ ᠪᠤᠶᠤ ᠮᠠᠭᠤ ᠡᠮ᠎ᠢ ᠦᠢ᠍ᠯᠡᠳᠪᠦᠷᠢᠯᠡᠬᠦ᠂ ᠪᠣᠷᠣᠯᠠᠭᠤᠯᠬᠤ᠂ ᠬᠠᠩᠭ᠋ᠠᠬᠤ; ᠡᠮ᠎ᠤᠨ ᠵᠦᠢ᠍ᠯ᠎ᠤᠨ ᠬᠠᠮᠢᠶᠠᠷᠤᠯᠲᠠ ᠵᠢ ᠬᠠᠷᠰᠢᠯᠠᠬᠤ ᠠᠵᠢᠯᠯᠠᠭ᠎ᠠ ᠶᠠᠪᠤᠭᠤᠯᠬᠤ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠡᠮ᠎ᠤᠨ ᠵᠦᠢ᠍ᠯ᠎ᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠷᠡᠭᠯᠡᠬᠦ ᠵᠢ ᠴᠠᠭ᠋ᠠᠵᠠᠯᠠᠭᠰᠠᠨ ᠡᠮ᠎ᠤᠨ ᠵᠦᠢ᠍ᠯ᠎ᠢ ᠦᠢ᠍ᠯᠡᠳᠪᠦᠷᠢᠯᠡᠬᠦ᠂ ᠪᠣᠷᠣᠯᠠᠭᠤᠯᠬᠤ᠂ ᠡᠮ᠎ᠤᠨ ᠵᠦᠢ᠍ᠯ᠎ᠤᠨ ᠬᠣᠯᠪᠣᠭᠳᠠᠯ ᠪᠦᠬᠦᠢ ᠵᠥᠪᠰᠢᠶᠡᠷᠡᠯ᠎ᠤᠨ ᠭᠡᠷᠡᠴᠢ ᠪᠢᠴᠢᠭ ᠮᠠᠲ᠋ᠧᠷᠢᠶᠠᠯ ᠣᠯᠤᠭᠰᠠᠨ ᠤᠢ᠍ᠭᠡᠢ᠎ᠪᠠᠷ ᠳᠡᠭᠡᠷ᠎ᠡ ᠳᠤᠷᠠᠳᠤᠭᠰᠠᠨ ᠡᠮ᠎ᠤᠨ ᠵᠦᠢ᠍ᠯ᠎ᠢ ᠦᠢ᠍ᠯᠡᠳᠪᠦᠷᠢᠯᠡᠬᠦ᠂ ᠭᠠᠳᠠᠭ᠋ᠠᠳᠤ᠎ᠠᠴᠠ ᠣᠷᠣᠭᠤᠯᠬᠤ ᠪᠤᠶᠤ ᠪᠣᠷᠣᠯᠠᠭᠤᠯᠬᠤ᠂ ᠬᠤᠳᠠᠯ ᠬᠠᠭᠤᠷᠮᠠᠭ ᠭᠡᠷᠡᠴᠢ᠂ ᠲᠣᠭ᠎ᠠ ᠪᠠᠷᠢᠮᠲᠠ᠂ ᠮᠠᠲ᠋ᠧᠷᠢᠶᠠᠯ᠂ ᠤᠢ᠍ᠯᠢᠭᠡᠷ ᠶᠠᠩᠵᠤ ᠬᠠᠩᠭ᠋ᠠᠬᠤ ᠵᠡᠷᠭᠡ ᠮᠡᠬᠡᠯᠡᠬᠦ ᠠᠷᠭ᠎ᠠ ᠪᠠᠷᠢᠯ ᠵᠶ᠋ᠠᠷ ᠡᠮ᠎ᠤᠨ ᠵᠦᠢ᠍ᠯ᠎ᠢ ᠮᠡᠬᠡᠯᠡᠨ ᠳᠠᠩᠰᠠᠯᠠᠭᠤᠯᠵᠤ᠂ ᠦᠢ᠍ᠯᠡᠳᠪᠦᠷᠢᠯᠡᠬᠦ᠂ ᠰᠢᠯᠭ᠋ᠠᠨ ᠪᠠᠶ᠋ᠢᠴᠠᠭ᠋ᠠᠭᠰᠠᠨ ᠲᠡᠮᠳᠡᠭᠯᠡᠯ ᠵᠡᠷᠭᠡ ᠵᠢ ᠨᠠᠶ᠋ᠢᠷᠠᠭᠤᠯᠤᠨ ᠵᠣᠬᠢᠶᠠᠭ᠋ᠠᠳ ᠬᠥᠮᠦᠨ᠎ᠤ ᠪᠡᠶ᠎ᠡ ᠵᠢᠨ ᠡᠷᠡᠭᠦᠯ ᠮᠡᠡᠳᠦ᠎ᠳᠤ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠬᠤ ᠬᠡᠮᠵᠢᠶᠡᠨ᠎ᠳᠤ ᠬᠦᠷᠦᠭᠰᠡᠠ᠃
      (ᠠᠷᠪᠠᠨ ᠨᠢᠭᠡ) ᠡᠮᠨᠡᠯᠭᠡ ᠵᠢᠨ ᠳᠠᠭ᠋ᠠᠳᠬᠠᠯ᠎ᠢ ᠠᠰᠢᠭᠯᠠᠨ ᠳᠠᠭ᠋ᠠᠳᠬᠠᠯ᠎ᠢ ᠮᠡᠬᠡᠯᠡᠨ ᠬᠤᠳᠠᠯᠳᠤᠨ ᠠᠪᠤᠭᠰᠠᠨ ᠡᠮ᠎ᠤᠨ ᠵᠦᠢ᠍ᠯ᠎ᠢ ᠬᠠᠤᠯᠢ ᠪᠤᠰᠤ᠎ᠪᠠᠷ ᠬᠤᠳᠠᠯᠳᠤᠨ ᠠᠪᠤᠭᠰᠠᠨ᠂ ᠪᠣᠷᠣᠯᠠᠭᠤᠯᠤᠭᠰᠠᠨ᠃
      (ᠠᠷᠪᠠᠨ ᠬᠣᠶᠠᠷ) ᠬᠣᠣᠷ᠎ᠲᠠᠢ᠂ ᠬᠥᠨᠥᠭᠡᠯ᠎ᠲᠠᠢ ᠢᠳᠡᠭᠡᠨ᠎ᠢ ᠦᠢ᠍ᠯᠡᠳᠪᠦᠷᠢᠯᠡᠵᠦ᠂ ᠪᠣᠷᠣᠯᠠᠭᠤᠯᠤᠭᠰᠠᠨ; ᠠᠶᠤᠯᠭᠦᠢ ᠵᠢᠨ ᠪᠠᠷᠢᠮᠵᠢᠶ᠎ᠠ᠎ᠳᠤ ᠦᠯᠦ ᠨᠡᠶ᠋ᠢᠴᠡᠬᠦ ᠢᠳᠡᠭᠡᠨ᠎ᠢ ᠦᠢ᠍ᠯᠡᠳᠪᠦᠷᠢᠯᠡᠵᠦ ᠪᠣᠷᠣᠯᠠᠭᠤᠯᠤᠭᠰᠠᠨ; ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠨ᠂ ᠳᠤᠷ᠎ᠠ᠎ᠪᠠᠷ ᠵᠶ᠋ᠠᠨ ᠨᠢᠲᠤᠯᠬᠤ ᠦᠢ᠍ᠯᠡᠳᠪᠦᠷᠢ (ᠲᠠᠯᠠᠪᠠᠶ ) ᠭᠠᠷᠭ᠋ᠠᠵᠤ᠂ ᠨᠢᠲᠤᠯᠬᠤ᠂ ᠪᠣᠷᠣᠯᠠᠭᠤᠯᠬᠤ ᠵᠡᠷᠭᠡ ᠡᠵᠡᠩᠨᠡᠯᠲᠡ ᠵᠢᠨ ᠦᠢ᠍ᠯᠡ ᠠᠵᠢᠯᠯᠠᠭ᠎ᠠ ᠬᠢᠭᠰᠡᠨ᠃
      (ᠠᠷᠪᠠᠨ ᠭᠤᠷᠪᠠ) ᠬᠠᠭᠤᠷᠮᠠᠭ ᠮᠠᠭᠤ ᠲᠠᠷᠢᠶᠠᠨ ᠡᠮ᠂ ᠮᠠᠯ᠎ᠤᠨ ᠡᠮ᠂ ᠬᠢᠮᠢ ᠵᠢᠨ ᠪᠣᠷᠳᠣᠭᠤᠷ᠂ ᠦᠷ᠎ᠡ ᠵᠢ ᠦᠢ᠍ᠯᠡᠳᠪᠦᠷᠢᠯᠡᠵᠦ ᠪᠣᠷᠣᠯᠠᠭᠤᠯᠤᠭᠰᠠᠨ; ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠶ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠵᠠᠰᠠᠯ ᠴᠢᠮᠡᠭ᠎ᠤᠨ ᠡᠳ᠋᠎ᠢ ᠦᠢ᠍ᠯᠡᠳᠪᠦᠷᠢᠯᠡᠵᠦ ᠪᠣᠷᠣᠯᠠᠭᠤᠯᠤᠭᠰᠠᠨ; ᠠᠶᠤᠯᠭᠦᠢ ᠵᠢᠨ ᠪᠠᠷᠢᠮᠵᠢᠶ᠎ᠠ᠎ᠳᠤ ᠦᠯᠦ ᠨᠡᠶ᠋ᠢᠴᠡᠬᠦ ᠦᠢ᠍ᠯᠡᠳᠬᠦᠨ᠎ᠢ ᠦᠢ᠍ᠯᠡᠳᠪᠦᠷᠢᠯᠡᠵᠦ ᠪᠣᠷᠣᠯᠠᠭᠤᠯᠤᠭᠰᠠᠨ᠃
      (ᠠᠷᠪᠠᠨ ᠳᠥᠷᠪᠡ) ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠤᠨ ᠥᠮᠴᠢᠯᠡᠭᠴᠢ᠎ᠪᠠᠷ ᠵᠥᠪᠰᠢᠶᠡᠷᠡᠭᠦᠯᠦᠭᠡᠳᠦᠶ᠎ᠪᠠᠷ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠤᠳᠠᠯ ᠬᠠᠭᠤᠷᠮᠠᠭ ᠵᠶ᠋ᠠᠷ ᠵᠣᠬᠢᠶᠠᠬᠤ ᠪᠤᠶᠤ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠎ᠢ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠲᠠᠸᠠᠷ᠎ᠢ ᠪᠣᠷᠣᠯᠠᠭᠤᠯᠤᠭᠰᠠᠨ; ᠳᠠᠩᠰᠠᠯᠠᠭᠤᠯᠤᠭᠰᠠᠨ ᠲᠠᠸᠠᠷ᠎ᠤᠨ ᠲᠡᠮᠳᠡᠭᠲᠦ ᠵᠢᠨ ᠢᠯᠡᠳᠬᠡᠮᠵᠢ ᠵᠢ ᠬᠠᠤᠯᠢ ᠪᠤᠰᠤ᠎ᠪᠠᠷ ᠵᠣᠬᠢᠶᠠᠭᠰᠠᠨ᠂ ᠬᠠᠤᠯᠢ ᠪᠤᠰᠤ᠎ᠪᠠᠷ ᠵᠣᠬᠢᠶᠠᠭᠰᠠᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭᠲᠦ ᠵᠢᠨ ᠢᠯᠡᠳᠬᠡᠮᠵᠢ ᠵᠢ ᠪᠣᠷᠣᠯᠠᠭᠤᠯᠤᠭᠰᠠᠨ; ᠪᠤᠰᠤᠳ᠎ᠤᠨ ᠲᠤᠰᠬᠠᠶ ᠠᠰᠢᠭ᠎ᠢ ᠬᠠᠭᠤᠷᠮᠠᠭᠯᠠᠨ ᠬᠡᠷᠡᠭᠯᠡᠬᠦ; ᠵᠣᠬᠢᠶᠠᠯ ᠪᠦᠲᠦᠭᠡᠯ᠎ᠤᠨ ᠡᠷᠬᠡ᠎ᠳᠤ ᠬᠠᠯᠳᠠᠭᠰᠠᠨ ᠪᠤᠶᠤ ᠵᠣᠬᠢᠶᠠᠯ ᠪᠦᠲᠦᠭᠡᠯ᠎ᠤᠨ ᠡᠷᠬᠡ᠎ᠳᠤ ᠬᠣᠯᠪᠣᠭᠳᠠᠬᠤ ᠡᠷᠬᠡ᠎ᠳᠤ ᠬᠠᠯᠳᠠᠭᠰᠠᠨ ᠪᠤᠶᠤ ᠡᠷᠬᠡ᠎ᠳᠤ ᠬᠠᠯᠳᠠᠭᠰᠠᠨ ᠪᠠᠭᠤᠯᠭ᠋ᠠᠪᠤᠷᠢ ᠪᠦᠲᠦᠭᠡᠭᠳᠡᠬᠦᠨ᠎ᠢ ᠪᠣᠷᠣᠯᠠᠭᠤᠯᠤᠭᠰᠠᠨ; ᠵᠦᠢ ᠪᠤᠰᠤ ᠠᠷᠭ᠎ᠠ ᠪᠠᠷᠢᠯ ᠵᠶ᠋ᠠᠷ ᠬᠤᠳᠠᠯᠳᠤᠭ᠋ᠠᠨ᠎ᠤ ᠨᠢᠭᠤᠴᠠ᠎ᠳᠤ ᠬᠠᠯᠳᠠᠭᠰᠠᠨ ᠪᠤᠶᠤ ᠬᠤᠳᠠᠯᠳᠤᠭ᠋ᠠᠨ᠎ᠤ ᠨᠢᠭᠤᠴᠠ ᠵᠢ ᠨᠡᠶ᠋ᠢᠲᠡᠯᠡᠬᠦ᠂ ᠬᠡᠷᠡᠭᠯᠡᠭᠰᠡᠨ᠂ ᠪᠤᠰᠤᠳ᠎ᠤᠨ ᠬᠠᠤᠯᠢ ᠪᠤᠰᠤ᠎ᠪᠠᠷ ᠣᠯᠤᠭᠰᠠᠨ ᠬᠤᠳᠠᠯᠳᠤᠭ᠋ᠠᠨ᠎ᠤ ᠨᠢᠭᠤᠴᠠ ᠵᠢ ᠬᠡᠷᠡᠭᠯᠡᠬᠦ ᠵᠢ ᠵᠥᠪᠰᠢᠶᠡᠷᠡᠭᠰᠡᠨ ᠵᠡᠷᠭᠡ ᠦᠢ᠍ᠯᠡ ᠠᠵᠢᠯᠯᠠᠭ᠎ᠠ᠃
      (ᠠᠷᠪᠠᠨ ᠲᠠᠪᠤ) ᠳᠣᠲᠣᠭ᠋ᠠᠳᠤ ᠵᠢ ᠬᠠᠮᠠᠭ᠋ᠠᠯᠠᠬᠤ ᠠᠮᠢ ᠠᠬᠤᠢ ᠵᠢᠨ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠡᠵᠡᠮᠰᠢᠭᠰᠡᠨ ᠥᠬᠡᠶ ᠬᠠᠤᠯᠢ᠎ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠵᠢᠨ ᠰᠦᠪᠡᠭᠴᠢ᠃
      ᠲᠠᠪᠤᠳᠤᠭ᠋ᠠᠷ ᠵᠦᠢ᠍ᠯ  ᠢᠯᠡᠴᠢᠯᠡᠨ ᠮᠡᠳᠡᠭᠦᠯᠦᠭᠴᠢ ᠳᠣᠣᠷᠠᠬᠢ ᠠᠷᠭ᠎ᠠ ᠮᠠᠶᠢᠭ ᠵᠶ᠋ᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠤᠨ᠎ᠠ᠄ 
      (ᠨᠢᠭᠡ) 《110》 ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ   ᠨᠡᠶ᠋ᠢᠲᠡᠯᠡᠭᠰᠡᠨ   ᠪᠤᠰᠤᠳ   ᠢᠯᠡᠴᠢᠯᠡᠨ  ᠮᠡᠳᠡᠭᠦᠯᠬᠦ  ᠤᠲᠠᠰᠤ ᠵᠢ ᠤᠲᠠᠰᠤᠳᠠᠬᠤ;
      (ᠬᠣᠶᠠᠷ) ᠣᠬᠣᠷ ᠮᠡᠳᠡᠭᠡ ᠵᠢ 《12110》᠎ᠳᠤ ᠶᠠᠪᠤᠭᠤᠯᠬᠤ ᠪᠤᠶᠤ ᠹᠠᠺᠰ᠂ ᠢᠮᠧᠯ᠂ ᠸᠢᠴᠠᠲ᠂ ᠰᠦᠯᠵᠢᠶᠡᠨ᠎ᠤ ᠲᠠᠪᠴᠠᠩ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠢᠯᠡᠴᠢᠯᠡᠨ ᠮᠡᠳᠡᠭᠦᠯᠬᠦ;
      (ᠭᠤᠷᠪᠠ) ᠵᠠᠬᠢᠳᠠᠯ ᠴᠢᠮᠡᠭᠡ ᠬᠦᠷᠭᠡᠬᠦ ᠪᠤᠶᠤ ᠰᠢᠭᠤᠳ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠣᠴᠢᠵᠤ ᠢᠯᠡᠴᠢᠯᠡᠨ ᠮᠡᠳᠡᠭᠦᠯᠬᠦ;
      (ᠳᠥᠷᠪᠡ) ᠪᠤᠰᠤᠳ ᠪᠦᠲᠦᠮᠵᠢᠲᠡᠶ ᠠᠷᠭ᠎ᠠ ᠮᠠᠶᠢᠭ ᠵᠶ᠋ᠠᠷ ᠳᠠᠮᠵᠢᠭᠤᠯᠤᠨ ᠢᠯᠡᠴᠢᠯᠡᠨ ᠮᠡᠳᠡᠭᠦᠯᠬᠦ᠃
      ᠵᠢᠷᠭᠤᠳᠤᠭ᠋ᠠᠷ ᠵᠦᠢ᠍ᠯ  ᠢᠯᠡᠴᠢᠯᠡᠨ ᠮᠡᠳᠡᠭᠦᠯᠦᠭᠴᠢ ᠦᠨᠡᠨ ᠨᠡᠷ᠎ᠡ᠎ᠪᠠᠷ ᠵᠶ᠋ᠠᠨ ᠪᠤᠶᠤ ᠨᠡᠷ᠎ᠡ᠎ᠪᠠᠨ ᠨᠢᠭᠤᠬᠤ ᠠᠷᠭ᠎ᠠ ᠮᠠᠶᠢᠭ ᠵᠶ᠋ᠠᠷ ᠢᠯᠡᠴᠢᠯᠡᠨ ᠮᠡᠳᠡᠭᠦᠯᠵᠦ ᠪᠣᠯᠤᠨ᠎ᠠ᠃ ᠪᠠᠶ᠋ᠢᠴᠠᠭ᠋ᠠᠨ ᠭᠡᠷᠡᠴᠢᠯᠡᠬᠦ ᠪᠠ ᠱᠠᠩᠨᠠᠬᠤ᠎ᠳᠤ ᠲᠦᠬᠦᠮ ᠪᠣᠯᠭ᠋ᠠᠬᠤ ᠵᠢᠨ ᠲᠥᠯᠥᠭᠡ᠂ ᠦᠨᠡᠨ ᠨᠡᠷ᠎ᠡ᠎ᠪᠠᠷ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠤᠨ᠎ᠠ᠃
      ᠳᠣᠯᠣᠳᠤᠭ᠋ᠠᠷ ᠵᠦᠢ᠍ᠯ  ᠬᠠᠤᠯᠢ ᠵᠢ ᠵᠥᠷᠢᠴᠡᠵᠦ ᠶᠠᠯ᠎ᠠ ᠬᠢᠭᠰᠡᠨ ᠦᠨᠡᠨ ᠪᠣᠳᠠᠲᠠᠢ ᠰᠦᠪᠡᠭᠴᠢ ᠵᠢ ᠪᠠᠶ᠋ᠢᠴᠠᠭ᠋ᠠᠨ ᠲᠤᠳᠤᠯᠠᠭᠰᠠᠨ ᠪᠠᠶ᠋ᠢᠪᠠᠯ᠂ ᠲᠡᠭᠦᠨ᠎ᠤ ᠬᠡᠷᠡᠭ᠎ᠢ ᠲᠠᠩᠨᠠᠨ ᠢᠯᠡᠷᠡᠭᠦᠯᠬᠦ᠂ ᠶᠠᠯ᠎ᠠ ᠬᠢᠭᠰᠡᠨ ᠰᠡᠵᠢᠭᠯᠡᠯᠲᠡᠢ ᠬᠥᠮᠦᠨ᠎ᠢ ᠪᠠᠷᠢᠪᠴᠢᠯᠠᠬᠤ᠂ ᠭᠡᠷᠡᠴᠢ ᠪᠠᠷᠢᠮᠲᠠ ᠵᠢ ᠴᠤᠭᠯᠠᠭᠤᠯᠬᠤ ᠪᠠ ᠲᠣᠭᠲᠠᠪᠤᠷᠢᠵᠢᠭᠤᠯᠬᠤ ᠵᠡᠷᠭᠡ᠎ᠳᠤ ᠦᠵᠡᠭᠦᠯᠦᠭᠰᠡᠨ ᠪᠣᠳᠠᠲᠠᠢ ᠦᠢ᠍ᠯᠡᠳᠦᠯ ᠪᠠ ᠦᠢ᠍ᠯᠡᠳᠦᠯ᠎ᠢ᠎ᠨᠢ ᠦᠨᠳᠦᠰᠦᠯᠡᠨ᠂ ᠢᠯᠡᠴᠢᠯᠡᠨ ᠮᠡᠳᠡᠭᠦᠯᠦᠭᠴᠢ᠎ᠳᠤ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ ᠱᠠᠩᠨᠠᠯ᠎ᠤᠨ ᠮᠥᠩᠭᠥ ᠣᠯᠭᠣᠨ᠎ᠠ᠃
      (ᠨᠢᠭᠡ) ᠡᠩ᠎ᠤᠨ ᠴᠢᠨᠠᠷᠲᠠᠶ ᠬᠡᠷᠡᠭ᠎ᠲᠤ ᠬᠡᠷᠡᠭ ᠪᠦᠷᠢ 500 ᠲᠥᠭᠥᠷᠢᠭ᠎ᠠᠴᠠ 3000 ᠲᠥᠭᠥᠷᠢᠭ ᠱᠠᠩᠨᠠᠨ᠎ᠠ;
      (ᠬᠣᠶᠠᠷ) ᠬᠦᠨᠳᠦ ᠣᠨᠴᠠ ᠶᠡᠬᠡ ᠬᠡᠷᠡᠭ᠎ᠲᠤ ᠬᠡᠷᠡᠭ ᠪᠦᠷᠢ 3000 ᠲᠥᠭᠥᠷᠢᠭ᠎ᠠᠴᠠ 30000 ᠲᠥᠭᠥᠷᠢᠭ ᠱᠠᠩᠨᠠᠨ᠎ᠠ;
      (ᠭᠤᠷᠪᠠ) ᠬᠦᠨᠳᠦ ᠶᠡᠬᠡ ᠪᠤᠶᠤ ᠣᠨᠴᠠᠭ᠋ᠠᠢ ᠬᠦᠨᠳᠦ ᠶᠡᠬᠡ ᠬᠡᠷᠡᠭ᠎ᠲᠤ᠂ ᠬᠡᠷᠡᠭ ᠰᠢᠢ᠍ᠳᠪᠦᠷᠢᠯᠡᠬᠦ ᠪᠠᠶ᠋ᠢᠭᠤᠯᠭ᠎ᠠ ᠬᠡᠷᠡᠭ᠎ᠢ ᠪᠦᠲᠦᠮᠵᠢᠲᠡᠢ ᠢᠯᠡᠷᠡᠭᠦᠯᠬᠦ ᠰᠦᠪᠡᠭᠴᠢ ᠵᠢ ᠴᠠᠭ ᠲᠤᠬᠠᠢ᠎ᠳᠤ᠎ᠨᠢ ᠤᠯᠬᠤ ᠵᠢᠨ ᠲᠥᠯᠥᠭᠡ᠂ ᠨᠡᠶ᠋ᠢᠭᠡᠮ ᠨᠡᠶ᠋ᠢᠲᠡ᠎ᠳᠤ ᠱᠠᠩᠨᠠᠯ ᠥᠭᠬᠦ ᠠᠯᠪᠠᠨ ᠵᠠᠷ ᠨᠡᠶ᠋ᠢᠲᠡᠯᠡᠵᠦ᠂ ᠬᠡᠷᠡᠭ᠎ᠤᠨ ᠰᠦᠪᠡᠭᠴᠢ ᠵᠢ ᠴᠤᠭᠯᠠᠭᠤᠯᠵᠤ᠂ ᠬᠡᠷᠡᠭ᠎ᠢ ᠲᠤᠷᠰᠢᠨ ᠪᠠᠶ᠋ᠢᠴᠠᠭ᠋ᠠᠵᠤ ᠰᠢᠢ᠍ᠳᠪᠦᠷᠢᠯᠡᠬᠦ᠎ᠳᠤ ᠵᠠᠩᠭᠢᠯᠠᠭ᠎ᠠ ᠵᠢᠨ ᠴᠢᠨᠠᠷᠲᠠᠢ ᠦᠢ᠍ᠯᠡᠳᠦᠯ ᠦᠵᠡᠭᠦᠯᠦᠭᠰᠡᠨ ᠪᠠᠶ᠋ᠢᠪᠠᠯ᠂ ᠪᠣᠳᠠᠲᠠᠢ ᠱᠠᠩᠨᠠᠬᠤ ᠵᠣᠭᠣᠰ᠎ᠤᠨ ᠲᠣᠭ᠎ᠠ᠎ᠨᠢ ᠳᠡᠭᠡᠷ᠎ᠡ ᠳᠤᠷᠠᠳᠤᠭᠰᠠᠨ ᠲᠣᠭ᠎ᠠ᠎ᠳᠤ ᠬᠢᠵᠠᠭ᠋ᠠᠷᠯᠠᠭᠳᠠᠬᠤ ᠦᠭᠡᠢ᠃ ᠡᠮᠦᠨᠡᠬᠢ ᠪᠠᠳᠠᠭ᠎ᠤᠨ ᠲᠣᠭᠲᠠᠭ᠋ᠠᠯ᠎ᠢ ᠬᠡᠷᠡᠭᠯᠡᠪᠡᠯ᠂ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ ᠵᠢᠨ ᠭᠠᠷᠭ᠋ᠠᠭᠰᠠᠨ ᠰᠢᠯᠭ᠋ᠠᠨ ᠲᠣᠭᠲᠠᠭ᠋ᠠᠭᠰᠠᠨ ᠰᠠᠨᠠᠯ᠂ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ (ᠵᠢᠭ᠋ᠠᠨ ᠲᠣᠭᠲᠠᠭ᠋ᠠᠭᠰᠠᠨ ᠪᠠᠶ᠋ᠢᠭᠤᠯᠤᠮᠵᠢ) ᠵᠢᠨ ᠭᠠᠷᠭ᠋ᠠᠭᠰᠠᠨ ᠮᠠᠭ᠋ᠠᠳᠯᠠᠨ ᠲᠣᠭᠲᠠᠭ᠋ᠠᠭᠰᠠᠨ ᠮᠡᠳᠡᠭᠦᠯᠦᠯᠲᠡ ᠵᠢ ᠦᠨᠳᠦᠰᠦᠯᠡᠨ᠂ ᠬᠡᠷᠡᠭ᠎ᠲᠤ ᠬᠣᠯᠪᠣᠭᠳᠠᠭᠰᠠᠨ ᠲᠣᠭ᠎ᠠ ᠬᠡᠮᠵᠢᠶ᠎ᠡ᠂ ᠦᠷᠳᠡᠭ᠂ ᠬᠣᠬᠢᠷᠠᠯ᠎ᠤᠨ ᠬᠡᠮᠵᠢᠶ᠎ᠡ᠂ ᠨᠡᠶ᠋ᠢᠭᠡᠮ᠎ᠤᠨ ᠨᠥᠯᠥᠭᠡ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠮᠠᠭ᠋ᠠᠳᠯᠠᠨ ᠲᠣᠭᠲᠠᠭ᠋ᠠᠵᠤ ᠪᠣᠳᠠᠲᠠᠢ ᠱᠠᠩᠨᠠᠬᠤ ᠬᠡᠮᠵᠢᠶ᠎ᠡ ᠵᠢ ᠲᠣᠭᠲᠠᠭ᠋ᠠᠵᠤ ᠪᠣᠯᠤᠨ᠎ᠠ᠃
      ᠨᠠᠢ᠍ᠮᠠᠳᠤᠭ᠋ᠠᠷ ᠵᠦᠢ᠍ᠯ  《ᠬᠡᠨ ᠲᠤᠷᠰᠢᠨ ᠪᠠᠶ᠋ᠢᠴᠠᠭ᠋ᠠᠵᠤ ᠰᠢᠢ᠍ᠳᠬᠡᠪᠡᠯ ᠬᠡᠨ ᠱᠠᠩᠨᠠᠬᠤ》 ᠵᠠᠷᠴᠢᠮ᠎ᠤᠨ ᠶᠣᠰᠣᠭ᠋ᠠᠷ᠂ ᠢᠯᠡᠴᠢᠯᠡᠨ ᠮᠡᠳᠡᠭᠦᠯᠦᠭᠰᠡᠨ ᠱᠠᠩᠨᠠᠯ᠎ᠤᠨ ᠮᠥᠩᠭᠥ ᠵᠢ ᠲᠤᠷᠰᠢᠨ ᠪᠠᠶ᠋ᠢᠴᠠᠭ᠋ᠠᠵᠤ ᠰᠢᠢ᠍ᠳᠬᠡᠭᠰᠡᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠷᠢᠭᠤᠴᠠᠨ ᠣᠯᠭᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠦᠷᠦᠭᠦᠯᠡᠨ ᠲᠤᠷᠰᠢᠨ ᠪᠠᠶ᠋ᠢᠴᠠᠭ᠋ᠠᠵᠤ ᠰᠢᠢ᠍ᠳᠬᠡᠬᠦ ᠮᠤᠵᠢ ᠠᠯᠤᠰᠯᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠲᠣᠰ ᠱᠠᠲᠤᠨ᠎ᠠᠴᠠ ᠬᠠᠷᠢᠭᠤᠴᠠᠨ ᠣᠯᠭᠣᠨ᠎ᠠ᠃
      ᠠᠳᠠᠯᠢ ᠨᠢᠭᠡᠨ ᠡᠲᠡᠭᠡᠳ᠎ᠲᠤ ᠠᠳᠠᠯᠢ ᠨᠢᠭᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠣᠯᠠᠨ ᠤᠳᠠᠭ᠎ᠠ ᠢᠯᠡᠴᠢᠯᠡᠨ ᠮᠡᠳᠡᠭᠦᠯᠦᠭᠰᠡᠨ ᠪᠠᠶ᠋ᠢᠪᠠᠯ᠂ ᠨᠡᠶ᠋ᠢᠯᠡᠭᠦᠯᠦᠨ ᠱᠠᠩᠨᠠᠬᠤ ᠦᠭᠡᠶ᠂ ᠲᠤᠰ ᠠᠷᠭ᠎ᠠ ᠵᠢᠨ ᠳᠣᠯᠣᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠵᠡᠷᠭᠡ ᠳᠡᠰ᠎ᠤᠨ ᠳᠣᠲᠣᠷ᠎ᠠ ᠥᠨᠳᠥᠷ ᠪᠠᠷᠢᠮᠵᠢᠶ᠎ᠠ᠎ᠪᠠᠷ ᠪᠠᠶ᠋ᠢᠳᠠᠯ᠎ᠢ᠎ᠨᠢ ᠦᠵᠡᠵᠦ ᠱᠠᠩᠨᠠᠯ᠎ᠤᠨ ᠮᠥᠩᠭᠥ ᠵᠢ ᠣᠯᠭᠣᠵᠤ ᠪᠣᠯᠤᠨ᠎ᠠ; ᠠᠳᠠᠯᠢ ᠨᠢᠭᠡᠨ ᠡᠲᠡᠭᠡᠳ᠎ᠤᠨ ᠠᠳᠠᠯᠢ ᠪᠤᠰᠤ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠲᠤᠰ ᠲᠤᠰ᠎ᠲᠤᠨᠢ ᠱᠠᠩᠨᠠᠨ᠎ᠠ;
      ᠠᠳᠠᠯᠢ ᠨᠢᠭᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠤᠯᠠᠨ ᠬᠥᠮᠦᠨ ᠲᠤᠰ ᠲᠤᠰ ᠢᠯᠡᠴᠢᠯᠡᠨ ᠮᠡᠳᠡᠭᠦᠯᠦᠭᠰᠡᠨ ᠪᠠᠶ᠋ᠢᠪᠠᠯ᠂ ᠵᠥᠪᠬᠡᠨ ᠬᠠᠮᠤᠭ ᠠᠩᠬᠠᠨ᠎ᠤ ᠢᠯᠡᠴᠢᠯᠡᠨ ᠮᠡᠳᠡᠭᠦᠯᠦᠭᠰᠡᠨ ᠬᠥᠮᠦᠨ᠎ᠢ ᠱᠠᠩᠨᠠᠨ᠎ᠠ; ᠢᠯᠡᠴᠢᠯᠡᠨ ᠮᠡᠳᠡᠭᠦᠯᠦᠭᠴᠢ ᠨᠡᠷ᠎ᠡ ᠬᠣᠯᠪᠣᠭ᠋ᠠᠯᠠᠨ ᠢᠯᠡᠴᠢᠯᠡᠨ ᠮᠡᠳᠡᠭᠦᠯᠦᠭᠰᠡᠨ ᠪᠠᠶ᠋ᠢᠪᠠᠯ᠂ ᠱᠠᠩᠨᠠᠯ᠎ᠤᠨ ᠮᠥᠩᠭᠥ ᠵᠢ ᠨᠡᠷ᠎ᠡ ᠬᠣᠯᠪᠣᠭ᠋ᠠᠯᠠᠭᠰᠠᠨ ᠢᠯᠡᠴᠢᠯᠡᠨ ᠮᠡᠳᠡᠭᠦᠯᠦᠭᠴᠢ ᠥᠪᠡᠰᠦᠪᠡᠨ ᠬᠤᠪᠢᠶᠠᠷᠢᠯᠠᠨ᠎ᠠ᠃
      ᠶᠢᠰᠦᠳᠦᠭᠡᠷ ᠵᠦᠢ᠍ᠯ  ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠢᠯᠡᠴᠢᠯᠡᠨ ᠮᠡᠳᠡᠭᠦᠯᠦᠭᠰᠡᠨ᠎ᠢ ᠴᠠᠭ ᠲᠤᠬᠠᠶ᠎ᠳᠤ᠎ᠨᠢ ᠬᠦᠯᠢᠶᠡᠨ ᠠᠪᠴᠤ ᠰᠢᠢ᠍ᠳᠪᠦᠷᠢᠯᠡᠨ᠂ ᠢᠯᠡᠴᠢᠯᠡᠨ ᠮᠡᠳᠡᠭᠦᠯᠦᠭᠰᠡᠨ ᠠᠷᠭ᠎ᠠ ᠮᠠᠶᠢᠭ᠂ ᠴᠠᠭ ᠬᠤᠭᠤᠴᠠᠭ᠎ᠠ᠂ ᠠᠭᠤᠯᠭ᠎ᠠ ᠵᠢᠴᠢ ᠢᠯᠡᠴᠢᠯᠡᠨ ᠮᠡᠳᠡᠭᠦᠯᠦᠭᠴᠢ ᠵᠢᠨ ᠪᠡᠶ᠎ᠡ ᠭᠠᠷᠤᠯ᠎ᠤᠨ ᠮᠡᠳᠡᠭᠡ ᠵᠠᠩᠭᠢ᠂ ᠬᠠᠷᠢᠯᠴᠠᠬᠤ ᠠᠷᠭ᠎ᠠ ᠮᠠᠶᠢᠭ ᠵᠡᠷᠭᠡ ᠦᠨᠳᠦᠰᠦᠨ ᠪᠠᠶ᠋ᠢᠳᠠᠯ᠎ᠢ ᠨᠠᠷᠢᠨ ᠲᠡᠮᠳᠡᠭᠯᠡᠵᠦ᠂ ᠱᠠᠩᠨᠠᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠶ᠃
      ᠠᠷᠪᠠᠳᠤᠭ᠋ᠠᠷ ᠵᠦᠢ᠍ᠯ  ᠢᠯᠡᠴᠢᠯᠡᠨ ᠮᠡᠳᠡᠭᠦᠯᠦᠭᠰᠡᠨ ᠬᠡᠷᠡᠭ᠎ᠢ ᠲᠤᠷᠰᠢᠨ ᠪᠠᠶ᠋ᠢᠴᠠᠭ᠋ᠠᠵᠤ ᠳᠠᠭᠤᠰᠬᠠᠭᠰᠠᠨ ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ᠂ ᠲᠤᠰ ᠠᠷᠭ᠎ᠠ᠎ᠳᠤ ᠲᠣᠭᠲᠠᠭ᠋ᠠᠭᠰᠠᠨ ᠱᠠᠩᠨᠠᠬᠤ ᠨᠥᠬᠥᠴᠡᠯ᠎ᠳᠤ ᠨᠡᠶ᠋ᠢᠴᠡᠵᠦ ᠪᠠᠶ᠋ᠢᠪᠠᠯ᠂ ᠲᠤᠷᠰᠢᠨ ᠪᠠᠶ᠋ᠢᠴᠠᠭ᠋ᠠᠵᠤ ᠰᠢᠢ᠍ᠳᠬᠡᠭᠰᠡᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠢᠯᠡᠴᠢᠯᠡᠨ ᠮᠡᠳᠡᠭᠦᠯᠦᠭᠴᠢ᠎ᠳᠤ ᠮᠡᠳᠡᠭᠳᠡᠨ ᠱᠠᠩᠨᠠᠯ᠎ᠤᠨ ᠮᠥᠩᠭᠥ ᠠᠪᠤᠭᠤᠯᠬᠤ ᠬᠡᠷᠡᠭᠲᠡᠶ᠃ ᠣᠨᠴᠠᠭ᠋ᠠᠢ ᠪᠠᠶ᠋ᠢᠳᠠᠯ ᠲᠣᠬᠢᠶᠠᠯᠳᠤᠪᠠᠯ᠂ ᠲᠤᠷᠰᠢᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠱᠠᠩᠨᠠᠬᠤ ᠬᠤᠭᠤᠴᠠᠭ᠎ᠠ ᠵᠢ ᠤᠷᠲᠤᠳᠬᠠᠵᠤ ᠪᠣᠯᠤᠨ᠎ᠠ᠃
      ᠠᠷᠪᠠᠨ ᠨᠢᠭᠡᠳᠦᠭᠡᠷ ᠵᠦᠢ᠍ᠯ  ᠢᠯᠡᠴᠢᠯᠡᠨ ᠮᠡᠳᠡᠭᠦᠯᠦᠭᠴᠢ ᠱᠠᠩᠨᠠᠯ ᠠᠪᠬᠤ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠬᠦᠴᠦᠨ ᠪᠦᠬᠦᠢ ᠦᠨᠡᠮᠯᠡᠯ ᠵᠶ᠋ᠠᠨ ᠠᠪᠴᠤ ᠱᠠᠩᠨᠠᠯ ᠠᠪᠬᠤ ᠭᠠᠷᠳᠠᠮ ᠭᠦᠢ᠍ᠴᠡᠳᠬᠡᠬᠦ ᠬᠡᠷᠡᠭᠲᠡᠶ; ᠪᠠᠰᠠ ᠪᠡᠶ᠎ᠡ ᠵᠢᠨ ᠦᠨᠡᠮᠯᠡᠯ᠂ ᠪᠠᠩᠬᠢ ᠵᠢᠨ ᠳᠠᠩᠰᠠ ᠵᠡᠷᠭᠡ ᠮᠡᠳᠡᠭᠡ ᠵᠠᠩᠭᠢ ᠵᠢ ᠬᠠᠩᠭ᠋ᠠᠵᠤ ᠰᠦᠯᠵᠢᠶᠡᠨ ᠳᠡᠭᠡᠷ᠎ᠡ ᠭᠤᠪᠢᠭᠤᠯᠵᠤ ᠪᠣᠯᠤᠨ᠎ᠠ; ᠪᠤᠰᠤᠳ ᠬᠥᠮᠦᠨ᠎ᠳᠤ ᠨᠠᠶ᠋ᠢᠳᠠᠵᠤ ᠣᠷᠣᠯᠠᠨ ᠭᠦᠢ᠍ᠴᠡᠳᠬᠡᠨ ᠲᠣᠰᠣᠭᠤᠯᠤᠭᠰᠠᠨ ᠪᠠᠶ᠋ᠢᠪᠠᠯ᠂ ᠣᠷᠣᠯᠠᠨ ᠭᠦᠢ᠍ᠴᠡᠳᠬᠡᠭᠴᠢ᠎ᠨᠢ ᠲᠤᠰ ᠬᠥᠮᠦᠨ ᠪᠣᠯᠤᠨ ᠨᠠᠶ᠋ᠢᠳᠠᠭᠴᠢ ᠵᠢᠨ ᠬᠦᠴᠦᠨ ᠪᠦᠬᠦᠢ ᠪᠡᠶ᠎ᠡ ᠵᠢᠨ ᠦᠨᠡᠮᠯᠡᠯ ᠵᠢᠴᠢ ᠨᠠᠶ᠋ᠢᠳᠠᠯᠭ᠎ᠠ ᠵᠢᠨ ᠪᠢᠴᠢᠭ ᠵᠶ᠋ᠠᠷ ᠵᠶ᠋ᠠᠨ ᠲᠤᠰᠴᠤ ᠠᠪᠤᠨ᠎ᠠ᠃
      ᠵᠦᠢ ᠶᠣᠰᠣᠨ᠎ᠤ ᠰᠢᠯᠲᠠᠭ᠋ᠠᠨ ᠦᠭᠡᠶ᠎ᠪᠠᠷ ᠬᠤᠭᠤᠴᠠᠭ᠎ᠠ ᠥᠩᠭᠡᠷᠡᠲᠡᠯ᠎ᠡ ᠠᠪᠤᠭᠰᠠᠨ ᠦᠭᠡᠶ ᠪᠣᠯ ᠱᠠᠩᠨᠠᠯ ᠵᠶ᠋ᠠᠨ ᠬᠠᠶᠠᠭᠰᠠᠨ ᠵᠶ᠋ᠠᠷ ᠦᠵᠡᠨ᠎ᠡ᠃
      ᠢᠯᠡᠴᠢᠯᠡᠨ ᠮᠡᠳᠡᠭᠦᠯᠦᠭᠴᠢ ᠵᠢᠨ ᠬᠠᠩᠭ᠋ᠠᠭᠰᠠᠨ ᠬᠣᠯᠪᠣᠭᠳᠠᠯ ᠪᠦᠬᠦᠢ ᠮᠡᠳᠡᠭᠡ ᠵᠠᠩᠭᠢ᠎ᠨᠢ ᠣᠨᠣᠪᠴᠢ ᠦᠭᠡᠶ ᠵᠡᠷᠭᠡ ᠲᠤᠰ ᠪᠡᠶ᠎ᠡ ᠵᠢᠨ ᠰᠢᠯᠲᠠᠭ᠋ᠠᠨ᠎ᠠᠴᠠ ᠪᠣᠯᠵᠤ᠂ ᠱᠠᠩᠨᠠᠯ᠎ᠤᠨ ᠮᠥᠩᠭᠥ ᠵᠢ ᠣᠯᠭᠣᠬᠤ ᠠᠷᠭ᠎ᠠ ᠦᠭᠡᠶ ᠪᠤᠶᠤ ᠪᠤᠷᠤᠭᠤ ᠣᠯᠭᠣᠭᠰᠠᠨ ᠪᠣᠯ ᠢᠯᠡᠴᠢᠯᠡᠨ ᠮᠡᠳᠡᠭᠦᠯᠦᠭᠴᠢ ᠦᠷ᠎ᠡ ᠳ᠋ᠦᠩ᠎ᠢ ᠡᠭᠦᠷᠭᠡᠯᠡᠬᠦ ᠬᠡᠷᠡᠭᠲᠡᠶ᠃
      ᠠᠷᠪᠠᠨ ᠬᠣᠶᠠᠳᠤᠭ᠋ᠠᠷ ᠵᠦᠢ᠍ᠯ  ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ ᠱᠠᠩᠨᠠᠬᠤ ᠥᠬᠡᠶ᠄ 
      (ᠨᠢᠭᠡ) ᠬᠤᠳᠠᠯ ᠬᠠᠭᠤᠷᠮᠠᠭ ᠶᠠᠯ᠎ᠠ ᠬᠢᠭᠰᠡᠨ ᠰᠦᠪᠡᠭᠴᠢ ᠬᠠᠩᠭ᠋ᠠᠵᠤ ᠪᠠᠶ᠋ᠢᠭ᠋ᠠᠳ ᠱᠠᠩᠨᠠᠯ ᠮᠡᠬᠡᠯᠡᠨ ᠠᠪᠤᠭᠰᠠᠨ;
      (ᠬᠣᠶᠠᠷ) ᠬᠤᠳᠠᠯ ᠬᠠᠭᠤᠷᠮᠠᠭ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ ᠬᠠᠩᠭ᠋ᠠᠵᠤ ᠱᠠᠩᠨᠠᠯ ᠮᠡᠬᠡᠯᠡᠨ ᠠᠪᠤᠭᠰᠠᠨ;
      (ᠭᠤᠷᠪᠠ) ᠢᠯᠡᠴᠢᠯᠡᠨ ᠮᠡᠳᠡᠭᠦᠯᠦᠭᠰᠡᠨ ᠪᠣᠳᠠᠲᠤ ᠶᠠᠪᠤᠳᠠᠯ᠎ᠨᠢ ᠲᠣᠳᠣᠷᠬᠠᠶ ᠦᠭᠡᠶ ᠪᠤᠶᠤ ᠢᠯᠡᠴᠢᠯᠡᠨ ᠮᠡᠳᠡᠭᠦᠯᠦᠭᠰᠡᠨ ᠡᠲᠡᠭᠡᠳ᠎ᠨᠢ ᠲᠣᠳᠣᠷᠬᠠᠶ ᠦᠭᠡᠶ᠂ ᠪᠠᠶ᠋ᠢᠴᠠᠭ᠋ᠠᠨ ᠲᠣᠳᠣᠯᠠᠬᠤ ᠵᠢᠨ ᠠᠷᠭ᠎ᠠ ᠦᠭᠡᠶ ᠪᠠᠶ᠋ᠢᠬᠤ;
      (ᠲᠦᠷᠪᠡ) ᠢᠯᠡᠴᠢᠯᠡᠨ ᠮᠡᠳᠡᠭᠦᠯᠦᠭᠰᠡᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠣᠯᠪᠣᠭᠳᠠᠯ ᠪᠦᠬᠦᠢ ᠪᠠᠶ᠋ᠢᠭᠤᠯᠭ᠎ᠠ ᠨᠢᠭᠡᠨᠲᠡ ᠪᠠᠶ᠋ᠢᠴᠠᠭ᠋ᠠᠨ ᠰᠢᠢ᠍ᠳᠪᠦᠷᠢᠯᠡᠭᠰᠡᠨ;
      (ᠲᠠᠪᠤ) ᠲᠥᠷᠥ ᠵᠢᠨ ᠪᠠᠢ᠌ᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ᠂ ᠬᠠᠮᠢᠶ᠎ᠠ ᠪᠦᠬᠦᠢ ᠪᠠᠶ᠋ᠢᠭᠤᠯᠤᠮᠵᠢ ᠵᠢᠨ ᠠᠵᠢᠯᠲᠠᠨ ᠠᠵᠢᠯ᠎ᠤᠨ ᠳᠤᠮᠳᠠ᠎ᠪᠠᠨ ᠣᠯᠵᠤ ᠮᠡᠳᠡᠭᠰᠡᠨ;
      (ᠵᠢᠷᠭᠤᠭ᠎ᠠ) ᠶᠠᠯ᠎ᠠ ᠬᠢᠭᠰᠡᠨ ᠰᠡᠵᠢᠭᠳᠡᠨ᠂ ᠡᠷᠡᠭᠦᠦ ᠰᠢᠳᠬᠡᠯ ᠭᠦᠢ᠍ᠴᠡᠳᠬᠡᠵᠦ ᠪᠠᠶ᠋ᠢᠭ᠎ᠠ ᠬᠥᠮᠦᠰ ᠢᠯᠡᠴᠢᠯᠡᠨ ᠮᠡᠳᠡᠭᠦᠯᠦᠭᠰᠡᠨ ᠪᠠᠶ᠋ᠢᠪᠠᠯ;
      (ᠳᠣᠯᠣᠭ᠎ᠠ) ᠢᠯᠡᠴᠢᠯᠡᠨ ᠮᠡᠳᠡᠭᠦᠯᠦᠭᠰᠡᠨ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ ᠬᠢᠭᠡᠳ ᠰᠦᠪᠡᠭᠴᠢ ᠵᠢ ᠨᠢᠭᠡᠨᠲᠡ ᠰᠣᠨᠢᠨ ᠮᠡᠳᠡᠭᠡᠨ᠎ᠤ ᠵᠠᠭᠤᠴᠢᠯᠠᠭᠤᠷ᠂ ᠰᠦᠯᠵᠢᠶ᠎ᠡ ᠵᠡᠷᠭᠡ᠎ᠳᠤ ᠢᠯᠡ᠎ᠪᠠᠷ ᠮᠡᠳᠡᠭᠡᠯᠡᠭᠰᠡᠨ ᠪᠤᠶᠤ ᠨᠡᠶ᠋ᠢᠲᠡᠯᠡᠭᠰᠡᠨ;
      (ᠨᠠᠢ᠍ᠮᠠ) ᠱᠠᠩᠨᠠᠬᠤ ᠦᠭᠡᠢ ᠪᠤᠰᠤᠳ ᠪᠠᠶ᠋ᠢᠳᠠᠯ᠃
      ᠠᠷᠪᠠᠨ ᠭᠤᠷᠪᠠᠳᠤᠭ᠋ᠠᠷ ᠵᠦᠢ᠍ᠯ  ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠵᠠᠷᠤᠳᠠᠯ᠎ᠢ ᠪᠠᠲᠤᠯᠠᠵᠤ᠂ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠵᠠᠷᠤᠳᠠᠯ᠎ᠢ ᠠᠳᠠᠯᠢ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠲᠥᠰᠦᠪ᠎ᠲᠤ ᠣᠷᠣᠭᠤᠯᠵᠤ᠂ ᠱᠠᠩᠨᠠᠯ᠎ᠤᠨ ᠮᠥᠩᠭᠥ ᠣᠯᠭᠣᠬᠤ᠎ᠳᠤ ᠡᠳ᠋᠎ᠤᠨ ᠵᠠᠰᠠᠭ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ  ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠢᠯᠡᠴᠢᠯᠡᠨ ᠮᠡᠳᠡᠭᠦᠯᠦᠭᠰᠡᠨ᠎ᠤ ᠱᠠᠩᠨᠠᠬᠤ ᠵᠠᠷᠤᠳᠠᠯ᠎ᠢ ᠬᠡᠷᠡᠭᠯᠡᠵᠦ ᠬᠠᠮᠢᠶᠠᠷᠬᠤ ᠲᠥᠷᠢᠮ ᠲᠣᠭᠲᠠᠭ᠋ᠠᠯ᠎ᠢ ᠪᠠᠶ᠋ᠢᠭᠤᠯᠤᠨ ᠪᠥᠷᠢᠨᠰᠢᠬᠥᠯᠵᠤ᠂ ᠱᠠᠩᠨᠠᠬᠤ ᠵᠠᠷᠤᠳᠠᠯ᠎ᠤᠨ ᠭᠤᠶᠤᠴᠢᠯᠠᠬᠤ᠂ ᠬᠢᠨᠠᠨ ᠵᠥᠪᠰᠢᠶᠡᠷᠡᠬᠦ ᠪᠠ ᠣᠯᠭᠣᠬᠤ᠎ᠳᠠᠬᠢ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠨ᠂ ᠡᠳ᠋᠎ᠤᠨ ᠵᠠᠰᠠᠭ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠎ᠤᠨ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂ ᠱᠠᠩᠨᠠᠬᠤ ᠵᠠᠷᠤᠳᠠᠯ᠎ᠢ ᠲᠣᠭᠲᠠᠭ᠋ᠠᠯ᠎ᠠᠴᠠ ᠵᠥᠷᠢᠴᠡᠨ ᠣᠯᠭᠣᠭᠰᠠᠨ᠂ ᠱᠠᠮᠰᠢᠨ ᠵᠠᠯᠭᠢᠭᠰᠠᠨ ᠵᠡᠷᠭᠡ ᠪᠠᠶ᠋ᠢᠳᠠᠯ ᠪᠠᠶ᠋ᠢᠬᠤ ᠵᠢ ᠣᠯᠵᠤ ᠮᠡᠳᠡᠪᠡᠯ᠂ ᠬᠠᠮᠢᠶ᠎ᠠ ᠪᠥᠬᠥᠢ ᠬᠥᠮᠦᠰ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠢ᠃
      ᠠᠷᠪᠠᠨ ᠲᠠᠪᠤᠳᠤᠭ᠋ᠠᠷ ᠵᠦᠢ᠍ᠯ  ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠳᠠᠩᠰᠠ ᠡᠪᠬᠡᠮᠡᠯ ᠪᠠᠶ᠋ᠢᠭᠤᠯᠬᠤ ᠬᠡᠷᠡᠭᠲᠡᠶ᠂ ᠡᠭᠦᠨ᠎ᠳᠤ ᠢᠯᠡᠴᠢᠯᠡᠨ ᠮᠡᠳᠡᠭᠦᠯᠦᠭᠰᠡᠨ᠎ᠢ ᠳᠠᠩᠰᠠᠯᠠᠭᠰᠠᠨ ᠮᠠᠲ᠋ᠧᠷᠢᠶᠠᠯ᠂ ᠰᠦᠪᠡᠭᠴᠢ ᠵᠢ ᠬᠢᠨᠠᠨ ᠪᠠᠶ᠋ᠢᠴᠠᠭ᠋ᠠᠭᠰᠠᠨ ᠪᠠᠶ᠋ᠢᠳᠠᠯ᠂ ᠬᠡᠷᠡᠭ ᠭᠦᠢ᠍ᠴᠡᠳᠬᠡᠭᠰᠡᠨ ᠪᠠᠶ᠋ᠢᠳᠠᠯ᠂ ᠱᠠᠩᠨᠠᠬᠤ ᠵᠢ ᠬᠢᠨᠠᠨ ᠵᠥᠪᠰᠢᠶᠡᠷᠡᠵᠦ ᠣᠯᠭᠣᠭᠰᠠᠨ ᠵᠡᠷᠭᠡ ᠮᠠᠲ᠋ᠧᠷᠢᠶᠠᠯ ᠪᠠᠭᠲᠠᠨ᠎ᠠ᠃ ᠳᠠᠩᠰᠠ ᠡᠪᠬᠡᠮᠡᠯ᠎ᠤᠨ ᠮᠠᠲ᠋ᠧᠷᠢᠶᠠᠯ᠎ᠢ ᠨᠢᠭᠡ ᠬᠡᠷᠡᠭ ᠨᠢᠭᠡ ᠳᠠᠩᠰᠠ ᠡᠪᠬᠡᠮᠡᠯ ᠵᠶ᠋ᠠᠷ ᠤᠷᠲᠤ ᠬᠤᠭᠤᠴᠠᠭ᠎ᠠ᠎ᠪᠠᠷ ᠬᠠᠳᠠᠭ᠋ᠠᠯᠠᠬᠤ ᠬᠡᠷᠡᠭᠲᠡᠢ᠃
      ᠠᠷᠪᠠᠨ ᠵᠢᠷᠭᠤᠳᠤᠭ᠋ᠠᠷ ᠵᠦᠢ᠍ᠯ  ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠵᠢᠯᠲᠠᠳ ᠨᠢᠭᠤᠴᠠ ᠵᠢ ᠬᠠᠮᠠᠭ᠋ᠠᠯᠠᠬᠤ ᠲᠥᠷᠢᠮ᠎ᠢ ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ᠂ ᠢᠯᠡᠴᠢᠯᠡᠨ ᠮᠡᠳᠡᠭᠦᠯᠦᠭᠴᠢ ᠵᠢᠨ ᠪᠡᠶ᠎ᠡ ᠭᠠᠷᠤᠯ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠪᠣᠯᠤᠨ ᠱᠠᠩᠨᠠᠬᠤ ᠵᠡᠷᠭᠡ ᠪᠠᠶ᠋ᠢᠳᠠᠯ᠎ᠢ ᠶᠠᠮᠠᠷᠪᠠ ᠠᠷᠭ᠎ᠠ ᠮᠠᠶᠢᠭ ᠵᠶ᠋ᠠᠷ ᠴᠤ᠌ ᠵᠠᠳᠠᠷᠠᠭᠤᠯᠵᠤ ᠪᠣᠯᠬᠤ ᠥᠭᠡᠢ᠂ ᠳᠣᠣᠷᠠᠬᠢ ᠪᠠᠶ᠋ᠢᠳᠠᠯ ᠪᠠᠶ᠋ᠢᠪᠠᠯ᠂ ᠥᠢ᠍ᠯᠡ ᠪᠠᠶ᠋ᠢᠳᠠᠯ᠎ᠤᠨ ᠬᠦᠨᠳᠦ ᠬᠥᠨᠭᠭᠡᠨ ᠢ᠎ᠨᠢ ᠦᠵᠡᠵᠦ ᠪᠠᠶ᠋ᠢᠭ᠋ᠠᠳ ᠬᠠᠮᠢᠶ᠎ᠠ ᠪᠥᠬᠥᠢ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠲᠡᠢ᠄
      (ᠨᠢᠭᠡ) ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠭᠰᠠᠨ ᠪᠤᠶᠤ ᠪᠤᠰᠤᠳ ᠬᠥᠮᠦᠨ᠎ᠢ ᠵᠢᠭ᠋ᠠᠨ ᠲᠤᠬᠢᠵᠤ᠂ ᠪᠤᠰᠤᠳ᠎ᠲᠠᠢ ᠬᠠᠮᠲᠤᠷᠠᠨ ᠬᠠᠭᠤᠷᠮᠠᠭᠯᠠᠨ ᠵᠣᠬᠢᠶᠠᠵᠤ᠂ ᠢᠯᠡᠴᠢᠯᠡᠨ ᠮᠡᠳᠡᠭᠦᠯᠦᠭᠰᠡᠨ ᠱᠠᠩᠨᠠᠯ᠎ᠢ ᠬᠠᠭᠤᠷᠮᠠᠭᠯᠠᠨ ᠠᠪᠤᠭᠰᠠᠨ;
      (ᠬᠣᠶᠠᠷ) ᠢᠯᠡᠴᠢᠯᠡᠨ ᠮᠡᠳᠡᠭᠦᠯᠦᠭᠴᠢ ᠵᠢᠨ ᠮᠡᠳᠡᠭᠡ ᠵᠠᠩᠭᠢ ᠵᠢ ᠵᠠᠳᠠᠷᠠᠭᠤᠯᠤᠭᠰᠠᠨ;
      (ᠭᠤᠷᠪᠠ) ᠢᠯᠡᠴᠢᠯᠡᠭᠳᠡᠭᠴᠢ᠎ᠳᠤ ᠮᠡᠳᠡᠭᠡ ᠴᠢᠮᠡᠭᠡ ᠬᠦᠷᠭᠡᠵᠦ᠂ ᠲᠡᠭᠦᠨ᠎ᠢ ᠬᠠᠪᠰᠤᠷᠤᠨ ᠪᠠᠶ᠋ᠢᠴᠠᠭ᠋ᠠᠨ ᠰᠢᠢ᠍ᠳᠪᠦᠷᠢᠯᠡᠬᠦ᠎ᠠᠴᠠ ᠵᠠᠶ᠋ᠢᠯᠠᠭᠤᠯᠤᠭᠰᠠᠨ;
      (ᠲᠦᠷᠪᠡ) ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠤᠰᠤᠳ ᠦᠢ᠍ᠯᠡ ᠠᠵᠢᠯᠯᠠᠭ᠎ᠠ᠃
      ᠠᠷᠪᠠᠨ ᠳᠣᠯᠣᠳᠤᠭ᠋ᠠᠷ ᠵᠦᠢ᠍ᠯ  ᠱᠠᠩᠨᠠᠯ᠎ᠤᠨ ᠮᠥᠩᠭᠥ ᠵᠢ ᠣᠯᠭᠣᠭᠰᠠᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠢᠯᠡᠴᠢᠯᠡᠨ ᠮᠡᠳᠡᠭᠦᠯᠦᠭᠴᠢ᠎ᠳᠤ ᠱᠠᠩᠨᠠᠬᠤ ᠦᠭᠡᠶ ᠪᠠᠶ᠋ᠢᠳᠠᠯ ᠪᠠᠶ᠋ᠢᠬᠤ ᠵᠢ ᠣᠯᠵᠤ ᠮᠡᠳᠡᠪᠡᠯ᠂ ᠱᠠᠩᠨᠠᠯ᠎ᠤᠨ ᠮᠥᠩᠭᠥ ᠵᠢ᠎ᠨᠢ ᠬᠤᠷᠢᠶᠠᠨ ᠠᠪᠴᠤ ᠪᠣᠯᠤᠨ᠎ᠠ᠃
      ᠠᠷᠪᠠᠨ ᠨᠠᠢ᠍ᠮᠠᠳᠤᠭ᠋ᠠᠷ ᠵᠦᠢ᠍ᠯ  ᠲᠣᠰ ᠠᠷᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      ᠠᠷᠪᠠ ᠶᠢᠰᠦᠳᠦᠭᠡᠷ ᠵᠦᠢ᠍ᠯ  ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

 

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ