ᠦᠢᠯᠡᠴᠢᠯᠡᠭᠡ   -   ᠠᠯᠪᠠᠨ ᠦᠢᠯᠡᠴᠢᠯᠡᠭᠡ
ᠬᠠᠶ᠋ᠢᠨᠠᠨ ᠲᠤᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠬᠣᠤᠷ ᠴᠠᠭ᠋ᠠᠵᠠᠯᠠᠬᠤ ᠶᠡᠬᠡ ᠠᠩᠭᠢ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠰᠡᠳᠬᠢᠴᠡ ᠵᠢᠨ ᠡᠷᠡᠭᠦᠯ ᠮᠡᠨᠳᠦ ᠵᠢᠨ ᠲᠠᠶ᠋ᠢᠯᠤᠮᠵᠢ ᠬᠢᠪᠠ
ᠨᠡᠶ᠋ᠢᠲᠡᠯᠡᠭᠰᠡᠨ ᠴᠠᠭ᠄ 2024-10-29

      ᠨᠡᠶ᠋ᠢᠭᠡᠮ ᠲᠣᠭᠣᠷᠢᠭ᠎ᠤᠨ ᠵᠠᠰᠠᠨ ᠵᠠᠯᠠᠷᠠᠭᠤᠯᠬᠤ ᠡᠲᠡᠭᠡᠳ᠂ ᠨᠡᠶ᠋ᠢᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ ᠵᠢᠴᠢ ᠨᠡᠶ᠋ᠢᠭᠡᠮ ᠲᠣᠭᠣᠷᠢᠭ᠎ᠤᠨ ᠡᠷᠡᠭᠦᠯᠵᠢᠭᠦᠯᠦᠭᠳᠡᠭᠴᠢ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠳᠡᠨ᠎ᠢ ᠬᠠᠪᠰᠤᠷᠤᠨ ᠨᠡᠶ᠋ᠢᠭᠡᠮ᠎ᠲᠠᠢ ᠨᠠᠩ ᠰᠠᠶ᠋ᠢᠨ ᠵᠣᠬᠢᠴᠠᠭᠤᠯᠬᠤ ᠵᠢᠨ ᠲᠥᠯᠥᠭᠡ᠂ 10 ᠰᠠᠷ᠎ᠠ ᠵᠢᠨ 16᠎ᠤ ᠡᠳᠦᠷ᠂ ᠦᠬᠠᠢ ᠬᠣᠲᠠ ᠵᠢᠨ ᠬᠠᠶ᠋ᠢᠨᠠᠨ ᠲᠤᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠬᠣᠤᠷ ᠴᠠᠭ᠋ᠠᠵᠠᠯᠠᠬᠤ ᠶᠡᠬᠡ ᠠᠩᠭᠢ ᠦᠬᠠᠶ ᠬᠣᠲᠠ ᠵᠢᠨ ᠬᠣᠤᠷ ᠲᠠᠲᠠᠬᠤ ᠵᠢ ᠵᠣᠭᠰᠣᠭ᠋ᠠᠬᠤ ᠭᠠᠵᠠᠷ᠂ ᠬᠠᠶ᠋ᠢᠨᠠᠨ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ᠂ ᠬᠠᠶ᠋ᠢᠨᠠᠨ ᠲᠣᠭᠣᠷᠢᠭ᠎ᠤᠨ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠲᠠᠢ ᠬᠠᠮᠲᠤᠷᠠᠨ ᠨᠢᠭᠡ ᠤᠳᠠᠭ᠋ᠠᠨ᠎ᠤ ᠰᠡᠳᠬᠢᠴᠡ ᠵᠢᠨ ᠡᠷᠡᠭᠦᠯ ᠮᠡᠨᠳᠦ ᠵᠢᠨ ᠲᠠᠶ᠋ᠢᠯᠤᠮᠵᠢ ᠥᠷᠨᠢᠭᠦᠯᠪᠡ᠃

微信图片_20241022162008.jpg


      ᠲᠠᠶ᠋ᠢᠯᠤᠮᠵᠢ ᠵᠢᠨ ᠲᠤᠬᠠᠶ ᠵᠢᠨ ᠲᠠᠯᠠᠪᠤᠷ᠎ᠲᠤ᠂ ᠲᠤᠰᠬᠠᠶ ᠰᠡᠳᠬᠢᠴᠡ ᠵᠢᠨ ᠵᠥᠪᠯᠡᠯᠭᠡ ᠥᠭᠭᠦᠭᠴᠢ ᠪᠣᠳᠠᠲᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠰᠡᠳᠬᠢᠴᠡ ᠵᠢᠨ ᠡᠷᠡᠭᠦᠯ ᠮᠡᠨᠳᠦ ᠵᠢᠨ ᠴᠢᠬᠤᠯᠠ ᠴᠢᠨᠠᠷ ᠵᠢᠴᠢ ᠳᠠᠷᠤᠯᠲᠠ ᠵᠢ ᠬᠡᠷᠬᠢᠨ ᠠᠷᠭ᠋ᠠᠴᠠᠬᠤ᠂ ᠤᠷᠮ᠎ᠠ ᠰᠡᠳᠬᠢᠯᠭᠡ ᠵᠢ ᠬᠡᠷᠬᠢᠨ ᠵᠣᠬᠢᠴᠠᠭᠤᠯᠬᠤ ᠵᠡᠷᠭᠡ ᠲᠠᠯ᠎ᠠ ᠵᠢᠨ ᠮᠡᠳᠡᠯᠭᠡ ᠵᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ᠎ᠪᠠᠷ ᠲᠠᠶ᠋ᠢᠯᠪᠤᠷᠢᠯᠠᠭᠰᠠᠨ ᠪᠠᠶ᠋ᠢᠨ᠎ᠠ᠃ ᠨᠡᠶ᠋ᠢᠭᠡᠮ ᠲᠣᠭᠣᠷᠢᠭ᠎ᠤᠨ ᠵᠠᠰᠠᠨ ᠵᠠᠯᠠᠷᠠᠭᠤᠯᠬᠤ ᠡᠲᠡᠭᠡᠳ᠂ ᠨᠡᠶ᠋ᠢᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ ᠪᠠ ᠨᠡᠶ᠋ᠢᠭᠡᠮ ᠲᠣᠭᠣᠷᠢᠭ᠎ᠤᠨ ᠡᠷᠡᠭᠦᠯᠵᠢᠭᠦᠯᠦᠭᠳᠡᠭᠴᠢ ᠵᠢᠨ ᠣᠨᠴᠠᠭ᠋ᠠᠶ ᠪᠠᠶ᠋ᠢᠳᠠᠯ᠎ᠳᠤ ᠴᠢᠭᠯᠡᠭᠦᠯᠦᠨ᠂ ᠵᠥᠪᠯᠡᠯᠭᠡ ᠥᠭᠭᠦᠭᠴᠢ᠎ᠠᠴᠠ ᠭᠤᠲᠤᠷᠠᠩᠭᠤᠶ ᠰᠡᠳᠬᠢᠯᠭᠡ ᠵᠢ ᠬᠡᠷᠬᠢᠨ ᠲᠡᠪᠴᠢᠬᠦ᠂ ᠢᠲᠡᠭᠡᠯ ᠵᠣᠷᠢᠭ᠎ᠢ ᠬᠡᠷᠬᠢᠨ ᠨᠡᠮᠡᠭᠳᠡᠭᠦᠯᠬᠦ ᠵᠢᠴᠢ ᠬᠥᠮᠦᠨ᠎ᠤ ᠬᠣᠭᠣᠷᠣᠨᠳᠣᠬᠢ ᠰᠠᠶ᠋ᠢᠨ ᠰᠠᠶ᠋ᠢᠬᠠᠨ ᠬᠠᠷᠢᠴᠠᠭ᠎ᠠ ᠵᠢ ᠬᠡᠷᠬᠢᠨ ᠪᠠᠶ᠋ᠢᠭᠤᠯᠬᠤ ᠲᠤᠬᠠᠶ ᠭᠣᠤᠯᠳᠠᠯᠭ᠎ᠠ᠎ᠲᠠᠢ ᠲᠠᠨᠢᠯᠴᠠᠭᠤᠯᠪᠠ᠃ ᠬᠠᠷᠢᠯᠴᠠᠨ ᠬᠥᠳᠡᠯᠦᠯᠴᠡᠬᠦ ᠶᠠᠪᠤᠴᠠ᠎ᠳᠤ᠂ ᠣᠷᠣᠯᠴᠠᠭᠰᠠᠳ ᠢᠳᠡᠪᠬᠢᠲᠡᠢ᠎ᠪᠠᠷ ᠠᠰᠠᠭᠤᠯᠲᠠ ᠠᠰᠠᠭᠤᠵᠤ᠂ ᠵᠥᠪᠯᠡᠯᠭᠡ ᠥᠭᠭᠦᠭᠴᠢ ᠬᠦᠯᠢᠴᠡᠩᠭᠦᠢ᠎ᠪᠠᠷ ᠬᠠᠷᠢᠭᠤᠯᠲᠠ ᠥᠭᠴᠦ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠶ᠋ᠢᠯ᠎ᠠ᠃ ᠰᠠᠨᠠᠯ ᠵᠶ᠋ᠠᠨ ᠰᠣᠯᠢᠯᠴᠠᠬᠤ᠎ᠪᠠᠷ ᠲᠠᠮᠵᠢᠨ ᠤᠯᠠᠨ ᠵᠶ᠋ᠠᠷ ᠵᠶ᠋ᠠᠨ ᠥᠪᠡᠷ᠎ᠤᠨ ᠰᠡᠳᠬᠢᠴᠡ ᠵᠢᠨ ᠪᠠᠶ᠋ᠢᠳᠠᠯ᠎ᠳᠤ᠎ᠪᠠᠨ ᠨᠡᠩ ᠲᠣᠳᠣᠷᠬᠠᠶ ᠲᠠᠨᠢᠯᠲᠠ᠎ᠲᠠᠢ ᠪᠤᠯᠵᠤ᠂ ᠪᠠᠰᠠ ᠵᠠᠷᠢᠮ ᠪᠣᠳᠠᠲᠤ ᠬᠡᠷᠡᠭᠴᠡᠭᠡ᠎ᠲᠠᠢ ᠰᠡᠳᠬᠢᠴᠡ ᠵᠢᠨ ᠵᠣᠬᠢᠴᠠᠭᠤᠯᠬᠤ ᠠᠷᠭ᠎ᠠ ᠵᠢ ᠰᠣᠷᠣᠭᠰᠠᠨ ᠪᠠᠶ᠋ᠢᠨ᠎ᠠ᠃

微信图片_20241022162033.jpg


      ᠲᠣᠰ ᠤᠳᠠᠭ᠋ᠠᠨ᠎ᠤ ᠲᠠᠶ᠋ᠢᠯᠤᠮᠵᠢ᠎ᠨᠢ ᠨᠡᠶ᠋ᠢᠭᠡᠮ ᠲᠣᠭᠣᠷᠢᠭ᠎ᠤᠨ ᠵᠠᠰᠠᠨ ᠵᠠᠯᠠᠷᠠᠭᠤᠯᠬᠤ ᠡᠲᠡᠭᠡᠳ᠂ ᠨᠡᠶ᠋ᠢᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ ᠪᠠ ᠨᠡᠶ᠋ᠢᠭᠡᠮ ᠲᠣᠭᠣᠷᠢᠭ᠎ᠤᠨ ᠡᠷᠡᠭᠦᠯᠵᠢᠭᠦᠯᠦᠭᠳᠡᠭᠴᠢ ᠵᠢᠨ ᠥᠷᠭᠡᠨ ᠳᠡᠯᠭᠡᠷ ᠰᠠᠶ᠋ᠢᠨ ᠦᠨᠡᠯᠡᠯᠲᠡ ᠵᠢ ᠣᠯᠵᠠᠶ᠃ ᠲᠡᠳᠡᠨᠡᠷ᠂ ᠲᠠᠶ᠋ᠢᠯᠤᠮᠵᠢ ᠵᠢᠨ ᠠᠭᠤᠯᠭ᠎ᠠ ᠪᠠᠶᠠᠯᠢᠭ᠂ ᠬᠡᠷᠡᠭᠯᠡᠭᠡᠨ᠎ᠤ ᠴᠢᠨᠠᠷ ᠵᠶ᠋ᠠᠷ ᠴᠢᠩᠭ᠎ᠠ᠂ ᠥᠪᠡᠷ᠎ᠤᠨ ᠪᠡᠶ᠎ᠡ᠎ᠳᠤ᠎ᠪᠠᠨ ᠮᠠᠰᠢ ᠶᠡᠬᠡ ᠬᠠᠪᠰᠤᠷᠤᠯᠭ᠎ᠠ ᠦᠵᠡᠭᠦᠯᠦᠨ᠎ᠡ ᠭᠡᠵᠦ ᠢᠯᠡᠳᠬᠡᠵᠡᠭᠡᠪᠡ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ