ᠦᠢᠯᠡᠴᠢᠯᠡᠭᠡ   -   ᠠᠯᠪᠠᠨ ᠦᠢᠯᠡᠴᠢᠯᠡᠭᠡ
ᠡᠷᠢᠶᠡᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠠᠬᠢᠶᠠᠯᠠᠭ᠎ᠠ ᠵᠢᠨ ᠬᠣᠭᠣᠯᠠᠨ᠎ᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-12-22

    ᠣᠶ᠋ᠢᠷ᠎ᠠ᠎ᠳᠤ᠂ ᠡᠷᠢᠶᠡᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠵᠢᠨ᠎ᠬᠢᠨ ᠬᠠᠷᠢᠶᠠᠲᠤ ᠣᠷᠣᠨ᠎ᠤ᠎ᠪᠠᠨ ᠵᠠᠬᠢᠶᠠᠯᠠᠭ᠎ᠠ ᠵᠢᠨ ᠬᠣᠭᠣᠯᠠᠨ᠎ᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ 《ᠨᠢᠭᠡ ᠳᠤᠭᠤᠯᠠᠭ᠎ᠠ ᠨᠢᠭᠡ ᠪᠦᠰᠡ》 ᠵᠢᠨ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃

14.jpg

    ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠬᠠᠷᠢᠶᠠᠲᠤ ᠣᠷᠣᠨ᠎ᠤ ᠣᠳᠣᠬᠠᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠠᠶ᠋ᠢᠳᠠᠯ᠎ᠳᠤ ᠵᠠᠳᠠᠯᠤᠯᠲᠠ ᠬᠢᠵᠦ᠂ ᠬᠦᠷᠭᠡᠭᠴᠢ ᠬᠣᠭᠣᠯᠠ ᠬᠦᠷᠭᠡᠬᠦ ᠶᠠᠪᠤᠴᠠ᠎ᠳᠤ ᠣᠷᠣᠰᠢᠵᠤ ᠪᠠᠶ᠋ᠢᠭ᠎ᠠ ᠡᠯ᠎ᠡ ᠲᠥᠷᠥᠯ᠎ᠤᠨ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠴᠢ ᠬᠣᠤᠷ ᠬᠥᠨᠥᠭᠡᠯ᠎ᠢ ᠨᠠᠷᠢᠨ ᠲᠠᠶ᠋ᠢᠯᠪᠤᠷᠢᠯᠠᠵᠤ᠂ ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠨ᠂ ᠵᠠᠮ ᠬᠠᠷᠢᠯᠴᠠᠭ᠋ᠠᠨ᠎ᠤ ᠮᠠᠭᠤ ᠳᠠᠳᠬᠠᠯ᠎ᠢ ᠣᠷᠬᠢᠵᠦ᠂ ᠠᠮᠤᠷ ᠲᠦᠪᠰᠢᠨ ᠵᠶ᠋ᠠᠷ ᠶᠠᠪᠤᠵᠤ ᠰᠠᠭᠤᠬᠤ ᠵᠢ ᠣᠯᠠᠨ᠎ᠳᠤ ᠰᠠᠨᠠᠭᠤᠯᠪᠠ᠃ ᠡᠭᠦᠨ᠎ᠤ ᠵᠡᠷᠭᠡ᠎ᠳᠤ᠂ ᠠᠷᠠᠳ᠎ᠤᠨ ᠴᠠᠭᠳᠠᠭ᠎ᠠ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠢ ᠪᠡᠶᠡᠴᠢ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠎ᠠ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠮᠡᠳᠡᠭᠡ ᠵᠠᠩᠭᠢ ᠵᠢᠨ ᠡᠬᠡ ᠳᠠᠩᠰᠠ ᠵᠢ ᠬᠢᠨᠠᠮᠠᠭ᠋ᠠᠶ ᠵᠢᠷᠤᠮᠵᠢᠭᠤᠯᠤᠨ᠂ ᠬᠦᠷᠭᠡᠭᠴᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠬᠠᠶ ᠬᠥᠮᠦᠵᠢᠯ᠎ᠢ ᠴᠢᠩᠭ᠋ᠠᠳᠬᠠᠵᠤ᠂ ᠴᠠᠭᠳᠠᠭ᠎ᠠ ᠪᠣᠯᠤᠨ ᠠᠵᠤ ᠠᠬᠤᠶ᠋ᠢᠯᠠᠯ ᠭᠠᠷ ᠬᠣᠯᠪᠣᠨ ᠠᠮᠤᠷ ᠲᠦᠪᠰᠢᠨ᠂ ᠪᠣᠯᠪᠠᠰᠤᠨ ᠵᠠᠮ ᠬᠠᠷᠢᠯᠴᠠᠭ᠋ᠠᠨ᠎ᠤ ᠣᠷᠴᠢᠨ ᠨᠥᠬᠥᠴᠡᠯ᠎ᠢ ᠬᠠᠮᠲᠤ᠎ᠪᠠᠷ ᠪᠤᠶ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ