ᠦᠢᠯᠡᠴᠢᠯᠡᠭᠡ   -   ᠠᠯᠪᠠᠨ ᠦᠢᠯᠡᠴᠢᠯᠡᠭᠡ
ᠳ᠋ᠦᠩ ᠾᠸ ᠲᠣᠭᠤᠷᠢᠭ᠎ᠤᠨ ᠲᠣᠳᠤᠭ᠋ᠠᠳᠤ ᠵᠢ ᠬᠠᠮᠠᠭ᠋ᠠᠯᠠᠬᠤ ᠬᠣᠪᠢᠶᠠᠷᠢ ᠲᠣᠪᠴᠢᠶ᠎ᠠ ᠵᠢᠨ ᠠᠷᠠᠳ᠎ᠤᠨ ᠴᠠᠭᠳᠠᠭ᠎ᠠ 8 ᠴᠠᠭ᠎ᠤᠨ ᠳᠣᠳᠣᠷ᠎ᠠ ᠠᠯᠠᠭ᠎ᠠ ᠪᠣᠯᠤᠭᠰᠠᠨ ᠨᠠᠰᠤᠲᠠᠨ᠎ᠢ ᠡᠷᠢᠵᠦ ᠣᠯᠪᠠ
ᠨᠡᠶ᠋ᠢᠲᠡᠯᠡᠭᠰᠡᠨ ᠴᠠᠭ᠄ 2023-12-25

      2023 ᠣᠨ᠎ᠤ11 ᠰᠠᠷ᠎ᠠ ᠵᠢᠨ 30᠎ᠤ ᠡᠳᠦᠷ᠎ᠤᠨ ᠦᠳᠡ ᠵᠢᠨ ᠬᠤᠢ᠌ᠨᠠᠬᠢ16 ᠴᠠᠭ᠎ᠲᠤ᠂ ᠳ᠋ᠦᠩ ᠾᠸ ᠲᠣᠭᠤᠷᠢᠭ᠎ᠤᠨ ᠲᠣᠳᠤᠭ᠋ᠠᠳᠤ ᠵᠢ ᠬᠠᠮᠠᠭ᠋ᠠᠯᠠᠬᠤ ᠬᠣᠪᠢᠶᠠᠷᠢ ᠲᠣᠪᠴᠢᠶ᠎ᠠ ᠵᠢᠨ ᠪᠠᠷᠠᠭᠤᠨ ᠣᠪᠣᠭ᠎ᠠ ᠲᠣᠮᠢᠯᠠᠭᠰᠠᠨ ᠰᠠᠯᠪᠤᠷᠢ ᠬᠠᠷᠢᠶᠠᠳᠤ  ᠣᠷᠤᠨ᠎ᠤ ᠨᠢᠭᠡᠨ ᠬᠣᠷᠢᠶᠠᠯᠠᠯ᠎ᠤᠨ ᠨᠢᠭᠡ ᠰᠠᠭᠤᠭ᠋ᠠᠯᠢ ᠠᠷᠠᠳ᠎ᠤᠨ 70 ᠭᠠᠷᠤᠢ ᠨᠠᠰᠤᠲᠠᠢ ᠠᠯᠵᠾᠸᠮᠸᠷ ᠡᠪᠡᠳᠴᠢᠨ᠎ᠲᠠᠢ ᠠᠪᠤ᠎ᠨᠢ ᠲᠤᠰ ᠡᠳᠦᠷ᠎ᠤᠨ ᠦᠳᠡ ᠵᠢᠨ ᠬᠤᠢ᠌ᠨ᠎ᠠ ᠭᠠᠭᠴᠠᠭ᠋ᠠᠷ ᠵᠶ᠋ᠠᠨ ᠭᠡᠷ᠎ᠠᠴᠠ᠎ᠪᠠᠨ ᠰᠠᠯᠤᠭᠰᠠᠨ᠎ᠤ ᠳᠠᠷᠠᠭ᠎ᠠ ᠴᠢᠮᠡᠭᠡ ᠲᠠᠰᠤᠷᠠᠭ᠋ᠠᠳ ᠤᠷᠤᠢ ᠪᠣᠯᠳᠠᠯ᠎ᠠ ᠬᠠᠷᠢᠵᠤ ᠢᠷᠡᠭᠰᠡᠨ ᠦᠭᠡᠢ᠂ ᠣᠳᠣ ᠪᠣᠯᠲᠠᠯ᠎ᠠ ᠡᠷᠢᠵᠦ ᠣᠯᠣᠭ᠎ᠠ ᠦᠭᠡᠢ᠂ ᠠᠷᠠᠳ᠎ᠤᠨ ᠴᠠᠭᠳᠠᠭ᠎ᠠ᠎ᠠᠴᠠ ᠲᠤᠰᠠᠯᠠᠮᠵᠢ ᠭᠤᠶᠤᠴᠢᠯᠠᠵᠤ ᠪᠠᠢ᠌ᠨ᠎ᠠ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃


39e87451e3dc3878ba81a693a9173b2.jpg


       ᠪᠠᠷᠠᠭᠤᠨ ᠣᠪᠣᠭ᠎ᠠ ᠲᠣᠮᠢᠯᠠᠭᠰᠠᠨ ᠰᠠᠯᠪᠤᠷᠢ ᠬᠡᠷᠡᠭ᠎ᠤᠨ ᠮᠡᠳᠡᠭᠦᠯᠦᠯᠳᠡ ᠵᠢ ᠣᠯᠣᠭᠰᠠᠨ᠎ᠤ ᠳᠠᠷᠠᠭ᠎ᠠ ᠲᠠᠷᠤᠢ ᠳᠦᠷᠭᠡᠨ ᠲᠤᠬᠠᠢ ᠵᠢᠨ ᠲᠠᠯᠠᠪᠠᠢ᠎ᠳᠤ ᠬᠦᠷᠴᠦ᠂ ᠨᠠᠰᠤᠲᠠᠨ᠎ᠤ ᠤᠨᠴᠠᠯᠢᠭ᠎ᠢ ᠨᠠᠷᠢᠨ ᠯᠠᠪᠯᠠᠨ ᠠᠰᠠᠭᠤᠭᠰᠠᠨ᠎ᠤ ᠳᠠᠷᠠᠭ᠎ᠠ᠂ ᠴᠠᠭ ᠲᠤᠬᠠᠢ᠎ᠳᠤ᠎ᠨᠢ ᠡᠷᠢᠬᠦ ᠠᠵᠢᠯ᠎ᠢ ᠥᠷᠨᠢᠭᠦᠯᠵᠡᠢ᠃ ᠨᠢᠭᠡ ᠲᠠᠯ᠎ᠠ᠎ᠪᠠᠷ ᠰᠠᠭᠤᠭ᠋ᠠᠯᠢ ᠠᠷᠠᠳ᠎ᠤᠨ ᠲᠣᠭᠤᠷᠢᠭ᠎ᠤᠨ ᠬᠢᠨᠡᠨ ᠡᠵᠡᠮᠳᠡᠭᠦᠷ᠎ᠢ ᠦᠵᠡᠨ ᠡᠷᠢᠵᠦ᠂ ᠨᠥᠭᠦᠭᠡ ᠲᠠᠯ᠎ᠠ᠎ᠪᠠᠷ ᠡᠯ᠎ᠡ ᠲᠣᠭᠤᠷᠢᠭ᠎ᠤᠨ ᠴᠠᠭᠳᠠᠬᠤ ᠲᠤᠭᠤᠢ᠌ᠯᠠᠩ᠎ᠲᠠᠢ ᠬᠠᠷᠢᠯᠴᠠᠵᠤ ᠡᠷᠢᠭᠰᠡᠨ ᠪᠠᠢ᠌ᠨ᠎ᠠ᠃  ᠰᠢᠷᠭ᠋ᠠᠭᠤ ᠬᠠᠢ᠌ᠭᠰᠠᠨ᠎ᠤ ᠳ᠋ᠦᠩ᠎ᠳᠤ ᠡᠴᠤᠰ᠎ᠲᠤ᠎ᠪᠠᠨ ᠨᠠᠰᠤᠲᠠᠨ ᠨᠡᠢ᠌ᠲᠡ ᠵᠢᠨ ᠮᠠᠰᠢᠨ ᠲᠡᠷᠭᠡᠨ᠎ᠳᠤ ᠰᠠᠭᠤᠵᠤ ᠲᠦᠮᠡᠳ ᠪᠠᠷᠠᠭᠤᠨ ᠬᠤᠰᠢᠭᠤᠨ᠎ᠳᠤ ᠣᠴᠢᠭᠰᠠᠨ᠎ᠢ ᠣᠯᠵᠤ ᠮᠡᠳᠡᠵᠡᠢ᠃ ᠮᠡᠳᠡᠭᠡ ᠣᠯᠤᠮᠠᠭᠴᠠ ᠨᠠᠰᠤᠲᠠᠨ᠎ᠤ ᠭᠡᠷ᠎ᠤᠨ ᠬᠦᠮᠦᠰ᠎ᠲᠠᠢ ᠬᠠᠷᠢᠯᠴᠠᠨ᠂ ᠰᠦᠨᠢ ᠵᠢᠨ 12 ᠴᠠᠭ᠎ᠲᠤ ᠲᠦᠮᠡᠳ ᠪᠠᠷᠠᠭᠤᠨ  ᠬᠣᠰᠢᠭᠤᠨ᠎ᠠᠴᠠ ᠨᠠᠰᠤᠲᠠᠨ᠎ᠢ ᠲᠣᠰᠴᠤ ᠠᠪᠴᠢᠷᠠᠵᠠᠢ  ᠃

      ᠣᠯᠠᠨ ᠲᠦᠮᠡᠨ᠎ᠤ ᠶᠠᠪᠤᠳᠠᠯ᠎ᠳᠤ ᠪᠠᠭ᠎ᠠ ᠶᠠᠪᠤᠳᠠᠯ ᠭᠡᠵᠦ ᠦᠭᠡᠢ᠂ ᠳ᠋ᠦᠩ ᠾᠸ ᠲᠣᠭᠣᠷᠢᠭ᠎ᠤᠨ ᠲᠣᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠰᠢᠨ᠎ᠡ ᠦᠶ᠎ᠡ ᠵᠢᠨ  《ᠹᠸᠩᠴᠢᠶᠣᠣ ᠵᠢᠨ ᠲᠤᠷᠰᠢᠯᠭ᠎ᠠ  》 ᠵᠢ ᠲᠠᠰᠤᠷᠠᠯᠲᠠ ᠦᠭᠡᠢ ᠦᠢ᠍ᠯᠡᠳᠦᠯᠭᠡᠵᠢᠬᠦᠯᠵᠦ᠂  《ᠠᠷᠠᠳ᠎ᠤᠨ ᠲᠠᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠣᠯᠠᠨ ᠳᠦᠮᠡᠨ᠎ᠤ ᠲᠥᠯᠦᠭᠡ ᠦᠢ᠍ᠯᠡᠴᠢᠯᠡᠬᠦ  》 ᠦᠢ᠍ᠯᠡᠴᠢᠯᠡᠭᠡᠨ᠎ᠤ ᠵᠣᠷᠢᠯᠲᠠ ᠵᠢ ᠪᠠᠲᠤ ᠪᠣᠢ ᠪᠣᠯᠭ᠋ᠠᠵᠤ᠂ ᠬᠠᠷᠢᠶ᠎ᠠ ᠣᠷᠣᠨ᠎ᠤ ᠣᠯᠠᠨ ᠳᠦᠮᠡᠨ᠎ᠢ ᠴᠠᠭ ᠢᠮᠠᠭᠲᠠ ᠰᠠᠬᠢᠨ ᠬᠠᠮᠠᠭ᠋ᠠᠯᠠᠨ᠎ᠠ ᠃

 

ᠢᠷᠡᠯᠲᠡ᠄ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ