ᠭᠣᠣᠯ ᠡᠭᠦᠷᠭᠡ ᠬᠠᠷᠢᠭᠤᠴᠠᠯᠭ᠎ᠠ᠄
ᠨᠢᠭᠡ᠂ ᠨᠠᠮ ᠪᠣᠯᠤᠨ ᠤᠯᠤᠰ᠎ᠤᠨ ᠬᠣᠯᠪᠣᠭᠳᠠᠯ ᠪᠦᠬᠦᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠴᠢᠭᠯᠡᠯᠲᠡ᠂ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠤᠨ ᠡᠬᠡ ᠨᠤᠤᠷᠠᠭ᠎ᠢ ᠰᠤᠳᠤᠯᠤᠨ ᠲᠣᠭᠲᠠᠭ᠋ᠠᠨ᠎ᠠ; ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠪᠠᠶ᠋ᠢᠷᠢᠯᠠᠭᠤᠯᠬᠤ᠂ ᠵᠢᠯᠣᠭᠣᠳᠬᠤ᠂ ᠬᠢᠨᠠᠯᠲᠠ ᠲᠠᠯᠪᠢᠬᠤ ᠬᠡᠷᠡᠭᠲᠡᠶ᠃
ᠬᠣᠶᠠᠷ᠂ ᠤᠯᠤᠰ᠎ᠤᠨ ᠠᠮᠤᠷ ᠲᠦᠪᠰᠢᠨ ᠪᠣᠯᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠦᠨᠳᠦ ᠶᠡᠬᠡ ᠭᠡᠨᠡᠳᠲᠡ ᠵᠢᠨ ᠬᠡᠷᠡᠭ᠎ᠢ ᠵᠣᠬᠢᠴᠠᠭᠤᠯᠤᠨ ᠰᠢᠢ᠍ᠳᠪᠦᠷᠢᠯᠡᠵᠦ᠂ ᠴᠢᠬᠤᠯᠠ ᠶᠡᠬᠡ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠎ᠠ ᠵᠢ ᠪᠠᠶ᠋ᠢᠷᠢᠯᠠᠭᠤᠯᠤᠨ ᠵᠢᠯᠣᠭᠣᠳᠬᠤ ᠬᠡᠷᠡᠭᠲᠡᠶ᠃
ᠭᠤᠷᠪᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠮᠤᠷ᠎ᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯ ᠥᠷᠨᠢᠭᠦᠯᠬᠦ ᠵᠢ ᠵᠢᠯᠣᠭᠣᠳᠤᠨ ᠬᠢᠨᠠᠯᠲᠠ ᠲᠠᠯᠪᠢᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠡᠶ᠋ᠢᠭᠡᠮ᠎ᠤᠨ ᠠᠮᠤᠷ ᠲᠦᠪᠰᠢᠨ᠎ᠤ ᠡᠮᠬᠢ ᠳᠢᠭᠯᠢᠮ᠎ᠳᠤ ᠬᠣᠤᠷ ᠬᠥᠨᠥᠭᠡᠯ ᠤᠴᠠᠷᠠᠭᠤᠯᠤᠭᠰᠠᠨ ᠦᠢ᠍ᠯᠡ ᠠᠵᠢᠯᠯᠠᠭ᠎ᠠ ᠪᠠ ᠠᠮᠤᠷ᠎ᠢ ᠬᠠᠮᠠᠭ᠋ᠠᠯᠠᠬᠤ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠢ᠌ᠭᠤᠯᠵᠤ ᠵᠢᠯᠤᠭᠤᠳᠤᠨ᠎ᠠ᠃
ᠳᠥᠷᠪᠡ᠂ ᠥᠪᠡᠷᠲᠡᠭᠡᠨ ᠵᠠᠰᠠᠬᠤ ᠣᠷᠣᠨ᠎ᠤ ᠨᠢᠰᠬᠡᠯ᠎ᠤᠨ ᠪᠠᠭᠤᠳᠠᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠬᠠᠮᠢᠶᠠᠷᠤᠯᠲᠠ ᠪᠣᠯᠤᠨ ᠣᠨᠴᠠ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠬᠠᠶ᠋ᠢᠯᠠᠭᠰᠠᠨ ᠠᠵᠢᠯ᠎ᠢ ᠵᠢᠯᠣᠭᠣᠳᠤᠨ᠎ᠠ᠃
ᠲᠠᠪᠤ᠂ ᠪᠦᠬᠦ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠢ ᠬᠠᠮᠠᠭ᠋ᠠᠯᠠᠬᠤ ᠵᠢᠴᠢ ᠮᠠᠰᠢᠨᠲᠤ ᠲᠡᠷᠭᠡ᠂ ᠵᠢᠯᠣᠭᠣᠴᠢ ᠵᠢᠨ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠂ ᠬᠢᠨᠠᠯᠲᠠ ᠲᠠᠯᠪᠢᠨ᠎ᠠ᠃
ᠵᠢᠷᠭᠤᠭ᠎ᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠣᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ᠂ ᠬᠦᠴᠦᠷᠬᠡᠭᠯᠡᠯ ᠰᠦᠷᠳᠡᠭᠦᠯᠦᠯ᠎ᠤᠨ ᠠᠵᠢᠯᠯᠠᠭ᠎ᠠ᠂ ᠬᠣᠤᠷᠲᠤ ᠡᠳ᠋᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠨ ᠲᠠᠩᠨᠠᠵᠤ ᠴᠣᠬᠢᠯᠲᠠ ᠥᠭᠬᠦ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠤᠨ᠎ᠠ᠃
ᠳᠣᠯᠣᠭ᠎ᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ᠂ ᠴᠠᠭᠳᠠᠭ᠋ᠠᠨ᠎ᠤ ᠶᠠᠪᠤᠳᠠᠯ᠎ᠢ ᠰᠢᠮᠳᠠᠭᠤᠯᠤᠨ ᠪᠠᠶ᠋ᠢᠴᠠᠭ᠋ᠠᠬᠤ᠂ ᠬᠢᠨᠠᠯᠲᠠ ᠬᠠᠮᠢᠶᠠᠷᠤᠯᠲᠠ ᠵᠢᠨ ᠭᠠᠵᠠᠷ ᠲᠠᠯᠠᠪᠤᠷ᠎ᠤᠨ ᠬᠠᠮᠢᠶᠠᠷᠤᠯᠲᠠ ᠪᠠᠶ᠋ᠢᠭᠤᠯᠤᠯᠲᠠ ᠵᠡᠷᠭᠡ ᠠᠵᠢᠯ᠎ᠢ ᠵᠢᠯᠣᠭᠣᠳᠤᠨ ᠬᠢᠨᠠᠯᠲᠠ ᠲᠠᠯᠪᠢᠨ᠎ᠠ᠃
ᠨᠠᠢ᠍ᠮᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ ᠪᠣᠯᠤᠨ ᠮᠡᠷᠭᠡᠵᠢᠯ᠎ᠤᠨ ᠠᠶᠤᠯ ᠦᠭᠡᠶ ᠵᠢᠨ ᠰᠡᠷᠭᠡᠶ᠋ᠢᠯᠡᠯᠲᠡ᠂ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ᠂ ᠮᠡᠳᠡᠭᠡ ᠵᠠᠩᠭᠢ ᠴᠢᠮᠡᠭᠡ ᠬᠣᠯᠪᠣᠭ᠋ᠠᠨ᠎ᠤ ᠪᠠᠲᠤᠯᠠᠭ᠎ᠠ ᠵᠢᠨ ᠠᠵᠢᠯ᠎ᠢ ᠵᠢᠯᠣᠭᠣᠳᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠶᠢᠰᠦ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠷᠤᠳᠠᠯ᠂ ᠲᠣᠨᠣᠭᠯᠠᠯ᠂ ᠤᠭᠰᠠᠷᠠᠭᠤᠯᠬᠤ ᠲᠥᠯᠥᠪᠵᠢᠭᠦᠯᠭᠡ ᠵᠢ ᠲᠤᠭᠤᠷᠪᠢᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠴᠠᠭᠳᠠᠭ᠋ᠠᠨ᠎ᠤ ᠠᠭ᠋ᠠᠷ᠎ᠤᠨ ᠲᠡᠭᠡᠭᠡᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠠᠷᠪᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠪᠠᠶ᠋ᠢᠭᠤᠯᠤᠯᠲᠠ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠤᠬᠠᠭᠤᠯᠭ᠎ᠠ ᠵᠢᠨ ᠠᠵᠢᠯ᠎ᠢ ᠬᠠᠷᠢᠭᠤᠴᠠᠵᠤ᠂ ᠺᠠᠳ᠋ᠷ᠎ᠢ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠬᠠᠮᠢᠶᠠᠷᠤᠨ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠰᠠᠬᠢᠯᠭ᠎ᠠ ᠪᠠᠲᠤ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠰᠢᠮᠳᠠᠭᠤᠯᠤᠨ ᠰᠢᠢ᠍ᠳᠪᠦᠷᠢᠯᠡᠭᠦᠯᠦᠨ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠣᠯᠪᠣᠭᠳᠠᠬᠤ ᠵᠠᠬᠢᠳᠠᠯ ᠰᠤᠷᠪᠤᠯᠵᠢᠯᠠᠯ᠎ᠤᠨ ᠵᠠᠭ᠋ᠠᠯᠳᠤᠯᠭ᠎ᠠ ᠭᠣᠮᠣᠳᠠᠯ ᠲᠤᠭ᠋ᠠᠴᠠᠯᠲᠠ ᠵᠢᠨ ᠬᠡᠷᠡᠭ (ᠶᠠᠪᠤᠳᠠᠯ)᠎ᠢ ᠬᠦᠯᠢᠶᠡᠨ ᠠᠪᠴᠤ ᠪᠠᠶ᠋ᠢᠴᠠᠭ᠋ᠠᠨ ᠰᠢᠢ᠍ᠳᠪᠦᠷᠢᠯᠡᠵᠦ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠬᠢᠳᠠᠯ ᠰᠤᠷᠪᠤᠯᠵᠢᠯᠠᠯ᠎ᠤᠨ ᠠᠵᠢᠯ᠎ᠢ ᠰᠢᠮᠳᠠᠭᠤᠯᠤᠨ᠂ ᠪᠠᠶ᠋ᠢᠴᠠᠭ᠋ᠠᠵᠤ᠂ ᠵᠢᠯᠣᠭᠣᠳᠴᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠦᠵᠡᠯ ᠰᠠᠨᠠᠭ᠎ᠠ ᠤᠯᠤᠰ ᠲᠥᠷᠥ ᠵᠢᠨ ᠪᠠᠶ᠋ᠢᠭᠤᠯᠤᠯᠲᠠ ᠪᠣᠯᠤᠨ ᠠᠵᠢᠯ᠎ᠤᠨ ᠰᠤᠷᠲᠠᠯ᠎ᠤᠨ ᠪᠠᠶ᠋ᠢᠭᠤᠯᠤᠯᠲᠠ ᠵᠢ ᠵᠢᠯᠣᠭᠣᠳᠤᠨ᠎ᠠ᠃
ᠠᠷᠪᠠᠨ ᠨᠢᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠲᠤᠰᠢᠶᠠᠨ ᠭᠦᠢ᠍ᠴᠡᠳᠭᠡᠯᠭᠡᠬᠦ ᠵᠦᠢ᠍ᠯᠡᠰ᠎ᠢ ᠳᠠᠭ᠋ᠠᠭ᠋ᠠᠨ ᠭᠦᠢ᠍ᠴᠡᠳᠭᠡᠭᠡᠨᠡ᠃
ᠳᠣᠲᠣᠭ᠋ᠠᠳᠤ ᠪᠠᠶ᠋ᠢᠭᠤᠯᠤᠮᠵᠢ᠄
ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠣ ᠬᠢᠨᠠᠨ ᠪᠠᠢ᠌ᠴᠠᠭ᠋ᠠᠬᠤ ᠲᠤᠭᠤᠢ᠌ᠯᠠᠩ᠄ ᠬᠢᠨᠠᠯᠲᠠ ᠲᠠᠯᠪᠢᠵᠤ ᠪᠠᠶ᠋ᠢᠭ᠎ᠠ ᠨᠢᠭᠡᠴᠢ ᠵᠢᠨ ᠨᠠᠮ᠎ᠤᠨ ᠱᠤᠭᠤᠮ᠂ ᠴᠢᠭᠯᠡᠯᠲᠡ᠂ ᠲᠥᠷᠥ ᠵᠢᠨ ᠪᠣᠳᠣᠯᠭ᠎ᠠ ᠪᠣᠯᠤᠨ ᠰᠢᠢ᠍ᠳᠪᠦᠷᠢ ᠵᠢ ᠲᠤᠭᠤᠰᠢᠯᠠᠭᠤᠯᠤᠨ ᠬᠡᠷᠡᠭᠵᠢᠭᠦᠯᠵᠦ ᠪᠠᠶ᠋ᠢᠭ᠎ᠠ᠂ ᠤᠯᠤᠰ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠢᠷᠤᠮᠯᠠᠵᠤ ᠪᠠᠶ᠋ᠢᠭ᠎ᠠ᠂ ᠣᠷᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ; ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠨᠢᠭᠡᠴᠢ ᠵᠢᠨ᠎ᠬᠢᠨ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠢ ᠥᠷᠨᠢᠭᠦᠯᠵᠦ᠂ ᠢᠯᠵᠠᠷᠠᠯ᠎ᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠵᠠᠰᠠᠬᠤ ᠠᠵᠢᠯ᠎ᠤᠨ ᠪᠦᠲᠦᠮᠵᠢᠲᠡᠶ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ 《ᠬᠥᠮᠦᠵᠢᠯ ᠬᠢᠬᠦ᠂ ᠳᠦᠷᠢᠮ᠂ ᠬᠢᠨᠠᠯᠲᠠ ᠲᠠᠯᠪᠢᠬᠤ ᠵᠢ ᠵᠡᠷᠭᠡ᠎ᠳᠤ᠎ᠨᠢ ᠴᠢᠬᠤᠯᠠᠴᠢᠯᠠᠭᠰᠠᠨ ᠢᠯᠵᠠᠷᠠᠯ᠎ᠢ ᠵᠠᠯᠬᠠᠭ᠋ᠠᠨ ᠰᠢᠢ᠍ᠳᠭᠡᠬᠦ ᠪᠠ ᠤᠷᠢᠳᠴᠢᠯᠠᠨ ᠰᠡᠷᠭᠡᠶ᠋ᠢᠯᠡᠬᠦ ᠰᠢᠰᠲᠸᠮᠵᠢ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠣᠪᠴᠢ》 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ; ᠬᠢᠨᠠᠯᠲᠠ ᠲᠠᠯᠪᠢᠵᠤ ᠪᠠᠶ᠋ᠢᠭ᠎ᠠ ᠨᠢᠭᠡᠴᠢ ᠵᠢᠴᠢ ᠠᠵᠢᠯᠯᠠᠭᠰᠠᠳ᠎ᠤᠨ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠪᠣᠯᠤᠨ ᠦᠢ᠍ᠯᠡᠴᠢᠯᠡᠭᠡᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ; ᠨᠢᠭᠡᠴᠢ ᠵᠢᠴᠢ ᠲᠡᠭᠦᠨ᠎ᠤ ᠠᠵᠢᠯᠳᠠᠨ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ ᠵᠢᠨ ᠲᠠᠯ᠎ᠠ᠎ᠪᠠᠷ᠎ᠬᠢ ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠨ᠎ᠡ; ᠪᠠᠶ᠋ᠢᠴᠠᠭ᠋ᠠᠨ ᠰᠤᠳᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠢᠨᠠᠯᠲᠠ ᠲᠠᠯᠪᠢᠵᠤ ᠪᠠᠶ᠋ᠢᠭ᠎ᠠ ᠨᠢᠭᠡᠴᠢ ᠵᠢᠨ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠲᠠᠯ᠎ᠠ᠎ᠪᠠᠷ ᠣᠷᠣᠰᠢᠵᠤ ᠪᠠᠶ᠋ᠢᠭ᠎ᠠ ᠬᠡᠯᠪᠡᠷᠢᠯ᠎ᠤᠨ ᠴᠢᠨᠠᠷᠲᠠᠶ ᠪᠤᠶᠤ ᠴᠢᠬᠤᠯᠠ ᠶᠡᠬᠡ ᠠᠰᠠᠭᠤᠳᠠᠯ᠎ᠳᠤ ᠴᠡᠭᠴᠡᠯᠡᠨ ᠰᠠᠶ᠋ᠢᠵᠢᠷᠠᠭᠤᠯᠬᠤ ᠰᠠᠨᠠᠯ᠂ ᠰᠠᠨᠠᠭᠤᠯᠭ᠎ᠠ ᠳᠤᠷᠠᠳᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠰᠢᠮᠳᠠᠭᠤᠯᠤᠨ ᠰᠠᠶ᠋ᠢᠲᠤᠷ ᠠᠳᠬᠤᠨ᠎ᠠ; ᠬᠢᠨᠠᠯᠲᠠ ᠲᠠᠯᠪᠢᠵᠤ ᠪᠠᠶ᠋ᠢᠭ᠎ᠠ ᠨᠢᠭᠡᠴᠢ ᠵᠢᠨ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠣᠨ᠎ᠤ ᠠᠵᠢᠯ᠎ᠤᠨ ᠪᠠᠶ᠋ᠢᠳᠠᠯ᠎ᠳᠤ ᠲᠤᠰᠬᠠᠶ ᠪᠠᠶ᠋ᠢᠴᠠᠭ᠋ᠠᠯᠲᠠ ᠬᠢᠬᠦ ᠵᠢᠨ ᠬᠠᠮᠲᠤ ᠶᠡᠷᠦᠩᠬᠡᠶ᠋ᠢᠯᠡᠭᠰᠡᠨ ᠦᠨᠡᠯᠡᠯᠲᠡ ᠪᠤᠶᠤ ᠬᠠᠮᠢᠶ᠎ᠠ ᠪᠦᠬᠦᠢ ᠲᠤᠰᠬᠠᠶ ᠦᠨᠡᠯᠡᠯᠲᠡ ᠬᠢᠨ᠎ᠡ; ᠬᠢᠨᠠᠯᠲᠠ ᠲᠠᠯᠪᠢᠵᠤ ᠪᠠᠶ᠋ᠢᠭ᠎ᠠ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠂ ᠨᠠᠮ᠎ᠤᠨ ᠭᠡᠰᠢᠭᠦᠨ ᠪᠠ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠬᠤ ᠡᠲᠡᠭᠡᠳ᠎ᠤᠨ ᠢᠯᠡᠴᠢᠯᠡᠯ᠂ ᠵᠠᠭ᠋ᠠᠯᠳᠤᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠨ᠎ᠡ; ᠣᠷᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠵᠥᠪᠰᠢᠶᠡᠷᠡᠯ ᠪᠤᠶᠤ ᠡᠷᠬᠡ ᠣᠯᠭᠣᠯᠲᠠ᠎ᠪᠠᠷ ᠳᠠᠮᠵᠢᠨ᠂ ᠬᠠᠮᠢᠶ᠎ᠠ ᠪᠦᠬᠦᠢ ᠨᠢᠭᠡᠴᠢ ᠵᠢᠨ ᠤᠳᠤᠷᠢᠳᠬᠤ ᠪᠠᠭ ᠵᠢᠴᠢ ᠪᠦᠷᠢᠯᠳᠦᠬᠦᠨ᠎ᠤ ᠨᠠᠮ᠎ᠤᠨ ᠰᠠᠬᠢᠯᠭ᠎ᠠ ᠵᠠᠰᠠᠭ᠎ᠤᠨ ᠰᠠᠬᠢᠯᠭ᠎ᠠ ᠵᠢ ᠵᠥᠷᠢᠴᠡᠭᠰᠡᠨ ᠰᠡᠵᠢᠭᠯᠡᠯᠲᠡᠶ ᠠᠰᠠᠭᠤᠳᠠᠯ᠎ᠢ ᠠᠩᠬ᠎ᠠ ᠠᠯᠬᠤᠮ ᠬᠠᠷᠭᠤᠭᠤᠯᠤᠨ ᠲᠣᠳᠣᠯᠠᠨ᠎ᠠ; ᠣᠷᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠢ ᠬᠠᠮᠵᠢᠨ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠰᠡᠵᠢᠭᠯᠡᠯᠲᠡᠶ ᠬᠡᠷᠡᠭ᠎ᠢ ᠪᠠᠶ᠋ᠢᠴᠠᠭ᠋ᠠᠨ ᠬᠠᠷᠭᠤᠭᠤᠯᠬᠤ ᠵᠢᠨ ᠬᠠᠮᠲᠤ ᠰᠢᠢ᠍ᠳᠭᠡᠯ ᠥᠭᠬᠦ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠨ᠎ᠠ; ᠣᠷᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠲᠤᠰᠢᠶᠠᠨ ᠭᠦᠢ᠍ᠴᠡᠳᠭᠡᠯᠭᠡᠬᠦ ᠪᠤᠰᠤᠳ ᠵᠦᠢ᠍ᠯᠡᠰ᠎ᠢ ᠳᠠᠭ᠋ᠠᠭ᠋ᠠᠨ ᠭᠦᠢ᠍ᠴᠡᠳᠭᠡᠨ᠎ᠡ᠃
ᠴᠠᠭᠳᠠᠭ᠋ᠠᠨ᠎ᠤ ᠶᠠᠪᠤᠳᠠᠯ᠎ᠢ ᠬᠢᠨᠠᠨ ᠪᠠᠶ᠋ᠢᠴᠠᠭ᠋ᠠᠬᠤ ᠬᠢᠨᠠᠨ ᠪᠣᠳᠤᠬᠤ ᠵᠠᠬᠢᠳᠠᠯ ᠰᠣᠷᠪᠤᠯᠵᠢᠯᠠᠯ᠎ᠤᠨ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠴᠢ ᠠᠷᠠᠳ᠎ᠤᠨ ᠴᠠᠭᠳᠠᠭ᠎ᠠ ᠵᠢᠨ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ᠂ ᠡᠷᠬᠡ ᠲᠤᠰᠢᠶᠠᠯ ᠵᠶ᠋ᠠᠨ ᠬᠡᠷᠡᠭᠵᠢᠭᠦᠯᠬᠦ ᠪᠠ ᠰᠠᠬᠢᠯᠭ᠎ᠠ ᠪᠠᠲᠤ ᠵᠢ ᠵᠢᠷᠤᠮᠯᠠᠨ ᠰᠠᠬᠢᠭᠰᠠᠨ ᠪᠠᠶ᠋ᠢᠳᠠᠯ᠎ᠢ ᠵᠢᠯᠣᠭᠣᠳᠤᠨ ᠬᠢᠨᠠᠯᠲᠠ ᠲᠠᠯᠪᠢᠵᠤ᠂ ᠣᠯᠠᠨ ᠲᠦᠮᠡᠨ᠎ᠤ ᠬᠠᠮᠢᠶ᠎ᠠ ᠪᠥᠬᠥᠶ ᠢᠯᠡᠴᠢᠯᠡᠨ ᠮᠡᠳᠡᠭᠦᠯᠦᠯᠲᠡ᠂ ᠵᠠᠭ᠋ᠠᠯᠳᠤᠯᠭ᠎ᠠ ᠪᠠ ᠯᠠᠪᠯᠠᠭ᠎ᠠ ᠵᠢ ᠭᠥᠯᠢᠶᠡᠨ ᠠᠪᠬᠤ ᠵᠢᠨ ᠬᠠᠮᠲᠤ ᠬᠠᠷᠭᠤᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠢᠴᠢ ᠠᠷᠠᠳ᠎ᠤᠨ ᠴᠠᠭᠳᠠᠭ᠎ᠠ ᠵᠢᠨ ᠵᠦᠶ ᠶᠣᠰᠣᠨ᠎ᠤ ᠬᠠᠤᠯᠢ ᠬᠡᠷᠡᠭᠵᠢᠭᠦᠯᠬᠦ ᠡᠷᠬᠡ ᠠᠰᠢᠭ᠎ᠢ ᠬᠠᠮᠠᠭ᠋ᠠᠯᠠᠨ᠎ᠠ᠃ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠵᠢᠯᠣᠭᠣᠳᠴᠤ᠂ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠵᠦᠢ᠍ᠯ᠎ᠢ ᠭᠦᠢ᠍ᠴᠡᠳᠬᠡᠨ᠂ ᠴᠢᠬᠤᠯᠠ ᠶᠡᠬᠡ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠬᠦᠯᠢᠶᠡᠨ ᠠᠪᠬᠤ ᠪᠠ ᠪᠠᠶ᠋ᠢᠴᠠᠭ᠋ᠠᠨ ᠰᠢᠢ᠍ᠳᠪᠦᠷᠢᠯᠡᠵᠦ᠂ ᠳᠡᠭᠡᠳᠦ ᠱᠠᠲᠤᠨ᠎ᠤ ᠪᠠᠶ᠋ᠢᠭᠤᠯᠭ᠎ᠠ ᠵᠢᠨ ᠲᠤᠰᠢᠶᠠᠨ ᠰᠢᠢ᠍ᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠳᠠᠭ᠋ᠠᠭ᠋ᠠᠨ ᠭᠦᠢ᠍ᠴᠡᠳᠭᠡᠨ᠎ᠡ᠃ ᠲᠢᠩᠬᠢᠮ᠎ᠤᠨ ᠪᠠᠶ᠋ᠢᠭᠤᠯᠭ᠎ᠠ ᠪᠣᠯᠤᠨ ᠰᠢᠭᠤᠳ ᠬᠠᠷᠢᠶ᠎ᠠ ᠨᠢᠭᠡᠴᠢ ᠵᠢᠨ ᠬᠢᠨᠠᠨ ᠪᠣᠳᠣᠬᠤ ᠠᠵᠢᠯ᠎ᠢ ᠬᠠᠷᠢᠭᠤᠴᠠᠵᠤ᠂ ᠣᠷᠣᠨ ᠨᠤᠲᠤᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠨᠠᠨ ᠪᠣᠳᠣᠬᠤ ᠠᠵᠢᠯ ᠥᠷᠨᠢᠭᠦᠯᠬᠦ ᠵᠢ ᠵᠢᠯᠣᠭᠣᠳᠤᠨ᠎ᠠ᠃
ᠠᠯᠪᠠᠨ ᠭᠡᠷ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠢ᠌ᠭᠤᠯᠭ᠎ᠠ ᠵᠢᠨ ᠪᠢᠴᠢᠭ ᠮᠠᠲ᠋ᠧᠷᠢᠶᠠᠯ ᠴᠠᠬᠢᠯᠭ᠋ᠠᠨ ᠮᠡᠳᠡᠭᠡ᠂ ᠬᠤᠷᠠᠯ᠎ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠲᠣᠭ᠎ᠠ ᠪᠦᠷᠢᠳᠬᠡᠯ᠂ ᠪᠠᠶ᠋ᠢᠴᠠᠭ᠋ᠠᠨ ᠰᠤᠳᠤᠯᠤᠯᠲᠠ ᠬᠢᠭᠡᠳ ᠡᠬᠡ ᠪᠢᠴᠢᠭ ᠲᠤᠭᠤᠷᠪᠢᠬᠤ ᠵᠡᠷᠭᠡ ᠠᠵᠢᠯ᠎ᠢ ᠬᠠᠷᠢᠭᠤᠴᠠᠨ᠎ᠠ᠃
ᠤᠯᠤᠰ ᠲᠥᠷᠥ ᠵᠢᠨ ᠬᠡᠯᠲᠡᠰ᠎ᠤᠨ ᠶᠡᠷᠦᠩᠬᠡᠶ᠋ᠢᠯᠡᠭᠰᠡᠨ ᠭᠠᠵᠠᠷ᠄ ᠪᠥᠬᠥ ᠣᠷᠣᠨ᠎ᠤ ᠡᠩᠨᠡᠭᠡ ᠵᠢᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠦᠷᠢᠮ ᠲᠣᠭᠲᠠᠭ᠋ᠠᠯ᠎ᠢ ᠰᠤᠳᠤᠯᠤᠨ ᠲᠣᠭᠲᠠᠭ᠋ᠠᠬᠤ ᠵᠢ ᠬᠠᠷᠢᠭᠤᠴᠠᠵᠤ᠂ ᠪᠥᠬᠥ ᠣᠷᠣᠨ᠎ᠤ ᠤᠯᠤᠰ ᠲᠥᠷᠥ ᠵᠢᠨ ᠠᠵᠢᠯ᠎ᠤᠨ ᠴᠢᠬᠤᠯᠠ ᠶᠡᠬᠡ ᠵᠦᠢ᠍ᠯᠡᠰ᠎ᠤᠨ ᠪᠠᠶ᠋ᠢᠴᠠᠭ᠋ᠠᠨ ᠰᠤᠳᠤᠯᠤᠯᠲᠠ ᠵᠢᠴᠢ ᠲᠥᠷᠥ ᠵᠢᠨ ᠪᠣᠳᠣᠯᠭ᠎ᠠ ᠣᠨᠣᠯ᠎ᠤᠨ ᠰᠤᠳᠤᠯᠭ᠋ᠠᠨ ᠵᠢᠴᠢ ᠤᠯᠤᠰ ᠲᠥᠷᠥ ᠵᠢᠨ ᠬᠡᠯᠲᠡᠰ᠎ᠤᠨ ᠵᠢᠯᠣᠭᠣᠳᠤᠨ ᠳᠣᠭᠢᠷᠠᠭᠤᠯᠬᠤ᠂ ᠠᠯᠪᠠᠨ ᠪᠢᠴᠢᠭ᠎ᠢ ᠰᠢᠯᠵᠢᠭᠦᠯᠬᠦ᠂ ᠮᠡᠳᠡᠭᠡ ᠵᠠᠩᠭᠢ ᠵᠢ ᠰᠢᠢ᠍ᠳᠪᠦᠷᠢᠯᠡᠬᠦ᠂ ᠤᠯᠤᠰ ᠲᠥᠷᠥ ᠵᠢᠨ ᠠᠵᠢᠯ᠎ᠤᠨ ᠰᠢᠰᠲ᠋ᠧᠮ᠎ᠢ ᠬᠠᠮᠠᠭ᠋ᠠᠯᠠᠬᠤ ᠵᠡᠷᠭᠡ ᠠᠵᠢᠯ᠎ᠢ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠯ᠎ᠡ ᠵᠦᠢ᠍ᠯ᠎ᠤᠨ ᠰᠢᠯᠭ᠋ᠠᠨ ᠬᠢᠨᠠᠬᠤ ᠠᠵᠢᠯ᠎ᠢ ᠲᠦᠷᠦᠭᠦᠯᠡᠨ ᠬᠠᠷᠢᠭᠤᠴᠠᠨ᠎ᠠ᠃
ᠤᠯᠤᠰ ᠲᠦᠷᠦ ᠵᠢᠨ ᠬᠡᠯᠲᠡᠰ᠎ᠤᠨ ᠵᠣᠬᠢᠶᠠᠨ ᠪᠠᠶ᠋ᠢᠭᠤᠯᠬᠤ ᠭᠠᠵᠠᠷ᠄ ᠲᠢᠩᠬᠢᠮ᠎ᠤᠨ ᠪᠠᠶ᠋ᠢᠭᠤᠯᠭ᠎ᠠ ᠵᠢᠴᠢ ᠬᠠᠷᠢᠶ᠎ᠠ ᠨᠢᠭᠡᠴᠢ ᠵᠢᠨ ᠺᠠᠳ᠋ᠷ᠎ᠢ ᠬᠢᠨᠠᠨ ᠬᠠᠮᠢᠶᠠᠷᠬᠤ᠂ ᠬᠥᠮᠦᠵᠢᠭᠦᠯᠬᠦ᠂ ᠬᠢᠨᠠᠨ ᠰᠢᠯᠭ᠋ᠠᠨ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠬᠤ ᠪᠥᠭᠡᠳ ᠺᠠᠳ᠋ᠷ᠎ᠢ ᠲᠤᠬᠢᠷᠠᠭᠤᠯᠬᠤ᠎ᠳᠤ ᠰᠠᠨᠠᠯ ᠰᠠᠨᠠᠭᠤᠯᠭ᠎ᠠ ᠳᠤᠷᠠᠳᠴᠤ᠂ ᠺᠠᠳ᠋ᠷ᠎ᠢ ᠬᠢᠨᠠᠨ ᠰᠢᠯᠭ᠋ᠠᠬᠤ ᠠᠵᠢᠯ᠎ᠢ ᠬᠠᠮᠵᠢᠨ ᠬᠠᠮᠢᠶᠠᠷᠬᠤ ᠵᠢ ᠬᠠᠷᠢᠭᠤᠴᠠᠬᠤ ᠪᠥᠭᠡᠳ ᠲᠣᠮᠢᠯᠠᠵᠤ ᠪᠠᠭᠤᠯᠭ᠋ᠠᠬᠤ᠂ ᠰᠠᠨᠠᠯ ᠵᠶ᠋ᠠᠨ ᠰᠣᠯᠢᠯᠴᠠᠬᠤ ᠵᠢ ᠳᠤᠷᠠᠳᠴᠤ᠂ ᠬᠠᠷᠢᠶ᠎ᠠ ᠨᠢᠭᠡᠴᠢ ᠵᠢᠨ ᠺᠠᠳ᠋ᠷ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠠᠵᠢᠯ ᠵᠶ᠋ᠠᠨ ᠥᠷᠨᠢᠭᠦᠯᠬᠦ ᠵᠢ ᠵᠢᠯᠣᠭᠣᠳᠤᠨ᠎ᠠ᠃
ᠤᠯᠤᠰ ᠲᠥᠷᠥ ᠵᠢᠨ ᠬᠡᠯᠲᠡᠰ᠎ᠤᠨ ᠠᠵᠢᠯᠲᠠᠨ᠎ᠤ ᠶᠠᠪᠤᠳᠠᠯ ᠪᠣᠯᠪᠠᠰᠤᠷᠠᠭᠤᠯᠤᠯ᠎ᠤᠨ ᠭᠠᠵᠠᠷ᠄ ᠲᠢᠩᠬᠢᠮ᠎ᠤᠨ ᠪᠠᠶ᠋ᠢᠭᠤᠯᠭ᠎ᠠ ᠵᠢᠨ ᠪᠠᠶ᠋ᠢᠭᠤᠯᠤᠮᠵᠢ ᠣᠷᠣᠨ ᠲᠣᠭ᠎ᠠ᠂ ᠴᠠᠯᠢᠩ ᠠᠰᠠᠷᠠᠮᠵᠢ ᠵᠡᠷᠭᠡ ᠠᠵᠢᠯ᠎ᠢ ᠬᠠᠷᠢᠭᠤᠴᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠡᠩᠨᠡᠭᠡ ᠵᠢᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠵᠤ᠂ ᠵᠢᠯᠣᠭᠣᠳᠴᠤ᠂ ᠬᠢᠨᠠᠯᠲᠠ ᠲᠠᠯᠪᠢᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ᠎ᠳᠤ ᠰᠢᠯᠭ᠋ᠠᠯᠲᠠ ᠬᠢᠵᠦ ᠡᠯᠰᠡᠨ ᠬᠡᠷᠡᠭᠯᠡᠬᠦ᠂ ᠴᠠᠭᠳᠠᠭ᠎ᠠ ᠵᠢᠨ ᠴᠣᠯᠠ ᠣᠯᠭᠣᠬᠤ ᠬᠠᠮᠢᠶᠠᠷᠤᠯᠲᠠ᠂ ᠰᠠᠶ᠋ᠢᠰᠢᠶᠠᠨ ᠬᠥᠬᠢᠭᠦᠯᠵᠦ ᠱᠠᠩᠨᠠᠬᠤ᠂ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠠᠮᠢᠶ᠎ᠠ ᠪᠥᠬᠥᠶ ᠠᠵᠢᠯ᠎ᠢ ᠡᠭᠦᠷᠭᠡᠯᠡᠵᠦ᠂ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ᠂ ᠴᠠᠯᠢᠩ ᠠᠰᠠᠷᠠᠮᠵᠢ ᠵᠢᠨ ᠠᠵᠢᠯ᠎ᠢ ᠬᠠᠷᠢᠭᠤᠴᠠᠨ᠎ᠠ; ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠥᠮᠦᠵᠢᠯ ᠪᠣᠯᠪᠠᠰᠤᠷᠠᠯ᠎ᠤᠨ ᠠᠵᠢᠯ᠎ᠢ ᠵᠢᠯᠣᠭᠣᠳᠴᠤ᠂ ᠪᠠᠶ᠋ᠢᠴᠠᠭ᠋ᠠᠵᠤ᠂ ᠬᠢᠨᠠᠯᠲᠠ ᠲᠠᠯᠪᠢᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠤᠯᠤᠰ ᠲᠥᠷᠥ ᠵᠢᠨ ᠬᠡᠯᠲᠡᠰ᠎ᠤᠨ ᠰᠣᠨᠢᠨ ᠮᠡᠳᠡᠭᠡ ᠤᠬᠠᠭᠤᠯᠭ᠎ᠠ ᠵᠢᠨ ᠭᠠᠵᠠᠷ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠣᠨᠢᠨ ᠮᠡᠳᠡᠭᠡ ᠤᠬᠠᠭᠤᠯᠭ᠎ᠠ ᠵᠢᠨ ᠴᠢᠭᠯᠡᠯᠲᠡ᠂ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠂ ᠠᠵᠢᠯ᠎ᠤᠨ ᠰᠤᠷᠲᠠᠯ᠎ᠤᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠰᠣᠨᠢᠨ ᠮᠡᠳᠡᠭᠡ ᠨᠡᠶ᠋ᠢᠲᠡᠯᠡᠬᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠣᠨᠢᠨ ᠰᠡᠳᠬᠦᠯ᠂ ᠬᠡᠪᠯᠡᠯ᠂ ᠺᠢᠨᠣ᠋ ᠲᠧᠯᠸᠢᠰ᠂ ᠰᠣᠨᠢᠨ ᠮᠡᠳᠡᠭᠡᠨ᠎ᠤ ᠮᠡᠳᠡᠭᠡᠯᠡᠯ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠵᠡᠷᠭᠡ ᠠᠵᠢᠯ᠎ᠢ ᠵᠢᠯᠣᠭᠣᠳᠬᠤ ᠪᠠ ᠬᠠᠮᠢᠶᠠᠷᠴᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠢᠬᠤᠯᠠ ᠶᠡᠬᠡ ᠨᠡᠶ᠋ᠢᠲᠡᠯᠢᠭ ᠵᠢᠱ᠌ᠢᠶ᠎ᠡ ᠵᠢ ᠰᠣᠩᠭᠣᠨ ᠪᠣᠶ ᠪᠣᠯᠭ᠋ᠠᠬᠤ ᠵᠢᠴᠢ ᠤᠬᠠᠭᠤᠯᠬᠤ ᠠᠵᠢᠯ᠎ᠢ ᠬᠠᠷᠢᠭᠤᠴᠠᠨ᠎ᠠ᠃
ᠤᠯᠤᠰ ᠲᠥᠷᠥ ᠵᠢᠨ ᠬᠡᠯᠲᠡᠰ᠎ᠤᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠄ ᠲᠢᠩᠬᠢᠮ᠎ᠤᠨ ᠪᠠᠶ᠋ᠢᠭᠤᠯᠭ᠎ᠠ ᠪᠠ ᠬᠠᠷᠢᠶ᠎ᠠ ᠨᠢᠭᠡᠴᠢ ᠵᠢᠨ ᠨᠠᠮ ᠣᠯᠠᠨ ᠲᠦᠮᠡᠨ᠎ᠤ ᠠᠵᠢᠯ ᠵᠢᠴᠢ ᠰᠠᠬᠢᠯᠭ᠎ᠠ ᠪᠠᠲᠤ ᠵᠢᠨ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠠᠷᠢᠭᠤᠴᠠᠨ᠎ᠠ᠃
ᠤᠯᠤᠰ ᠲᠥᠷᠥ ᠵᠢᠨ ᠬᠡᠯᠲᠡᠰ᠎ᠤᠨ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠠᠵᠢᠯ᠎ᠤᠨ ᠭᠠᠵᠠᠷ᠄ ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠠᠵᠢᠯ᠎ᠢ ᠬᠠᠷᠢᠭᠤᠴᠠᠵᠤ᠂ ᠬᠠᠷᠢᠶ᠎ᠠ ᠨᠢᠭᠡᠴᠢ ᠵᠢᠨ ᠵᠶ᠋ᠠᠨ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠠᠵᠢᠯ᠎ᠢ ᠵᠢᠯᠣᠭᠣᠳᠤᠨ᠎ᠠ᠃
ᠴᠢᠮᠡᠭᠡ ᠮᠡᠳᠡᠭᠡ ᠵᠢᠯᠣᠭᠣᠳᠬᠤ ᠲᠥᠪ᠄ ᠴᠠᠭᠳᠠᠭ᠋ᠠᠨ᠎ᠤ ᠶᠠᠪᠤᠳᠠᠯ᠎ᠤᠨ ᠴᠢᠬᠤᠯᠠ ᠶᠡᠬᠡ ᠠᠵᠢᠯᠯᠠᠭ᠎ᠠ᠂ ᠬᠦᠨᠳᠦ ᠶᠡᠬᠡ ᠭᠡᠨᠡᠳᠲᠡ ᠵᠢᠨ ᠬᠡᠷᠡᠭ ᠪᠠ ᠬᠦᠨᠳᠦ ᠶᠡᠬᠡ ᠠᠮᠤᠷ᠎ᠢ ᠬᠠᠮᠠᠭ᠋ᠠᠯᠠᠬᠤ ᠡᠨᠳᠡᠯ᠎ᠤᠨ ᠪᠡᠯᠡᠳᠬᠡᠯ ᠲᠥᠰᠦᠯ᠎ᠢ ᠲᠣᠭᠲᠠᠭ᠋ᠠᠬᠤ ᠵᠢᠨ ᠬᠠᠮᠲᠤ ᠵᠣᠬᠢᠴᠠᠭᠤᠯᠤᠨ ᠰᠢᠢ᠍ᠳᠪᠦᠷᠢᠯᠡᠬᠦ ᠵᠢ ᠵᠢᠯᠣᠭᠣᠳᠴᠤ᠂ ᠨᠡᠶ᠋ᠢᠭᠡᠮ᠎ᠤᠨ ᠦᠢ᠍ᠯᠡᠴᠢᠯᠡᠭᠡᠨ᠎ᠤ ᠬᠠᠮᠲᠤᠷᠠᠭᠰᠠᠨ ᠠᠵᠢᠯᠯᠠᠭ᠋ᠠᠨ᠎ᠤ ᠠᠵᠢᠯ᠎ᠢ ᠵᠢᠯᠣᠭᠣᠳᠤᠨ ᠵᠣᠬᠢᠴᠠᠭᠤᠯᠵᠤ᠂ ᠪᠥᠬᠥ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠵᠢᠵᠢᠭᠦᠷ ᠪᠠ ᠪᠡᠯᠡᠳᠬᠡᠯ ᠠᠵᠢᠯ᠎ᠢ ᠵᠢᠯᠣᠭᠣᠳᠴᠤ᠂ ᠪᠠᠶ᠋ᠢᠴᠠᠭ᠋ᠠᠵᠤ᠂ ᠬᠢᠨᠠᠯᠲᠠ ᠲᠠᠯᠪᠢᠨ᠎ᠠ᠃
ᠤᠯᠤᠰ ᠲᠥᠷᠥ ᠵᠢᠨ ᠠᠮᠤᠷ ᠲᠦᠪᠰᠢᠨ᠎ᠢ ᠬᠠᠮᠠᠭ᠋ᠠᠯᠠᠬᠤ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠬᠣᠯᠪᠣᠭᠳᠠᠯ ᠪᠥᠬᠥᠶ ᠠᠵᠢᠯ᠎ᠢ ᠵᠣᠬᠢᠶᠠᠨ ᠪᠠᠶ᠋ᠢᠭᠤᠯᠵᠤ᠂ ᠵᠢᠯᠣᠭᠣᠳᠴᠤ ᠵᠣᠬᠢᠴᠠᠭᠤᠯᠤᠨ᠎ᠠ᠃
ᠠᠵᠤ ᠠᠬᠤᠶ ᠵᠢᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ᠄ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠵᠤ ᠠᠬᠤᠶ ᠵᠢᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠵᠤ᠂ ᠵᠢᠯᠣᠭᠣᠳᠬᠤ ᠪᠠ ᠬᠢᠨᠠᠯᠲᠠ ᠲᠠᠯᠪᠢᠵᠤ᠂ ᠳᠡᠭᠡᠳᠦ ᠱᠠᠲᠤᠨ᠎ᠤ ᠪᠠᠢ᠌ᠭᠤᠯᠭ᠎ᠠ ᠵᠢᠨ ᠲᠤᠰᠢᠶᠠᠨ ᠰᠢᠢ᠍ᠳᠪᠦᠷᠢᠯᠡᠭᠦᠯᠦᠭᠰᠡᠨ ᠠᠵᠤ ᠠᠬᠤᠶ ᠵᠢᠨ ᠬᠦᠨᠳᠦ ᠶᠡᠬᠡ ᠶᠠᠯᠠᠲᠤ ᠬᠡᠷᠡᠭ᠎ᠢ ᠳᠠᠭ᠋ᠠᠭ᠋ᠠᠨ ᠰᠢᠢ᠍ᠳᠪᠦᠷᠢᠯᠡᠵᠦ᠂ ᠪᠦᠬᠦ ᠣᠷᠣᠨ᠎ᠤ ᠠᠵᠤ ᠠᠬᠤᠶ ᠵᠢᠨ ᠶᠠᠯᠠᠲᠤ ᠬᠡᠷᠡᠭ᠎ᠢ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ᠂ ᠣᠷᠣᠨ ᠪᠦᠰᠡ ᠠᠯᠤᠰᠯᠠᠭᠰᠠᠨ ᠠᠵᠤ ᠠᠬᠤᠶ ᠵᠢᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ᠎ᠳᠤ ᠬᠠᠮᠵᠢᠯᠴᠠᠵᠤ ᠵᠣᠬᠢᠴᠠᠭᠤᠯᠤᠨ᠎ᠠ᠃
ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠷᠦᠩᠬᠡᠶ ᠠᠩᠭᠢ᠄ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠠᠵᠢᠯ᠎ᠢ ᠲᠥᠯᠥᠪᠵᠢᠭᠦᠯᠦᠨ ᠬᠡᠷᠡᠭᠵᠢᠭᠦᠯᠵᠦ᠂ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠡᠮᠬᠢ ᠳᠢᠭᠯᠢᠮ᠎ᠳᠤ ᠬᠤᠤᠷ ᠬᠥᠨᠥᠭᠡᠯ ᠤᠴᠠᠷᠠᠭᠤᠯᠤᠭᠰᠠᠨ ᠬᠦᠨᠳᠦ ᠶᠡᠬᠡ ᠬᠡᠷᠡᠭ᠎ᠢ ᠲᠤᠷᠰᠢᠨ ᠪᠠᠶ᠋ᠢᠴᠠᠭ᠋ᠠᠵᠤ᠂ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠠᠵᠢᠯ ᠲᠥᠷᠥᠯ᠂ ᠭᠠᠵᠠᠷ ᠲᠠᠯᠠᠪᠤᠷ᠂ ᠠᠶᠤᠯᠲᠠᠶ ᠪᠣᠳᠠᠰ᠎ᠤᠨ ᠬᠠᠮᠢᠶᠠᠷᠤᠯᠲᠠ ᠵᠢᠴᠢ ᠴᠢᠬᠤᠯᠠ ᠶᠡᠬᠡ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠂ ᠲᠣᠮᠣ ᠬᠡᠯᠪᠡᠷᠢ ᠵᠢᠨ ᠠᠵᠢᠯᠯᠠᠭ᠎ᠠ ᠵᠢᠨ ᠠᠮᠤᠷ᠎ᠢ ᠬᠠᠮᠠᠭ᠋ᠠᠯᠠᠬᠤ ᠠᠵᠢᠯ᠎ᠢ ᠵᠢᠯᠣᠭᠣᠳᠤᠨ ᠬᠢᠨᠠᠯᠲᠠ ᠲᠠᠯᠪᠢᠵᠤ᠂ ᠪᠦᠬᠦ ᠣᠷᠣᠨ᠎ᠤ ᠠᠮᠤᠷ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠦᠢ᠍ᠯᠡᠰ᠎ᠤᠨ ᠬᠠᠮᠢᠶᠠᠷᠤᠯᠲᠠ ᠵᠢᠴᠢ ᠮᠡᠷᠭᠡᠵᠢᠯ᠎ᠤᠨ ᠰᠡᠷᠭᠡᠶ᠋ᠢᠯᠡᠯᠲᠡ ᠬᠡᠷᠡᠭᠯᠡᠯᠲᠡ ᠵᠢᠨ ᠠᠵᠢᠯ᠎ᠢ ᠵᠢᠯᠣᠭᠣᠳᠴᠤ᠂ ᠡᠷᠦᠬᠡ ᠠᠮᠠ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠷᠦᠬᠡ ᠠᠮᠠ ᠵᠢᠨ ᠬᠠᠷᠢᠶ᠎ᠠ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠪᠣᠯᠤᠨ ᠬᠥᠮᠦᠨ ᠠᠮᠠ ᠵᠢᠨ ᠪᠦᠷᠢᠳᠬᠡᠯ᠎ᠤᠨ ᠠᠵᠢᠯ᠎ᠢ ᠬᠢᠨᠠᠨ ᠬᠠᠮᠢᠶᠠᠷᠴᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠰᠤᠳᠤᠯᠤᠨ ᠲᠥᠯᠥᠪᠵᠢᠭᠦᠯᠦᠨ ᠵᠢᠯᠣᠭᠣᠳᠤᠨ᠎ᠠ᠃
ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠠᠵᠢᠯ᠎ᠤᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠯᠥᠪᠯᠡᠭᠡ ᠵᠢ ᠰᠤᠳᠤᠯᠤᠨ ᠲᠣᠭᠳᠠᠭ᠋ᠠᠬᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠵᠤ ᠬᠡᠷᠡᠭ ᠰᠢᠢ᠍ᠳᠪᠦᠷᠢᠯᠡᠬᠦ ᠠᠵᠢᠯ᠎ᠢ ᠵᠢᠯᠣᠭᠣᠳᠤᠨ ᠬᠢᠨᠠᠯᠲᠠ ᠲᠠᠯᠪᠢᠬᠤ᠂ ᠪᠦᠬᠦ ᠣᠷᠣᠨ᠎ᠤ ᠬᠦᠨᠳᠦ ᠣᠨᠴᠠ ᠶᠡᠬᠡ᠂ ᠬᠦᠴᠢᠷ ᠲᠦᠪᠡᠭᠲᠡᠶ ᠡᠷᠡᠭᠦᠦ ᠵᠢᠨ ᠬᠡᠷᠡᠭ᠎ᠤᠨ ᠲᠠᠯᠠᠪᠠᠢ ᠵᠢᠨ ᠬᠠᠶ᠋ᠢᠨ ᠪᠠᠶ᠋ᠢᠴᠠᠭ᠋ᠠᠯᠲᠠ ᠪᠠ ᠰᠢᠯᠭ᠋ᠠᠨ ᠪᠠᠶ᠋ᠢᠴᠠᠭ᠋ᠠᠵᠤ ᠰᠢᠯᠭ᠋ᠠᠨ ᠲᠣᠭᠲᠠᠭ᠋ᠠᠬᠤ ᠠᠵᠢᠯ᠎ᠢ ᠡᠭᠦᠷᠭᠡᠯᠡᠬᠦ᠂ ᠡᠷᠡᠭᠦᠦ ᠵᠢᠨ ᠬᠡᠷᠡᠭ᠎ᠢ ᠬᠠᠮᠵᠢᠨ ᠪᠠᠶ᠋ᠢᠴᠠᠭ᠋ᠠᠬᠤ ᠪᠠ ᠲᠤᠰᠬᠠᠢ ᠲᠡᠮᠡᠴᠡᠯ᠎ᠤᠨ ᠴᠢᠬᠤᠯᠠ ᠬᠡᠷᠡᠭᠲᠡᠨ᠎ᠢ ᠨᠡᠬᠡᠮᠵᠢᠯᠡᠨ ᠪᠠᠷᠢᠪᠴᠢᠯᠠᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ᠂ ᠬᠦᠨᠳᠦ ᠨᠣᠴᠢᠲᠠᠶ ᠬᠦᠴᠦᠷᠬᠡᠭᠯᠡᠯ᠂ ᠬᠠᠷ᠎ᠠ ᠬᠠᠷᠭᠢᠰ ᠬᠦᠴᠦᠨ᠎ᠳᠤ ᠬᠣᠯᠪᠣᠭᠳᠠᠭᠰᠠᠨ ᠵᠡᠷᠭᠡ ᠬᠦᠨᠳᠦ ᠶᠡᠬᠡ ᠡᠷᠡᠭᠦᠦ ᠵᠢᠨ ᠬᠡᠷᠡᠭ ᠪᠠ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠲᠤᠰᠢᠶᠠᠨ ᠰᠢᠢ᠍ᠳᠪᠦᠷᠢᠯᠡᠭᠦᠯᠦᠭᠰᠡᠨ ᠡᠷᠡᠭᠦᠦ ᠵᠢᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠷᠡᠭᠦᠦ ᠵᠢᠨ ᠬᠡᠷᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ ᠪᠠ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠯᠲᠠ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢᠨ ᠠᠵᠢᠯ᠎ᠢ ᠬᠠᠮᠢᠶᠠᠷᠤᠨ ᠵᠢᠯᠤᠭᠤᠳᠬᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠨᠠᠨ ᠲᠣᠭᠲᠠᠭ᠋ᠠᠬᠤ ᠪᠠᠶ᠋ᠢᠭᠤᠯᠤᠮᠵᠢ᠂ ᠰᠢᠯᠭ᠋ᠠᠨ ᠲᠣᠭᠲᠠᠭ᠋ᠠᠭᠴᠢ ᠵᠢᠨ ᠳᠠᠩᠰᠠᠯᠠᠯᠲᠠ ᠵᠢᠨ ᠬᠠᠮᠢᠶᠠᠷᠤᠯᠲᠠ ᠵᠢᠨ ᠠᠵᠢᠯ ᠵᠢᠯᠤᠭᠤᠳᠤᠨ᠎ᠠ᠃
ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠤᠨ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠥᠬᠥ ᠣᠷᠣᠨ᠎ᠤ ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠤ ᠮᠡᠷᠭᠡᠵᠢᠯ᠎ᠤᠨ ᠵᠢᠷᠤᠮᠵᠢᠯ᠎ᠢ ᠲᠣᠭᠲᠠᠭ᠋ᠠᠬᠤ᠎ᠳᠤ ᠣᠷᠣᠯᠴᠠᠵᠤ᠂ ᠮᠡᠳᠡᠭᠡ ᠵᠠᠩᠭᠢ ᠵᠢᠨ ᠰᠦᠯᠵᠢᠶᠡᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠪᠥᠬᠥ ᠣᠷᠣᠨ᠎ᠤ ᠰᠦᠯᠵᠢᠶᠡᠨ᠎ᠤ ᠠᠮᠤᠷ ᠲᠦᠪᠰᠢᠨ᠎ᠤ ᠵᠡᠷᠭᠡ ᠳᠡᠰ᠎ᠤᠨ ᠬᠠᠮᠠᠭ᠋ᠠᠯᠠᠯᠲᠠ ᠵᠢᠨ ᠠᠵᠢᠯ᠎ᠢ ᠬᠢᠨᠠᠨ ᠪᠠᠶ᠋ᠢᠴᠠᠭ᠋ᠠᠵᠤ ᠵᠢᠯᠣᠭᠣᠳᠤᠨ᠎ᠠ᠃
ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠷᠦᠩᠬᠡᠶ ᠠᠩᠭᠢ᠄ ᠪᠦᠬᠦ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ᠂ ᠬᠠᠤᠯᠢ ᠲᠣᠭᠲᠠᠭ᠋ᠠᠯ᠎ᠤᠨ ᠲᠥᠰᠦᠯ ᠪᠣᠯᠤᠨ ᠮᠡᠷᠭᠡᠵᠢᠯ᠎ᠤᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠵᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠠᠵᠢᠯ᠎ᠤᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠵᠠᠮ ᠬᠠᠷᠢᠯᠴᠠᠭ᠋ᠠᠨ᠎ᠤ ᠡᠮᠬᠢ ᠳᠢᠭᠯᠢᠮ ᠪᠣᠯᠤᠨ ᠵᠠᠰᠠᠮᠠᠯ ᠵᠠᠮ᠎ᠤᠨ ᠠᠮᠤᠷ ᠲᠦᠪᠰᠢᠨ᠎ᠤ ᠡᠮᠬᠢ ᠳᠢᠭᠯᠢᠮ᠎ᠢ ᠬᠠᠮᠠᠭ᠋ᠠᠯᠠᠨ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢᠴᠢ ᠵᠠᠮ ᠬᠠᠷᠢᠯᠴᠠᠭ᠋ᠠᠨ᠎ᠤ ᠡᠨᠳᠡᠯ᠎ᠢ ᠰᠢᠢ᠍ᠳᠪᠦᠷᠢᠯᠡᠬᠦ ᠠᠵᠢᠯ᠎ᠳᠤ ᠬᠢᠨᠠᠯᠲᠠ ᠲᠠᠯᠪᠢᠨ ᠵᠢᠯᠣᠭᠣᠳᠴᠤ᠂ ᠪᠦᠬᠦ ᠣᠷᠣᠨ᠎ᠤ ᠮᠠᠰᠢᠨᠲᠤ ᠲᠡᠷᠭᠡ᠂ ᠵᠢᠯᠣᠭᠣᠴᠢ ᠵᠢᠴᠢ ᠮᠠᠰᠢᠨᠲᠤ ᠲᠡᠷᠭᠡᠨ᠎ᠤ ᠫᠠᠶ᠋ᠢᠰᠠ ᠵᠢᠨ ᠬᠠᠮᠢᠶᠠᠷᠤᠯᠲᠠ ᠵᠢᠨ ᠠᠵᠢᠯ᠎ᠢ ᠵᠢᠯᠣᠭᠣᠳᠴᠤ᠂ ᠬᠣᠲᠠ ᠵᠢᠨ ᠵᠠᠮ᠎ᠤᠨ ᠪᠦᠲᠦᠭᠡᠨ ᠪᠠᠶ᠋ᠢᠭᠤᠯᠤᠯᠲᠠ ᠪᠣᠯᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠡᠯᠡᠳᠬᠡᠮᠵᠢ ᠵᠢᠨ ᠲᠥᠯᠥᠪᠵᠢᠭᠦᠯᠭᠡ ᠵᠢᠨ ᠠᠵᠢᠯ᠎ᠳᠤ ᠣᠷᠣᠯᠴᠠᠨ ᠵᠢᠯᠣᠭᠣᠳᠴᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯ᠎ᠢ ᠵᠢᠯᠣᠭᠣᠳᠤᠨ᠎ᠠ᠃
ᠰᠦᠷᠳᠡᠭᠦᠯᠦᠯ᠎ᠢ ᠡᠰᠡᠷᠭᠦᠴᠡᠬᠦ ᠶᠡᠷᠦᠩᠬᠡᠶ ᠠᠩᠭᠢ᠄ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠦᠴᠦᠷᠬᠡᠭᠯᠡᠯ ᠰᠦᠷᠳᠡᠭᠦᠯᠦᠯ᠎ᠤᠨ ᠠᠵᠢᠯᠯᠠᠭ᠎ᠠ ᠵᠢ ᠰᠡᠷᠭᠡᠶ᠋ᠢᠯᠡᠬᠦ᠂ ᠳᠠᠩᠨᠠᠬᠤ᠂ ᠴᠣᠬᠢᠯᠲᠠ ᠥᠭᠬᠦ ᠬᠣᠯᠪᠣᠭᠳᠠᠯ ᠪᠦᠬᠦᠢ ᠠᠵᠢᠯ᠎ᠢ ᠵᠣᠬᠢᠶᠠᠨ ᠪᠠᠢ᠌ᠭᠤᠯᠬᠤ᠂ ᠵᠢᠯᠤᠭᠤᠳᠬᠤ᠂ ᠵᠣᠬᠢᠴᠠᠭᠤᠯᠤᠨ᠎ᠠ᠃
ᠬᠢᠯᠢ᠎ᠪᠠᠷ ᠭᠠᠷᠬᠤ ᠣᠷᠣᠬᠤ ᠬᠠᠮᠢᠶᠠᠷᠤᠯᠲᠠ ᠵᠢᠨ ᠲᠣᠪᠴᠢᠶ᠎ᠠ᠄ ᠪᠥᠬᠥ ᠣᠷᠣᠨ᠎ᠤ ᠬᠢᠯᠢ ᠵᠢᠨ ᠭᠠᠳᠠᠨᠠᠬᠢ ᠬᠥᠮᠦᠰ ᠪᠠ ᠰᠢᠶᠠᠩᠭ᠋ᠠᠩ᠂ ᠣᠣᠮᠧᠨ᠂ ᠲᠠᠶ᠋ᠢᠸᠠᠨ᠎ᠤ ᠰᠠᠭᠤᠭ᠋ᠠᠯᠢ ᠠᠷᠠᠳ᠎ᠤᠨ ᠬᠢᠯᠢ᠎ᠪᠠᠷ ᠭᠠᠷᠴᠤ ᠣᠷᠣᠬᠤ ᠠᠵᠢᠯ᠎ᠢ ᠬᠠᠮᠢᠶᠠᠷᠤᠨ ᠬᠢᠨᠠᠯᠲᠠ ᠲᠠᠯᠪᠢᠵᠤ᠂ ᠣᠷᠣᠨ᠎ᠤ ᠳᠣᠲᠣᠷᠠᠬᠢ ᠰᠠᠭᠤᠭ᠋ᠠᠯᠢ ᠠᠷᠠᠳ᠎ᠤᠨ ᠬᠤᠪᠢ ᠵᠢᠨ ᠶᠠᠪᠤᠳᠠᠯ ᠵᠶ᠋ᠠᠷ ᠭᠠᠳᠠᠭ᠋ᠠᠳᠤ᠎ᠳᠤ ᠭᠠᠷᠬᠤ ᠵᠢᠴᠢ ᠰᠢᠶᠠᠩᠭ᠋ᠠᠩ᠂ ᠣᠣᠮᠧᠨ᠂ ᠲᠠᠶ᠋ᠢᠸᠠᠨ᠎ᠳᠤ ᠣᠴᠢᠵᠤ ᠢᠷᠡᠬᠦ ᠵᠢ ᠬᠢᠨᠠᠨ ᠵᠥᠪᠰᠢᠶᠡᠷᠡᠬᠦ ᠠᠵᠢᠯ᠎ᠢ ᠳᠠᠭ᠋ᠠᠭ᠋ᠠᠨ ᠭᠦᠢ᠍ᠴᠡᠳᠭᠡᠵᠦ᠂ ᠬᠢᠯᠢ᠎ᠪᠠᠷ ᠣᠷᠣᠵᠤ ᠭᠠᠷᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠢᠯᠣᠭᠣᠳᠤᠨ᠎ᠠ᠃
ᠮᠡᠷᠭᠡᠵᠢᠯ᠎ᠤᠨ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ᠄ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠮᠡᠷᠭᠡᠵᠢᠯ᠎ᠤᠨ ᠲᠤᠷᠰᠢᠨ ᠪᠠᠶ᠋ᠢᠴᠠᠭ᠋ᠠᠬᠤ ᠠᠵᠢᠯ᠎ᠤᠨ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠬᠦᠨᠳᠦ ᠣᠨᠴᠠ ᠶᠡᠬᠡ ᠶᠠᠯᠠᠲᠤ ᠬᠡᠷᠡᠭ᠎ᠤᠨ ᠮᠡᠷᠭᠡᠵᠢᠯ᠎ᠤᠨ ᠲᠤᠷᠰᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠳᠠᠭ᠋ᠠᠭ᠋ᠠᠨ ᠬᠢᠬᠦ ᠪᠠ ᠵᠢᠯᠣᠭᠣᠳᠴᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠲᠤᠷᠰᠢᠨ ᠪᠠᠶ᠋ᠢᠴᠠᠭ᠋ᠠᠬᠤ ᠮᠡᠷᠭᠡᠵᠢᠯ᠎ᠤᠨ ᠬᠡᠷᠡᠭᠯᠡᠯᠲᠡ᠂ ᠵᠢᠯᠣᠭᠣᠳᠤᠯᠭ᠎ᠠ ᠪᠣᠯᠤᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠨ᠎ᠠ᠃
ᠬᠣᠷᠢᠭᠤᠯ᠎ᠤᠨ ᠭᠠᠵᠠᠷ᠎ᠤᠨ ᠬᠠᠮᠢᠶᠠᠷᠤᠯᠲᠠ ᠵᠢᠨ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠭᠢᠨᠳᠠᠨ ᠬᠣᠷᠢᠭᠤᠯ᠎ᠤᠨ ᠬᠠᠮᠢᠶᠠᠷᠤᠯᠲᠠ ᠵᠢᠨ ᠠᠵᠢᠯ᠎ᠤᠨ ᠲᠥᠯᠥᠪᠵᠢᠭᠦᠯᠭᠡ ᠵᠢᠴᠢ ᠬᠡᠷᠡᠭᠵᠢᠭᠦᠯᠬᠦ ᠲᠥᠯᠥᠪᠯᠡᠭᠡ ᠵᠢ ᠰᠤᠳᠤᠯᠤᠨ ᠲᠣᠭᠲᠠᠭ᠋ᠠᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠨᠠᠯᠲᠠ ᠬᠠᠮᠢᠶᠠᠷᠤᠯᠲᠠ ᠵᠢᠨ ᠲᠠᠯᠠᠪᠤᠷ ᠭᠠᠵᠠᠷ᠎ᠤᠨ ᠲᠤᠬᠠᠶ᠋ᠢᠯᠠᠭᠰᠠᠨ ᠠᠵᠢᠯ ᠵᠢᠴᠢ ᠠᠮᠤᠷ ᠲᠦᠪᠰᠢᠨ᠎ᠤ ᠰᠡᠷᠭᠡᠶ᠋ᠢᠯᠡᠬᠦ ᠠᠵᠢᠯ᠎ᠢ ᠵᠢᠯᠣᠭᠣᠳᠤᠨ ᠬᠠᠮᠢᠶᠠᠷᠴᠤ᠂ ᠬᠢᠨᠠᠯᠲᠠ ᠬᠠᠮᠢᠶᠠᠷᠤᠯᠲᠠ ᠵᠢᠨ ᠲᠠᠯᠠᠪᠤᠷ ᠭᠠᠵᠠᠷ᠎ᠤᠨ ᠬᠢᠨᠠᠨ ᠬᠠᠮᠢᠶᠠᠷᠤᠭᠤᠯᠵᠤ ᠪᠠᠶ᠋ᠢᠭ᠎ᠠ ᠬᠥᠮᠦᠰ᠎ᠢ ᠰᠤᠷᠭ᠋ᠠᠨ ᠬᠥᠮᠦᠵᠢᠭᠦᠯᠵᠦ ᠠᠪᠤᠷᠠᠬᠤ ᠪᠠ ᠠᠮᠢᠳᠤᠷᠠᠯ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠡᠷᠭᠡ ᠠᠵᠢᠯ᠎ᠢ ᠵᠢᠯᠣᠭᠣᠳᠤᠨ᠎ᠠ᠃
ᠬᠠᠤᠯᠢ ᠲᠦᠷᠢᠮ᠎ᠤᠨ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠪᠠ ᠬᠠᠤᠯᠢ᠎ᠪᠠᠷ ᠵᠠᠰᠠᠬᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠤᠯᠲᠠ ᠵᠢᠨ ᠠᠵᠢᠯ᠎ᠢ ᠲᠦᠷᠦᠭᠦᠯᠡᠨ ᠬᠠᠷᠢᠭᠤᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠣᠯᠪᠣᠭᠳᠠᠯ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠦᠷᠢᠮ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ ᠣᠷᠣᠯᠴᠠᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠳᠣᠲᠣᠭ᠋ᠠᠳᠤ ᠵᠢᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠰᠢᠢ᠍ᠳᠪᠦᠷᠢᠯᠡᠭᠰᠡᠨ ᠡᠷᠡᠭᠦᠦ ᠵᠢᠨ ᠬᠡᠷᠡᠭ᠎ᠢ ᠬᠠᠤᠯᠢ ᠴᠠᠭ᠋ᠠᠵᠠ᠎ᠪᠠᠷ ᠬᠢᠨᠠᠨ ᠬᠠᠷᠭᠤᠭᠤᠯᠬᠤ᠂ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢᠨ ᠠᠵᠢᠯ᠎ᠢ ᠡᠭᠦᠷᠭᠡᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠵᠠᠷᠭᠤ᠂ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ᠂ ᠤᠯᠤᠰ᠎ᠤᠨ ᠲᠥᠯᠥᠪᠦᠷᠢ ᠥᠭᠬᠦ᠂ ᠡᠷᠡᠭᠦᠦ ᠵᠢᠨ ᠬᠡᠷᠡᠭ᠎ᠢ ᠳᠠᠬᠢᠨ ᠵᠥᠪᠯᠡᠵᠦ ᠳᠠᠬᠢᠨ ᠬᠢᠨᠠᠬᠤ ᠵᠡᠷᠭᠡ ᠠᠵᠢᠯ᠎ᠢ ᠬᠠᠷᠢᠭᠤᠴᠠᠨ᠎ᠠ᠃
ᠴᠠᠭᠳᠠᠭ᠋ᠠᠨ᠎ᠤ ᠶᠠᠪᠤᠳᠠᠯ᠎ᠤᠨ ᠪᠠᠲᠤᠯᠠᠭ᠎ᠠ ᠵᠢᠨ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠴᠢᠬᠤᠯᠠ ᠶᠡᠬᠡ ᠴᠠᠭᠳᠠᠭ᠋ᠠᠨ᠎ᠤ ᠶᠠᠪᠤᠳᠠᠯ᠎ᠤᠨ ᠠᠵᠢᠯᠯᠠᠭ᠎ᠠ ᠵᠢᠨ ᠪᠠᠳᠤᠯᠠᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠷᠤᠳᠠᠯ᠎ᠤᠨ ᠪᠠᠲᠤᠯᠠᠭ᠎ᠠ᠂ ᠲᠣᠨᠣᠭ ᠲᠥᠬᠥᠭᠡᠷᠦᠮᠵᠢ ᠵᠢᠨ ᠪᠠᠲᠤᠯᠠᠭ᠎ᠠ ᠪᠠ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠴᠢ ᠬᠢᠨᠠᠯᠲᠠ ᠲᠠᠯᠪᠢᠬᠤ᠂ ᠪᠠᠶ᠋ᠢᠴᠠᠭ᠋ᠠᠬᠤ ᠠᠵᠢᠯ᠎ᠢ ᠵᠢᠯᠣᠭᠣᠳᠤᠨ ᠬᠠᠮᠢᠶᠠᠷᠴᠤ᠂ ᠲᠢᠩᠬᠢᠮ᠎ᠤᠨ ᠪᠠᠢ᠌ᠭᠤᠯᠭ᠎ᠠ ᠪᠠ ᠰᠢᠭᠤᠳ ᠬᠠᠷᠢᠶ᠎ᠠ ᠨᠢᠭᠡᠴᠢ ᠵᠢᠨ ᠵᠠᠷᠤᠳᠠᠯ᠎ᠤᠨ ᠲᠥᠰᠦᠪ ᠪᠠ ᠲᠥᠰᠦᠪ᠎ᠤᠨ ᠭᠦᠢ᠍ᠴᠡᠳᠭᠡᠯ᠎ᠢ ᠨᠠᠶ᠋ᠢᠷᠠᠭᠤᠯᠤᠨ ᠵᠣᠬᠢᠶᠠᠵᠤ᠂ ᠲᠢᠩᠬᠢᠮ᠎ᠤᠨ ᠪᠠᠢ᠌ᠭᠤᠯᠭ᠎ᠠ ᠵᠢᠨ ᠡᠳ᠋᠎ᠤᠨ ᠶᠠᠪᠤᠳᠠᠯ ᠵᠢᠴᠢ ᠡᠯ᠎ᠡ ᠵᠦᠢ᠍ᠯ᠎ᠤᠨ ᠵᠠᠷᠤᠳᠠᠯ᠎ᠢ ᠬᠠᠮᠢᠶᠠᠷᠴᠤ᠂ ᠲᠢᠩᠬᠢᠮ᠎ᠤᠨ ᠪᠠᠢ᠌ᠭᠤᠯᠭ᠎ᠠ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢ ᠬᠠᠮᠢᠶᠠᠷᠴᠤ᠂ ᠪᠥᠬᠥ ᠣᠷᠣᠨ᠎ᠤ ᠴᠠᠭᠳᠠᠭ᠋ᠠᠨ᠎ᠤ ᠠᠭ᠋ᠠᠷ᠎ᠤᠨ ᠲᠡᠭᠡᠭᠡᠪᠦᠷᠢ ᠵᠢᠨ ᠪᠥᠲᠥᠭᠡᠨ ᠪᠠᠶ᠋ᠢᠭᠤᠯᠤᠯᠲᠠ᠂ ᠠᠵᠢᠯᠯᠠᠭ᠋ᠠᠨ ᠪᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃
ᠬᠤᠤᠷ ᠴᠠᠭ᠋ᠠᠵᠠᠯᠠᠬᠤ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠢᠨ ᠬᠤᠤᠷ ᠴᠠᠭ᠋ᠠᠵᠠᠯᠠᠬᠤ ᠠᠵᠢᠯ᠎ᠢ ᠡᠵᠡᠮᠰᠢᠨ ᠵᠢᠯᠣᠭᠣᠳᠴᠤ᠂ ᠬᠤᠤᠷᠲᠤ ᠡᠳ᠋᠎ᠤᠨ ᠬᠡᠷᠡᠭ᠎ᠢ ᠳᠡᠩᠨᠡᠨ ᠰᠢᠢ᠍ᠳᠪᠦᠷᠢᠯᠡᠬᠦ᠂ ᠬᠤᠤᠷᠲᠤ ᠡᠳ᠋᠎ᠢ ᠰᠢᠯᠭ᠋ᠠᠨ ᠪᠠᠶ᠋ᠢᠴᠠᠭ᠋ᠠᠵᠤ ᠬᠢᠨᠠᠨ ᠲᠣᠭᠲᠠᠭ᠋ᠠᠬᠤ᠂ ᠨᠡᠶ᠋ᠢᠭᠡᠮ ᠲᠣᠭᠣᠷᠢᠭ᠎ᠤᠨ ᠬᠤᠤᠷ ᠲᠠᠲᠠᠬᠤ ᠵᠢ ᠵᠣᠭᠰᠣᠭ᠋ᠠᠬᠤ᠂ ᠨᠡᠶ᠋ᠢᠭᠡᠮ ᠲᠣᠭᠣᠷᠢᠭ᠎ᠤᠨ ᠡᠷᠡᠭᠦᠯᠵᠢᠯ᠂ ᠡᠷᠡᠭᠦᠯᠵᠢᠯ᠎ᠤᠨ ᠭᠠᠵᠠᠷ᠎ᠤᠨ ᠬᠤᠤᠷ ᠲᠠᠲᠠᠬᠤ ᠵᠢ ᠵᠣᠭᠰᠣᠭ᠋ᠠᠬᠤ᠂ ᠬᠤᠤᠷ ᠴᠠᠭ᠋ᠠᠵᠠᠯᠠᠬᠤ ᠵᠢᠨ ᠤᠷᠢᠳᠴᠢᠯᠠᠨ ᠰᠡᠷᠭᠡᠶ᠋ᠢᠯᠡᠬᠦ ᠬᠥᠮᠦᠵᠢᠯ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ ᠵᠣᠬᠢᠴᠠᠭᠤᠯᠤᠨ᠎ᠠ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠶᠡᠷᠦᠩᠬᠡᠶ ᠠᠩᠭᠢ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠬᠦ᠂ ᠰᠠᠭᠤᠷᠢ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠬᠣᠯᠪᠤᠭ᠋ᠠᠨ᠎ᠤ ᠠᠵᠢᠯ᠎ᠤᠨ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠴᠤ ᠬᠡᠷᠡᠭᠯᠡᠬᠦ ᠪᠠ ᠨᠡᠶ᠋ᠢᠭᠡᠮ᠎ᠤᠨ ᠣᠯᠠᠨ ᠨᠡᠶ᠋ᠢᠲᠡ ᠵᠢᠨ ᠠᠮᠤᠷ ᠲᠦᠪᠰᠢᠨ᠎ᠢ ᠮᠡᠷᠭᠡᠵᠢᠯ ᠵᠶ᠋ᠠᠷ ᠰᠡᠷᠭᠡᠶ᠋ᠢᠯᠡᠵᠦ ᠬᠠᠮᠢᠶᠠᠷᠬᠤ ᠠᠵᠢᠯ᠎ᠢ ᠳᠠᠭ᠋ᠠᠭ᠋ᠠᠨ ᠡᠭᠦᠷᠭᠡᠯᠡᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠰᠠᠭᠤᠷᠢ ᠪᠥᠲᠥᠭᠡᠨ ᠪᠠᠶ᠋ᠢᠭᠤᠯᠤᠯᠲᠠ ᠵᠢᠴᠢ ᠴᠢᠮᠡᠭᠡ ᠬᠣᠯᠪᠣᠭ᠎ᠠ ᠵᠢᠨ ᠲᠥᠬᠥᠭᠡᠷᠦᠮᠵᠢ ᠵᠢᠨ ᠬᠠᠮᠢᠶᠠᠷᠴᠤ ᠬᠠᠮᠠᠭ᠋ᠠᠯᠠᠵᠤ ᠬᠡᠷᠡᠭᠯᠡᠬᠦ ᠵᠡᠷᠭᠡ ᠠᠵᠢᠯ᠎ᠢ ᠵᠢᠯᠣᠭᠣᠳᠤᠨ᠎ᠠ᠃
ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠠᠯᠪᠠᠯᠠᠬᠤ ᠲᠣᠭᠣᠷᠢᠭ ᠵᠢᠴᠢ ᠠᠯᠪᠠᠨ ᠠᠰᠠᠷ᠂ ᠲᠤᠬᠠᠶ᠋ᠢᠯᠠᠭᠰᠠᠨ ᠠᠵᠢᠯ᠎ᠤᠨ ᠮᠡᠷᠭᠡᠵᠢᠯ᠎ᠳᠤ ᠬᠡᠷᠡᠭᠯᠡᠬᠦ ᠭᠡᠷ ᠪᠠᠶ᠋ᠢᠰᠢᠩ᠎ᠤᠨ ᠡᠳᠦᠷ ᠲᠤᠲᠤᠮ᠎ᠤᠨ ᠬᠠᠮᠢᠶᠠᠷᠤᠯᠲᠠ᠂ ᠬᠠᠮᠠᠭ᠋ᠠᠯᠠᠯᠲᠠ᠂ ᠰᠡᠯᠪᠢᠨ ᠵᠠᠰᠠᠬᠤ ᠪᠠ ᠠᠯᠪᠠᠨ ᠶᠠᠪᠤᠳᠠᠯ᠎ᠤᠨ ᠲᠡᠷᠭᠡ ᠬᠥᠰᠬᠡ᠂ ᠬᠤᠷᠠᠯ᠎ᠤᠨ ᠲᠠᠯᠠᠪᠤᠷ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠪᠠᠶ᠋ᠢᠭᠤᠯᠭ᠎ᠠ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠪᠠ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠬᠠᠮᠢᠶᠠᠷᠬᠤ ᠪᠠ ᠬᠡᠷᠡᠭᠵᠢᠭᠦᠯᠦᠨ᠎ᠡ᠃
ᠣᠯᠠᠨ ᠤᠯᠤᠰ᠎ᠤᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠲᠣᠪᠴᠢᠶ᠎ᠠ᠄ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠣᠯᠠᠨ ᠤᠯᠤᠰ᠎ᠤᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠠᠵᠢᠯ᠎ᠢ ᠵᠢᠯᠣᠭᠣᠳᠴᠤ᠂ ᠣᠯᠠᠨ ᠤᠯᠤᠰ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠴᠠᠭᠳᠠᠭ᠋ᠠᠨ᠎ᠤ ᠶᠠᠪᠤᠳᠠᠯ᠎ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠰᠣᠯᠢᠯᠴᠠᠭ᠎ᠠ ᠵᠢ ᠵᠣᠬᠢᠴᠠᠭᠤᠯᠤᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠭᠠᠳᠠᠭ᠋ᠠᠳᠤ᠎ᠳᠤ ᠰᠠᠭᠤᠭ᠎ᠠ ᠴᠠᠭᠳᠠᠭ᠋ᠠᠨ᠎ᠤ ᠶᠠᠪᠤᠳᠠᠯ᠎ᠤᠨ ᠬᠣᠯᠪᠣᠭ᠎ᠠ ᠠᠪᠬᠤ ᠲᠤᠰᠢᠶᠠᠯᠲᠠᠨ ᠪᠠ ᠡᠩᠬᠡ ᠲᠠᠶ᠋ᠢᠪᠤᠩ᠎ᠢ ᠬᠠᠮᠠᠭ᠋ᠠᠯᠠᠬᠤ ᠴᠠᠭᠳᠠᠭ᠎ᠠ ᠵᠢᠨ ᠪᠡᠯᠡᠳᠬᠡᠯ ᠠᠩᠭᠢ ᠵᠢ ᠪᠠᠶ᠋ᠢᠭᠤᠯᠵᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠯᠪᠠᠨ ᠶᠠᠪᠤᠳᠠᠯ ᠵᠶ᠋ᠠᠷ ᠪᠦᠯᠬᠦᠮ ᠪᠠᠶ᠋ᠢᠭᠤᠯᠵᠤ᠂ ᠪᠦᠯᠬᠦᠮ ᠳᠠᠭ᠋ᠠᠵᠤ ᠤᠯᠤᠰ (ᠬᠢᠯᠢ)᠎ᠠᠴᠠ ᠭᠠᠷᠬᠤ ᠠᠵᠢᠯ᠎ᠢ ᠭᠥᠯᠢᠶᠡᠨ ᠠᠪᠴᠤ᠂ ᠬᠦᠷᠭᠡᠨ ᠬᠢᠨᠠᠭᠤᠯᠬᠤ ᠪᠠ ᠬᠢᠨᠠᠯᠲᠠ ᠲᠠᠯᠪᠢᠵᠤ᠂ ᠣᠯᠠᠨ ᠤᠯᠤᠰ᠎ᠤᠨ ᠡᠷᠡᠭᠦᠦ ᠵᠢᠨ ᠴᠠᠭᠳᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠳᠤᠮᠳᠠᠳᠤ ᠤᠯᠤᠰ᠎ᠠᠴᠠ ᠲᠥᠪ ᠲᠣᠪᠴᠢᠶ᠎ᠠ ᠵᠢᠨ ᠡᠷᠬᠡ ᠣᠯᠭᠣᠭᠰᠠᠨ ᠬᠡᠪᠴᠢᠶᠡᠨ᠎ᠳᠤ ᠬᠠᠷᠢᠯᠴᠠᠬᠤ ᠠᠵᠢᠯ ᠥᠷᠨᠢᠭᠦᠯᠦᠨ᠎ᠡ᠃
ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ᠄ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠢᠳᠡᠭᠡᠨ ᠪᠠ ᠡᠮ᠎ᠤᠨ ᠵᠦᠢ᠍ᠯ ᠣᠷᠴᠢᠨ ᠲᠣᠭᠣᠷᠢᠨ᠎ᠤ ᠶᠠᠯᠠᠲᠤ ᠠᠵᠢᠯᠯᠠᠭ᠎ᠠ᠎ᠳᠤ ᠤᠷᠢᠳᠴᠢᠯᠠᠨ ᠰᠡᠷᠭᠡᠶ᠋ᠢᠯᠡᠬᠦ᠂ ᠴᠣᠬᠢᠯᠲᠠ ᠥᠭᠬᠦ ᠠᠵᠢᠯ᠎ᠤᠨ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠪᠣᠯᠤᠨ ᠵᠢᠮ᠎ᠡ ᠶᠣᠰᠣ ᠵᠢ ᠴᠤᠭᠯᠠᠭᠤᠯᠤᠨ ᠵᠠᠳᠠᠯᠬᠤ ᠵᠢᠨ ᠬᠠᠮᠲᠤ ᠠᠷᠭ᠋ᠠᠴᠠᠬᠤ ᠪᠣᠳᠣᠯᠭ᠎ᠠ ᠳᠤᠷᠠᠳᠴᠤ᠂ ᠪᠦᠬᠦ ᠣᠷᠣᠨ᠎ᠤ ᠢᠳᠡᠭᠡᠨ ᠪᠠ ᠡᠮ᠎ᠤᠨ ᠵᠦᠢ᠍ᠯ ᠣᠷᠴᠢᠨ ᠲᠣᠭᠣᠷᠢᠨ᠎ᠤ ᠬᠦᠷᠢᠶᠡᠨ᠎ᠳᠠᠬᠢ ᠶᠠᠯᠠᠲᠤ ᠬᠡᠷᠡᠭ᠎ᠢ ᠲᠤᠷᠰᠢᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ ᠵᠢᠯᠣᠭᠣᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠪᠠᠶ᠋ᠢᠭᠤᠯᠬᠤ ᠵᠢᠨ ᠬᠠᠮᠲᠤ ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠎ᠳᠤ ᠣᠷᠣᠯᠴᠠᠨ᠎ᠠ᠃
ᠴᠠᠭᠳᠠᠭᠤᠯ ᠨᠣᠬᠠᠶ ᠵᠢᠨ ᠰᠠᠭᠤᠷᠢᠨ ᠭᠠᠵᠠᠷ᠄ ᠪᠥᠬᠥ ᠣᠷᠣᠨ᠎ᠤ ᠴᠠᠭᠳᠠᠭᠤᠯ ᠨᠣᠬᠠᠶ ᠵᠢᠨ ᠮᠡᠷᠭᠡᠵᠢᠯ᠎ᠤᠨ ᠠᠵᠢᠯ᠎ᠢ ᠵᠢᠯᠣᠭᠣᠳᠤᠨ᠎ᠠ᠃
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠵᠢᠷᠢᠮ ᠵᠠᠮ᠎ᠤᠨ 15 ᠳ᠋ᠤᠭ᠋ᠠᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 30 - 12᠄ 00᠂ 14᠄ 30 - 17᠄ 30
ᠠᠯᠪᠠᠨ ᠤᠲᠠᠰᠤ᠄ 0471 - 651188
ᠬᠠᠷᠢᠭᠤᠴᠠᠯᠭ᠋ᠠᠲᠠᠨ᠄ ᠵᠸᠩ ᠭᠤᠸᠠᠩ ᠵᠤᠤ
ᠬᠠᠷᠢᠶᠠᠯᠠᠭᠳᠠᠬᠤ ᠨᠢᠭᠡᠴᠢ᠄
(ᠨᠢᠭᠡ) ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠥᠷᠥᠯ᠎ᠤᠨ ᠳᠡᠭᠡᠳᠦ ᠰᠤᠷᠭ᠋ᠠᠭᠤᠯᠢ᠂ ᠳᠣᠲᠣᠭ᠋ᠠᠳᠤ ᠵᠢ ᠬᠠᠮᠠᠭ᠋ᠠᠯᠠᠬᠤ ᠰᠢᠰᠲᠸᠮ᠎ᠳᠤ ᠵᠢᠭᠰᠠᠭ᠋ᠠᠨ ᠣᠷᠣᠭᠤᠯᠵᠤ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠠᠨᠳᠤᠭᠤᠯᠤᠨ ᠳᠣᠲᠣᠭ᠋ᠠᠳᠤ ᠵᠢ ᠬᠠᠮᠠᠭ᠋ᠠᠯᠠᠬᠤ ᠲᠤᠰᠬᠠᠶ ᠴᠢᠳᠠᠪᠤᠷᠢᠲᠠᠨ᠎ᠢ ᠬᠥᠮᠦᠵᠢᠭᠦᠯᠬᠦ ᠵᠢᠨ ᠵᠡᠷᠭᠡᠴᠡᠭᠡᠪᠡᠷ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠠᠵᠢᠯ᠎ᠤᠨ ᠪᠠᠶ᠋ᠢᠷᠢ᠎ᠳᠠᠬᠢ ᠪᠣᠯᠪᠠᠰᠤᠷᠠᠭᠤᠯᠤᠯ᠂ ᠳᠣᠲᠣᠭ᠋ᠠᠳᠤ ᠵᠢ ᠬᠠᠮᠠᠭ᠋ᠠᠯᠠᠬᠤ ᠣᠨᠣᠯ ᠪᠣᠯᠤᠨ ᠪᠣᠳᠠᠲᠤ ᠳᠠᠶ᠋ᠢᠨ᠎ᠤ ᠰᠤᠳᠤᠯᠤᠯ ᠵᠢᠴᠢ ᠪᠠᠴᠢᠮ ᠪᠠᠶ᠋ᠢᠳᠠᠯ᠎ᠢ ᠠᠷᠭ᠋ᠠᠴᠠᠨ ᠭᠡᠨᠡᠳᠲᠡ ᠡᠭᠦᠰᠦᠭᠰᠡᠨ ᠬᠡᠷᠡᠭ᠎ᠢ ᠰᠢᠢ᠍ᠳᠪᠦᠷᠢᠯᠡᠬᠦ ᠵᠡᠷᠭᠡ ᠡᠭᠦᠷᠭᠡ ᠴᠢᠳᠠᠪᠤᠷᠢ ᠵᠢ ᠡᠭᠦᠷᠭᠡᠯᠡᠨ᠎ᠡ᠃
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠬᠣᠶ᠋ᠢᠲᠤ ᠵᠠᠮ᠎ᠤᠨ 11 ᠳ᠋ᠦ᠍ᠭᠡᠷ ᠨᠣᠮᠧᠷ
ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 30 - 12᠄ 00᠂ 14᠄ 30 - 17᠄ 00
ᠠᠯᠪᠠᠨ ᠤᠲᠠᠰᠤ᠄ 0471 - 655114
ᠬᠠᠷᠢᠭᠤᠴᠠᠯᠭ᠋ᠠᠲᠠᠨ᠄ ᠰᠤ᠌ ᠡᠾᠸ ᠱᠧᠩ
(ᠬᠣᠶᠠᠷ) ᠥᠪᠡᠷᠲᠡᠭᠡᠨ ᠵᠠᠰᠠᠬᠤ ᠣᠷᠣᠨ᠎ᠤ ᠠᠯᠪᠠᠳᠠᠯᠭ᠎ᠠ ᠵᠢᠨ ᠡᠮᠴᠢᠯᠡᠭᠡᠨ᠎ᠤ ᠭᠠᠵᠠᠷ
ᠠᠯᠪᠠᠳᠠᠯᠭ᠎ᠠ᠎ᠪᠠᠷ ᠡᠮᠨᠡᠭᠦᠯᠦᠭᠳᠡᠭᠰᠡᠨ ᠮᠡᠳᠡᠷᠡᠯ᠎ᠤᠨ ᠡᠪᠡᠳᠴᠢᠲᠡᠨ᠎ᠢ ᠬᠦᠯᠢᠶᠡᠨ ᠠᠪᠴᠤ᠂ ᠬᠦᠨᠳᠦ ᠨᠣᠴᠢᠲᠠᠢ ᠬᠡᠷᠡᠭ ᠭᠠᠷᠭ᠋ᠠᠭᠰᠠᠨ ᠮᠡᠳᠡᠷᠡᠯ᠎ᠤᠨ ᠡᠪᠡᠳᠴᠢᠲᠡᠨ᠎ᠢ ᠡᠮᠨᠡᠨ ᠵᠠᠰᠠᠬᠤ᠂ ᠬᠠᠮᠢᠶᠠᠷᠬᠤ᠂ ᠠᠪᠤᠷᠠᠨ ᠲᠤᠰᠠᠯᠠᠬᠤ ᠠᠵᠢᠯ᠎ᠢ ᠥᠷᠨᠢᠭᠦᠯᠦᠨ᠎ᠡ᠃
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠵᠢᠨ ᠾᠧ ᠪᠠᠯᠭ᠋ᠠᠰᠤᠨ᠎ᠤ ᠢᠩᠲᠦ ᠲᠣᠰᠬᠣᠨ
ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 00 - 16᠄ 00
ᠠᠯᠪᠠᠨ ᠤᠲᠠᠰᠤ᠄ 0471 - 655114
ᠬᠠᠷᠢᠭᠤᠴᠠᠯᠭ᠋ᠠᠲᠠᠨ᠄ ᠪᠠᠢ ᠰᠢᠶᠤᠤ ᠮᠢᠩ
(ᠭᠤᠷᠪᠠ) ᠥᠪᠡᠷᠲᠡᠭᠡᠨ ᠵᠠᠰᠠᠬᠤ ᠣᠷᠣᠨ᠎ᠤ ᠬᠣᠷᠢᠭᠤᠯ᠎ᠤᠨ ᠭᠠᠵᠠᠷ
ᠬᠠᠤᠯᠢ ᠶᠣᠰᠣᠭ᠋ᠠᠷ ᠪᠠᠷᠢᠪᠴᠢᠯᠠᠭᠳᠠᠭᠰᠠᠨ᠂ ᠡᠷᠡᠭᠦᠦ ᠵᠢᠨ ᠬᠡᠷᠡᠭ ᠵᠶ᠋ᠠᠷ ᠲᠦᠷ ᠬᠣᠷᠢᠭᠳᠠᠭᠰᠠᠨ ᠣᠨᠴᠠ ᠶᠡᠬᠡ ᠬᠡᠷᠡᠭ᠎ᠤᠨ ᠶᠠᠯ᠎ᠠ ᠬᠢᠭᠰᠡᠨ ᠰᠡᠵᠢᠭᠳᠡᠨ᠂ ᠵᠠᠭ᠋ᠠᠯᠳᠤᠭᠳᠠᠭᠴᠢ ᠵᠢ ᠬᠣᠷᠢᠬᠤ ᠵᠢᠨ ᠬᠠᠮᠲᠤ ᠰᠠᠬᠢᠨ ᠬᠠᠷᠠᠬᠤ᠂ ᠰᠤᠷᠭ᠋ᠠᠨ ᠬᠥᠮᠦᠵᠢᠭᠦᠯᠬᠦ᠂ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠵᠢᠨ ᠾᠧ ᠪᠠᠯᠭ᠋ᠠᠰᠤᠨ᠎ᠤ ᠢᠩᠲᠦ ᠲᠣᠰᠬᠣᠨ
ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 30 - 17᠄ 00
ᠠᠯᠪᠠᠨ ᠤᠲᠠᠰᠤ᠄ 0471 - 655114
ᠬᠠᠷᠢᠭᠤᠴᠠᠯᠭ᠋ᠠᠲᠠᠨ᠄ ᠬᠤᠸᠠᠩ ᠫᠦ᠋ ᠬᠤᠸᠠ
(ᠳᠥᠷᠪᠡ) ᠨᠢᠰᠬᠡᠯ᠎ᠤᠨ ᠪᠠᠭᠤᠳᠠᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ
ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠰᠡᠷᠭᠡᠶ᠋ᠢᠯᠡᠯᠲᠡ ᠵᠢᠨ ᠠᠶᠤᠯ ᠦᠭᠡᠶ ᠵᠢᠨ ᠠᠵᠢᠯ᠎ᠤᠨ ᠬᠣᠯᠪᠣᠭᠳᠠᠯ ᠪᠦᠬᠦᠢ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠣᠨ᠎ᠤ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠶᠤᠯ ᠦᠭᠡᠶ ᠵᠢᠨ ᠬᠠᠮᠠᠭ᠋ᠠᠯᠠᠯᠲᠠ ᠵᠢᠨ ᠠᠵᠢᠯ᠎ᠢ ᠬᠢᠨᠠᠯᠲᠠ ᠲᠠᠯᠪᠢᠨ ᠪᠠᠶ᠋ᠢᠴᠠᠭ᠋ᠠᠬᠤ ᠪᠠ ᠵᠢᠯᠣᠭᠣᠳᠴᠤ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠤᠮᠠᠷᠠᠲᠤ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠯᠤᠭ᠎ᠠ ᠵᠢᠨ ᠲᠤᠬᠠᠶ᠋ᠢᠯᠠᠭᠰᠠᠨ ᠠᠵᠢᠯ᠎ᠢ ᠵᠣᠯᠭ᠋ᠠᠭᠤᠯᠤᠨ᠎ᠠ᠃
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠠᠭ᠋ᠠᠷ᠎ᠤᠨ ᠭᠠᠷᠠᠮ᠎ᠤᠨ ᠶᠡᠬᠡ ᠵᠠᠮ ᠬᠢᠭᠡᠳ ᠬᠠᠩ ᠴᠢᠩ ᠵᠠᠮ᠎ᠤᠨ ᠠᠭᠤᠯᠵᠠᠷ᠎ᠠᠴᠠ ᠬᠣᠶ᠋ᠢᠰᠢ 100 ᠮᠧᠲᠷ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 - 17᠄ 00
ᠠᠯᠪᠠᠨ ᠤᠲᠠᠰᠤ᠄ 0471 - 655114
ᠬᠠᠷᠢᠭᠤᠴᠠᠯᠭ᠋ᠠᠲᠠᠨ᠄ ᠵᠤᠤ ᠵᠢᠩ ᠬᠤᠸᠠ