ᠰᠢᠯᠢ ᠵᠢᠨ ᠭᠣᠤᠯ ᠠᠶ᠋ᠢᠮᠠᠭ᠎ᠤᠨ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠣᠳᠠᠲᠠᠶ᠎ᠳᠤ ᠰᠠᠭᠤᠷᠢᠯᠠᠨ᠂ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠳᠣᠭᠢᠷᠠᠭᠤᠯᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠮᠢ ᠠᠬᠤᠶ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠵᠤ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠲᠣᠭᠣᠷᠢᠨ ᠪᠠᠶ᠋ᠢᠴᠠᠭ᠋ᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠵᠡᠷᠭᠡ ᠪᠣᠳᠠᠲᠠᠶ ᠵᠢ ᠡᠷᠬᠢᠮᠯᠡᠭᠰᠡᠨ ᠠᠷᠭ᠎ᠠ ᠬᠡᠮᠵᠢᠶ᠎ᠡ᠎ᠪᠠᠷ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠷᠡᠰ ᠪᠡᠬᠢᠵᠢᠭᠦᠯᠵᠡᠢ᠃

ᠣᠶ᠋ᠢᠷ᠎ᠠ᠎ᠳᠤ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ᠎ᠬᠢᠨ ᠣᠯᠠᠨ ᠲᠦᠮᠡᠨ᠎ᠤ ᠠᠪᠠᠭ᠎ᠠ ᠬᠣᠰᠢᠭᠤᠨ᠎ᠤ ᠵᠢᠶ ᠳ᠋ᠦᠩ ᠱᠦᠢ᠍ᠨᠢ ᠵᠢᠨ ᠦᠢ᠍ᠯᠡᠳᠪᠦᠷᠢ ᠵᠢᠨ ᠠᠭᠤᠷᠬᠠᠶ ᠵᠢᠨ ᠣᠷᠣᠨ᠎ᠳᠤ ᠨᠢᠭᠡᠨ ᠰᠢᠷᠬᠠᠲᠤᠭᠰᠠᠨ 《ᠪᠦᠷᠭᠦᠳ》 ᠪᠠᠢ᠌ᠨ᠎ᠠ᠂ ᠠᠪᠤᠷᠠᠨ ᠲᠤᠰᠠᠯᠠᠬᠤ ᠴᠢᠬᠤᠯᠠᠲᠠᠶ ᠭᠡᠵᠡᠶ ᠬᠡᠷᠡᠭ ᠮᠡᠳᠡᠭᠦᠯᠪᠡ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ ᠠᠷᠠᠳ᠎ᠤᠨ ᠴᠠᠭᠳᠠᠭ᠎ᠠ ᠲᠡᠷᠡ ᠳᠠᠷᠤᠶᠳᠤᠨᠢ ᠮᠣᠷᠳᠠᠵᠤ ᠲᠤᠬᠠᠢ ᠲᠠᠯᠠᠪᠤᠷ᠎ᠲᠤ ᠬᠦᠷᠪᠡ᠃
ᠠᠷᠠᠳ᠎ᠤᠨ ᠴᠠᠭᠳᠠᠭ᠎ᠠ ᠲᠤᠬᠠᠶ ᠵᠢᠨ ᠲᠠᠯᠠᠪᠤᠷ᠎ᠲᠤ ᠬᠦᠷᠦᠭᠰᠡᠨ᠎ᠤ ᠳᠠᠷᠠᠭ᠎ᠠ ᠪᠠᠶ᠋ᠢᠳᠠᠯ᠎ᠢ ᠯᠠᠪᠯᠠᠨ ᠠᠰᠠᠭᠤᠭᠰᠠᠨ᠎ᠳᠤ᠂ ᠠᠭᠤᠷᠬᠠᠶ ᠵᠢᠨ ᠣᠷᠣᠨ᠎ᠤ ᠠᠵᠢᠯᠴᠢᠳ ᠠᠵᠢᠯᠯᠠᠬᠤ ᠵᠠᠮ᠎ᠳᠤ᠎ᠪᠠᠨ ᠵᠠᠮ᠎ᠤᠨ ᠬᠠᠵᠠᠭᠤ᠎ᠳᠠᠬᠢ ᠡᠪᠡᠰᠦᠨ ᠪᠤᠲᠠᠨ᠎ᠳᠤ ᠨᠢᠭᠡ ᠲᠠᠨᠢᠬᠤ ᠦᠭᠡᠢ ᠰᠢᠪᠠᠭᠤᠨ᠎ᠤ ᠲᠥᠷᠥᠯ ᠪᠠᠶ᠋ᠢᠬᠤ ᠵᠢ ᠣᠯᠵᠤ ᠮᠡᠳᠡᠵᠡᠶ᠂ ᠣᠢ᠌ᠷᠠᠲᠤᠵᠤ ᠳᠠᠬᠢᠨ ᠨᠠᠷᠢᠨ ᠠᠵᠢᠭᠯᠠᠭᠰᠠᠨᠤ ᠳᠠᠷᠠᠭ᠎ᠠ ᠨᠢᠭᠡ ᠰᠢᠷᠬᠠᠲᠤᠭᠰᠠᠨ ᠪᠦᠷᠭᠦᠳ ᠪᠠᠶ᠋ᠢᠬᠤ ᠵᠢ ᠮᠡᠳᠡᠵᠡᠢ᠃ ᠠᠭᠤᠷᠬᠠᠶ ᠵᠢᠨ ᠣᠷᠣᠨ᠎ᠤ ᠠᠵᠢᠯ᠎ᠤᠨ ᠲᠡᠷᠭᠡ ᠨᠡᠯᠢᠶᠡᠳ ᠣᠯᠠᠨ ᠪᠠᠶ᠋ᠢᠬᠤ ᠵᠢ ᠪᠣᠳᠣᠯᠬᠢᠯᠠᠭ᠋ᠠᠳ᠂ ᠪᠦᠷᠭᠦᠳ᠎ᠤᠨ ᠬᠣᠶᠠᠳᠠᠬᠢ ᠤᠳᠠᠭ᠎ᠠ ᠰᠢᠷᠬᠠᠲᠤᠵᠤ ᠭᠡᠮᠲᠦᠭᠡᠬᠦ᠎ᠠᠴᠠ ᠵᠠᠶ᠋ᠢᠯᠠᠰᠬᠢᠬᠦ ᠵᠢᠨ ᠲᠥᠯᠥᠭᠡ ᠲᠡᠭᠦᠨ᠎ᠢ ᠠᠮᠤᠷ ᠲᠦᠪᠰᠢᠨ ᠭᠠᠵᠠᠷ᠎ᠲᠤ ᠰᠢᠯᠵᠢᠭᠦᠯᠦᠭᠰᠡᠨᠤ ᠳᠠᠷᠠᠭ᠎ᠠ ᠬᠡᠷᠡᠭ ᠮᠡᠳᠡᠭᠦᠯᠪᠡ᠃

ᠰᠢᠷᠬᠠᠲᠤᠭᠰᠠᠨ ᠪᠦᠷᠭᠦᠳ ᠪᠣᠯ ᠤᠯᠤᠰ᠎ᠤᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ 《ᠲᠠᠯ᠎ᠠ ᠨᠤᠲᠤᠭ᠎ᠤᠨ ᠪᠦᠷᠭᠦᠳ》 ᠮᠥᠨ ᠭᠡᠳᠡᠭ᠎ᠢ ᠲᠣᠳᠣᠯᠠᠭᠰᠠᠨ ᠪᠠᠶ᠋ᠢᠨ᠎ᠠ᠃ ᠠᠷᠠᠳ᠎ᠤᠨ ᠴᠠᠭᠳᠠᠭ᠎ᠠ ᠲᠣᠰ 《ᠲᠠᠯ᠎ᠠ ᠨᠤᠲᠤᠭ᠎ᠤᠨ ᠪᠦᠷᠭᠦᠳ》᠎ᠲᠤ ᠠᠩᠬ᠎ᠠ ᠠᠯᠬᠤᠮ᠎ᠤᠨ ᠪᠠᠶ᠋ᠢᠴᠠᠭ᠋ᠠᠯᠲᠠ ᠬᠢᠭᠰᠡᠨ ᠵᠶ᠋ᠡᠷ᠂ ᠬᠥᠮᠦᠨ᠎ᠤ ᠰᠢᠯᠲᠠᠭ᠋ᠠᠨ᠎ᠠᠴᠠ ᠪᠣᠯᠤᠭᠰᠠᠨ ᠰᠢᠷᠬ᠎ᠠ ᠪᠢᠰᠢ ᠭᠡᠵᠦ ᠲᠣᠳᠣᠯᠠᠵᠤ᠂ ᠲᠥᠬᠥᠮ ᠰᠢᠢ᠍ᠳᠪᠦᠷᠢᠯᠡᠭᠰᠡᠨ᠎ᠤ ᠳᠠᠷᠠᠭ᠎ᠠ ᠲᠡᠭᠦᠨ᠎ᠢ ᠰᠢᠯᠢ ᠵᠢᠨ ᠬᠤᠲᠠ ᠵᠢᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠵᠤ ᠠᠪᠤᠷᠠᠨ ᠲᠤᠰᠠᠯᠠᠬᠤ ᠥᠷᠲᠡᠭᠡ᠎ᠳᠤ ᠬᠦᠷᠭᠡᠵᠦ᠂ ᠰᠢᠷᠬ᠎ᠠ᠎ᠨᠢ ᠡᠳᠡᠭᠡᠷᠡᠭᠰᠡᠨᠤ ᠳᠠᠷᠠᠭ᠎ᠠ ᠡᠬᠡ ᠪᠠᠶ᠋ᠢᠭ᠋ᠠᠯᠢ᠎ᠳᠤ ᠪᠤᠴᠠᠭ᠋ᠠᠬᠤ᠎ᠪᠠᠷ ᠪᠣᠯᠪᠠ᠃