2024 ᠣᠨ᠎ᠤ ᠶᠡᠬᠡ ᠳᠡᠭᠡᠳᠦ ᠰᠤᠷᠭ᠋ᠠᠭᠤᠯᠢ᠎ᠳᠤ ᠡᠯᠰᠡᠭᠦᠯᠬᠦ ᠰᠢᠯᠭ᠋ᠠᠯᠲᠠ ᠵᠢᠨ ᠨᠡᠷ᠎ᠡ ᠮᠡᠳᠡᠭᠦᠯᠬᠦ ᠡᠷᠦᠬᠡ ᠠᠮᠠ ᠵᠢᠨ ᠳᠠᠩᠰᠠ ᠵᠢᠨ ᠬᠢᠷᠢ ᠬᠡᠮ᠎ᠢ ᠬᠢᠨᠠᠨ ᠪᠠᠶ᠋ᠢᠴᠠᠭ᠋ᠠᠬᠤ ᠠᠵᠢᠯ ᠨᠢᠭᠡᠨᠲᠡ ᠪᠦᠬᠦ ᠲᠠᠯ᠎ᠠ᠎ᠪᠠᠷ ᠡᠬᠢᠯᠡᠵᠦ᠂ ᠶᠡᠬᠡ ᠳᠡᠭᠡᠳᠦ ᠰᠤᠷᠭ᠋ᠠᠭᠤᠯᠢ᠎ᠳᠤ ᠡᠯᠰᠡᠭᠦᠯᠬᠦ ᠰᠢᠯᠭ᠋ᠠᠯᠲᠠ ᠵᠢᠨ ᠬᠢᠨᠠᠨ ᠬᠠᠷᠭᠤᠭᠤᠯᠬᠤ ᠠᠵᠢᠯ᠎ᠢ ᠪᠦᠬᠦ ᠲᠠᠯ᠎ᠠ᠎ᠪᠠᠷ ᠰᠠᠢ᠌ᠲᠤᠷ ᠬᠢᠬᠦ ᠵᠢᠨ ᠲᠥᠯᠥᠭᠡ᠂ ᠰᠢᠯᠢ ᠵᠢᠨ ᠭᠣᠣᠯ ᠠᠢ᠌ᠮᠠᠭ᠎ᠤᠨ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠳᠣᠲᠣᠭ᠋ᠠᠳᠤ ᠵᠢ ᠬᠠᠮᠠᠭ᠋ᠠᠯᠠᠬᠤ ᠴᠣᠩᠬᠣᠪᠴᠢ ᠥᠨᠳᠥᠷ ᠪᠦᠲᠦᠮᠵᠢᠲᠡᠶ᠎ᠪᠠᠷ ᠠᠷᠠᠳ᠎ᠲᠤ ᠳᠥᠭᠥᠮ ᠦᠵᠡᠭᠦᠯᠬᠦ᠂ ᠠᠷᠠᠳ᠎ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ 《ᠰᠢᠯᠭ᠋ᠠᠭᠤᠯᠤᠭᠴᠢ ᠵᠢᠨ ᠪᠠᠴᠢᠮ ᠬᠡᠷᠡᠭᠴᠡᠭᠡ ᠵᠢ ᠰᠢᠢ᠍ᠳᠪᠦᠷᠢᠯᠡᠬᠦ》 ᠠᠵᠢᠯ᠎ᠤᠨ ᠣᠪᠣᠷ ᠵᠶ᠋ᠠᠷ ᠶᠡᠬᠡ ᠳᠡᠭᠡᠳᠦ ᠰᠤᠷᠭ᠋ᠠᠭᠤᠯᠢ ᠵᠢᠨ ᠰᠢᠯᠭ᠋ᠠᠭᠤᠯᠤᠭᠴᠢ᠎ᠳᠤ 《ᠰᠠᠭ᠋ᠠᠳ ᠥᠬᠡᠶ ᠨᠡᠪᠲᠡᠷᠡᠬᠦ ᠵᠠᠮ》 ᠨᠡᠭᠡᠭᠡᠨ ᠥᠭᠴᠦ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠤᠯ ᠰᠡᠳᠦᠪᠲᠦ ᠬᠥᠮᠦᠵᠢᠯ᠎ᠢ ᠪᠤᠲᠠᠲᠠᠢ ᠠᠵᠢᠯᠯᠠᠭ᠎ᠠ᠎ᠪᠠᠷ ᠵᠶ᠋ᠠᠨ ᠠᠬᠢᠭᠤᠯᠵᠤ᠂ 2024 ᠣᠨ᠎ᠤ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠭᠦᠯᠬᠦ ᠰᠢᠯᠭ᠋ᠠᠯᠲᠠ ᠵᠢᠨ ᠰᠢᠯᠭ᠋ᠠᠭᠤᠯᠤᠭᠴᠢ ᠵᠢᠨ ᠡᠷᠦᠬᠡ ᠠᠮᠠ ᠵᠢᠨ ᠲᠠᠩᠰᠠ ᠵᠢ ᠬᠢᠨᠠᠨ ᠪᠠᠶ᠋ᠢᠴᠠᠭ᠋ᠠᠬᠤ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠥᠬᠥ ᠬᠦᠴᠦᠨ ᠵᠶ᠋ᠠᠷ ᠵᠶ᠋ᠠᠨ ᠪᠠᠲᠤᠯᠠᠪᠠ᠃

ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠦᠬᠡ ᠠᠮᠠ ᠵᠢᠨ ᠳᠠᠩᠰᠠ ᠵᠢ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠠᠵᠢᠯ᠎ᠤᠨ ᠵᠠᠭᠪᠤᠷ ᠵᠶ᠋ᠠᠨ ᠢᠳᠡᠪᠬᠢᠲᠡᠶ ᠲᠣᠬᠢᠷᠠᠭᠤᠯᠵᠤ᠂ ᠠᠵᠢᠯᠯᠠᠬᠤ ᠴᠠᠭ᠎ᠢ ᠣᠷᠳᠣᠳᠬᠠᠬᠤ᠂ ᠴᠠᠭ᠎ᠢ ᠵᠥᠷᠢᠭᠦᠯᠬᠦ ᠠᠵᠢᠯ᠎ᠤᠨ ᠠᠷᠭ᠎ᠠ ᠵᠢ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠭᠦᠯᠬᠦ ᠰᠢᠯᠭ᠋ᠠᠯᠲᠠ ᠵᠢᠨ ᠰᠣᠷᠣᠭᠴᠢ ᠵᠢᠴᠢ ᠬᠡᠷ᠎ᠤᠨ ᠠᠬᠠᠮᠠᠳ᠎ᠲᠤ 《ᠰᠠᠭ᠋ᠠᠳ ᠥᠬᠡᠶ ᠨᠡᠪᠲᠡᠷᠡᠬᠦ ᠵᠠᠮ》 ᠨᠡᠭᠡᠭᠡᠨ ᠥᠭᠴᠦ᠂ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠭᠦᠯᠬᠦ ᠰᠢᠯᠭ᠋ᠠᠯᠲᠠ ᠵᠢᠨ ᠰᠣᠷᠣᠭᠴᠢ᠎ᠳᠤ 《ᠤᠷᠢᠳ ᠵᠶ᠋ᠠᠷ ᠢᠷᠡᠵᠦ ᠤᠷᠢᠳ ᠵᠶ᠋ᠠᠷ ᠭᠦᠢ᠍ᠴᠡᠳᠬᠡᠬᠦ᠂ ᠤᠷᠢᠳ ᠵᠶ᠋ᠠᠷ ᠭᠥᠯᠢᠶᠡᠨ ᠠᠪᠴᠤ ᠰᠢᠢ᠍ᠳᠪᠦᠷᠢᠯᠡᠬᠦ᠂ ᠴᠠᠭ ᠲᠤᠬᠠᠶ᠎ᠳᠤᠨᠢ ᠭᠦᠢ᠍ᠴᠡᠳᠬᠡᠬᠦ》 ᠠᠵᠢᠯ᠎ᠤᠨ ᠠᠷᠭ᠎ᠠ ᠬᠡᠮᠵᠢᠶ᠎ᠡ ᠠᠪᠴᠤ᠂ ᠰᠢᠯᠭ᠋ᠠᠭᠤᠯᠤᠭᠴᠢ ᠵᠢᠴᠢ ᠬᠢᠨᠠᠨ ᠬᠠᠮᠠᠭ᠋ᠠᠯᠠᠭᠴᠢ ᠵᠢᠨ ᠡᠷᠦᠬᠡ ᠠᠮᠠ ᠵᠢᠨ ᠦᠨᠳᠦᠰᠦᠨ ᠪᠠᠶ᠋ᠢᠳᠠᠯ ᠵᠢᠴᠢ ᠡᠷᠦᠬᠡ ᠠᠮᠠ ᠵᠢᠨ ᠬᠠᠷᠢᠶ᠎ᠠ ᠵᠢᠨ ᠨᠡᠭᠦᠯᠲᠡ ᠵᠢᠨ ᠬᠤᠪᠢᠷᠠᠯᠲᠠ ᠵᠡᠷᠭᠡ ᠵᠦᠢ᠍ᠯᠡᠰ᠎ᠲᠤ ᠭᠣᠤᠯᠳᠠᠯᠭ᠎ᠠ᠎ᠲᠠᠢ᠎ᠪᠠᠷ ᠪᠥᠬᠥ ᠲᠠᠯ᠎ᠠ ᠵᠢᠨ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠬᠤ ᠠᠵᠢᠯ᠎ᠳᠤ ᠠᠯᠳᠠᠰᠢ ᠭᠠᠷᠭ᠋ᠠᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃ ᠠᠷᠠᠳ᠎ᠤᠨ ᠴᠠᠭᠳᠠᠭ᠎ᠠ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ ᠵᠢᠨ ᠬᠠᠮᠲᠤ ᠰᠣᠷᠣᠭᠴᠢ ᠵᠢᠴᠢ ᠬᠡᠷ᠎ᠤᠨ ᠠᠬᠠᠮᠠᠳ᠎ᠲᠤ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠵᠤ᠂ ᠳᠡᠷᠭᠡᠳᠡ᠎ᠨᠢ ᠡᠭᠦᠰᠦᠭᠰᠡᠨ ᠦᠨᠡᠨ ᠪᠣᠳᠠᠲᠠᠶ ᠬᠡᠷᠡᠭ᠎ᠤᠨ ᠵᠢᠱ᠌ᠢᠶ᠎ᠡ ᠵᠢ ᠲᠠᠶ᠋ᠢᠯᠪᠤᠷᠢᠯᠠᠨ ᠥᠭᠴᠦ᠂ 《ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ᠎ᠤᠨ APP》 ᠵᠢ ᠪᠠᠭᠤᠯᠭ᠋ᠠᠨ ᠠᠪᠴᠤ ᠳᠠᠩᠰᠠᠯᠠᠭᠤᠯᠬᠤ ᠵᠢ ᠵᠢᠯᠣᠭᠣᠳᠴᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠬᠠᠮᠢᠶ᠎ᠠ ᠪᠥᠬᠥᠶ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠵᠤ᠂ ᠰᠢᠯᠭ᠋ᠠᠭᠤᠯᠤᠭᠴᠢ ᠪᠣᠯᠤᠨ ᠬᠡᠷ᠎ᠤᠨ ᠠᠬᠠᠮᠠᠳ᠎ᠲᠤ ᠮᠡᠬᠡᠯᠡᠭᠳᠡᠬᠦ᠎ᠠᠴᠠ ᠬᠢᠴᠢᠶᠡᠭᠡᠷᠡᠢ ᠭᠡᠵᠦ ᠰᠠᠨᠠᠭᠤᠯᠪᠠ᠃
ᠳᠠᠷᠠᠭ᠋ᠠᠴᠢ ᠵᠢᠨ ᠠᠯᠬᠤᠮ᠎ᠳᠤ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠬᠦ ᠰᠢᠯᠢᠳᠡᠭ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠦᠷᠭᠦᠯᠵᠢᠯᠡᠨ ᠳᠣᠲᠣᠨᠣ ᠦᠢ᠍ᠯᠡᠴᠢᠯᠡᠭᠡ ᠪᠠ ᠣᠪᠣᠷ ᠵᠶ᠋ᠠᠷ ᠤᠯᠠᠨ ᠲᠦᠮᠡᠨ᠎ᠳᠤ ᠰᠠᠢ᠍ᠢ᠍ᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠠᠷᠠᠳ ᠤᠯᠠᠨ᠎ᠤ ᠰᠡᠳᠬᠢᠯ ᠬᠠᠨᠤᠮᠵᠢᠲᠠᠢ
《ᠹᠸᠩᠴᠢᠶᠣᠣ ᠮᠠᠶᠢᠭ᠎ᠤᠨ ᠴᠤᠩᠬᠤᠪᠴᠢ》 ᠵᠢ ᠪᠦᠬᠦ ᠬᠦᠴᠦᠨ ᠵᠶ᠋ᠠᠷ ᠵᠶ᠋ᠠᠨ ᠪᠠᠢ᠌ᠭᠤᠯᠤᠨ᠎ᠠ᠃