ᠦᠢᠯᠡᠴᠢᠯᠡᠭᠡ   -   ᠠᠯᠪᠠᠨ ᠦᠢᠯᠡᠴᠢᠯᠡᠭᠡ
ᠲᠣᠭᠲᠠᠬᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠢᠨ ᠶᠢᠩ ᠽᠢ ᠲᠣᠮᠢᠯᠠᠭᠰᠠᠨ ᠰᠠᠯᠪᠤᠷᠢ ᠭᠠᠵᠠᠷ ᠰᠢᠷᠣᠢ ᠵᠢᠨ ᠵᠠᠭᠤᠷᠠᠯᠳᠤᠭ᠋ᠠᠨ᠎ᠢ ᠠᠮᠵᠢᠯᠲᠠ᠎ᠲᠠᠢ ᠡᠶᠡᠳᠡᠭᠦᠯᠪᠡ
ᠨᠡᠶ᠋ᠢᠲᠡᠯᠡᠭᠰᠡᠨ ᠴᠠᠭ᠄ 2024-12-17

      2023 ᠣᠨ᠎ᠤ ᠬᠠᠪᠤᠷ᠂ ᠬᠦᠬᠡᠬᠣᠲᠠ ᠵᠢᠨ ᠲᠣᠭᠲᠠᠬᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠢᠨ ᠶᠢᠩ ᠽᠢ (ᠰᠢᠨ᠎ᠡ ᠠᠢ᠌ᠯ) ᠲᠣᠮᠢᠯᠠᠭᠰᠠᠨ ᠰᠠᠯᠪᠤᠷᠢ 《ᠲᠣᠭᠲᠠᠬᠤ ᠰᠢᠶᠠᠨ᠎ᠤ ᠰᠢᠨ ᠶᠢᠩ ᠽᠢ ᠪᠠᠯᠭ᠋ᠠᠰᠤᠨ᠎ᠤ ᠾᠧᠢ ᠴᠧᠩ ᠼᠦᠨ ᠲᠣᠰᠬᠤᠨ᠎ᠳᠤ ᠭᠠᠵᠠᠷ ᠰᠢᠷᠣᠢ ᠵᠢ ᠲᠦᠷᠢᠶᠡᠰᠦᠯᠡᠬᠦ ᠭᠡᠷ᠎ᠡ᠎ᠠᠴᠠ ᠪᠤᠯᠵᠤ ᠵᠥᠷᠢᠴᠡᠯ ᠵᠠᠭᠤᠷᠠᠯᠳᠤᠭ᠋ᠠᠨ ᠡᠭᠦᠰᠪᠡ》 ᠭᠡᠰᠡᠨ ᠤᠯᠠᠨ ᠲᠦᠮᠡᠨ᠎ᠤ ᠬᠡᠷᠡᠭ᠎ᠤᠨ ᠮᠡᠳᠡᠭᠦᠯᠦᠯᠲᠡ ᠵᠢ ᠲᠣᠰᠴᠠᠢ᠃ ᠠᠷᠠᠳ᠎ᠤᠨ ᠴᠠᠭᠳᠠᠭ᠎ᠠ ᠵᠢᠨ ᠪᠠᠶ᠋ᠢᠴᠠᠭ᠋ᠠᠯᠲᠠ᠎ᠪᠠᠷ ᠳᠠᠮᠵᠢᠨ᠂ 2013 ᠣᠨ᠎ᠳᠤ ᠳᠠᠭ᠋ᠠᠭ᠋ᠠᠴᠢᠯᠠᠭᠰᠠᠨ ᠲᠠᠯ᠎ᠠ (ᠲᠣᠭᠲᠠᠬᠤ ᠰᠢᠶᠠᠨ᠎ᠤ ᠨᠢᠭᠡᠨ ᠲᠠᠷᠢᠶᠠᠯᠠᠩ᠎ᠤᠨ ᠨᠡᠭᠡᠭᠡᠯᠲᠡ ᠵᠢᠨ ᠬᠢᠵᠠᠭ᠋ᠠᠷᠲᠤ ᠺᠣᠮᠫᠠᠨᠢ) ᠮᠦ᠍ ᠪᠦᠷᠢ᠎ᠳᠤ 150 ᠲᠥᠭᠦᠷᠢᠭ᠎ᠤᠨ ᠦᠨ᠎ᠡ᠎ᠪᠠᠷ ᠾᠧᠢ ᠴᠧᠩ ᠼᠦᠨ ᠲᠣᠰᠬᠤᠨ᠎ᠤ ᠠᠷᠠᠳ᠎ᠤᠳ (ᠹᠠᠨ ᠣᠪᠣᠭᠲᠤ᠂ ᠸᠠᠩ ᠣᠪᠣᠭᠲᠤ ᠵᠡᠷᠭᠡ 35 ᠡᠷᠦᠬᠡ ᠲᠣᠰᠬᠤᠨ᠎ᠤ ᠠᠷᠠᠳ)᠎ᠤᠨ 790 ᠮᠦ᠍ ᠭᠠᠵᠠᠷ ᠰᠢᠷᠣᠢ ᠵᠢ ᠲᠦᠷᠢᠶᠡᠰᠦᠯᠡᠵᠠᠢ᠃ 2023 ᠣᠨ᠎ᠳᠤ ᠭᠠᠵᠠᠷ ᠰᠢᠷᠣᠢ ᠵᠢᠨ ᠠᠰᠢᠭ ᠣᠷᠣᠯᠭ᠎ᠠ ᠶᠡᠬᠡᠪᠡᠷ ᠥᠰᠦᠭᠰᠡᠨ ᠪᠠᠢ᠌ᠳᠠᠯ᠎ᠳᠤ᠂ ᠲᠣᠰᠬᠤᠨ᠎ᠤ ᠠᠷᠠᠳ ᠲᠦᠷᠢᠶᠡᠰᠦᠨ ᠮᠥᠩᠭᠦ ᠵᠢ ᠥᠰᠬᠡᠬᠦ᠎ᠪᠠᠷ ᠱᠠᠭ᠋ᠠᠷᠳᠠᠬᠤ᠎ᠳᠤ᠂ ᠭᠠᠵᠠᠷ ᠳᠠᠭ᠋ᠠᠭ᠋ᠠᠴᠢᠯᠠᠭᠰᠠᠨ ᠲᠠᠯ᠎ᠠ᠎ᠠᠴᠠ ᠲᠤᠬᠠᠢ ᠵᠢᠨ ᠦᠶ᠎ᠡ ᠵᠢᠨ ᠭᠡᠷ᠎ᠡ ᠶᠣᠰᠣᠭ᠋ᠠᠷ ᠤᠤᠯ᠎ᠤᠨ ᠦᠨ᠎ᠡ᠎ᠪᠠᠨ ᠪᠠᠷᠢᠮᠲᠠᠯᠠᠨ᠎ᠠ ᠬᠡᠮᠡᠨ ᠲᠣᠰᠬᠤᠨ᠎ᠤ ᠠᠷᠠᠳ᠎ᠤᠨ ᠬᠦᠰᠡᠯ ᠱᠠᠭ᠋ᠠᠷᠳᠠᠯᠭ᠎ᠠ ᠵᠢ ᠲᠡᠪᠴᠢᠵᠡᠢ᠃

图片1.png


      ᠲᠣᠰ ᠤᠳᠠᠭ᠋ᠠᠨ᠎ᠤ ᠵᠥᠷᠢᠴᠡᠯ ᠵᠠᠭᠤᠷᠠᠯᠳᠤᠭ᠋ᠠᠨ᠎ᠨᠢ ᠮᠠᠰᠢ ᠣᠯᠠᠨ ᠲᠣᠰᠬᠤᠨ᠎ᠤ ᠠᠷᠠᠳ᠎ᠤᠨ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠭᠰᠠᠨ ᠪᠣᠯᠬᠤᠷ ᠰᠢᠨ ᠶᠢᠩ ᠽᠢ ᠲᠣᠮᠢᠯᠠᠭᠰᠠᠨ ᠰᠠᠯᠪᠤᠷᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠳᠠᠷᠦ᠋ᠢ᠍ᠬᠠᠨ ᠠᠵᠢᠯ᠎ᠳᠤ᠎ᠪᠠᠨ ᠭᠠᠷᠮᠠᠭ᠋ᠠᠢ ᠠᠷᠠᠳ᠎ᠤᠨ ᠴᠠᠭᠳᠠᠭ᠎ᠠ ᠵᠢ ᠵᠣᠬᠢᠶᠠᠨ ᠪᠠᠶ᠋ᠢᠭᠤᠯᠵᠤ᠂ ᠡᠶᠡᠳᠡᠭᠦᠯᠬᠦ ᠠᠵᠢᠯ᠎ᠢ ᠢᠳᠡᠪᠬᠢᠲᠡᠶ ᠥᠷᠨᠢᠭᠦᠯᠪᠡ᠃ ᠠᠷᠠᠳ᠎ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠨᠠᠷ ᠬᠦᠯᠢᠴᠡᠩᠭᠦᠶ ᠨᠢᠮᠪᠠᠶ ᠠᠵᠢᠯᠯᠠᠵᠤ᠂ ᠶᠠᠳᠠᠷᠠᠯ ᠵᠦᠳᠡᠷᠡᠯ᠎ᠠᠴᠠ ᠬᠠᠯᠠᠰᠢᠷᠠᠯ ᠥᠬᠡᠶ 8 ᠤᠳᠠᠭ᠎ᠠ ᠡᠶᠡᠳᠡᠭᠦᠯᠬᠦ ᠠᠵᠢᠯ᠎ᠢ ᠭᠦᠨᠵᠡᠭᠡᠶ ᠥᠷᠨᠢᠭᠦᠯᠵᠦ᠂ ᠬᠤᠶᠠᠷ ᠲᠠᠯ᠎ᠠ ᠵᠢᠨ ᠬᠦᠰᠡᠯ ᠱᠠᠭ᠋ᠠᠷᠳᠠᠯᠭ᠎ᠠ ᠪᠠ ᠵᠥᠷᠢᠴᠡᠯ᠎ᠤᠨ ᠲᠥᠪᠯᠡᠷᠡᠯ᠎ᠤᠨ ᠴᠡᠭ᠎ᠢ ᠨᠠᠷᠢᠨ ᠲᠣᠳᠣᠷᠬᠠᠶ ᠤᠶ᠋ᠢᠯᠠᠭ᠋ᠠᠨ ᠲᠡᠮᠳᠡᠭᠯᠡᠬᠦ ᠵᠢᠨ ᠬᠠᠮᠲᠤ ᠵᠠᠭᠤᠷᠠᠯᠳᠤᠭ᠋ᠠᠨ᠎ᠢ ᠡᠶᠡᠳᠡᠭᠦᠯᠬᠦ ᠬᠦᠨᠳᠦ ᠡᠭᠦᠷᠭᠡ ᠵᠢ ᠢᠳᠡᠪᠬᠢᠲᠡᠶ᠎ᠪᠠᠷ ᠡᠭᠦᠷᠭᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠰᠢᠶᠠᠩ᠎ᠤᠨ ᠵᠠᠰᠠᠭ᠎ᠤᠨ ᠣᠷᠳᠣᠨ᠂ ᠣᠶ ᠰᠢᠭᠤᠶ ᠵᠢᠨ ᠲᠣᠪᠴᠢᠶ᠎ᠠ᠎ᠯᠤᠭ᠎ᠠ ᠬᠠᠷᠢᠯᠴᠠᠵᠤ᠂ 《ᠳᠥᠷᠪᠡᠨ ᠭᠠᠵᠠᠷ ᠨᠢᠭᠡ ᠲᠢᠩᠬᠢᠮ》᠎ᠤᠨ ᠲᠣᠭᠲᠠᠴᠠ ᠵᠢ ᠠᠰᠢᠭᠯᠠᠨ᠂ ᠬᠤᠶᠠᠷ ᠲᠠᠯ᠎ᠠ᠎ᠪᠠᠷ ᠵᠶ᠋ᠠᠨ ᠨᠢᠭᠤᠷᠳᠠᠨ ᠵᠥᠪᠳᠡᠯᠴᠡᠵᠦ ᠡᠶᠡᠳᠡᠭᠦᠯᠬᠦ ᠵᠢ ᠣᠯᠠᠨ ᠤᠳᠠᠭ᠎ᠠ ᠵᠣᠬᠢᠶᠠᠨ ᠪᠠᠶ᠋ᠢᠭᠤᠯᠪᠠ᠃ ᠬᠠᠪᠤᠷ᠎ᠤᠨ ᠲᠠᠷᠢᠶᠠᠯᠠᠭ᠎ᠠ ᠵᠢᠨ ᠡᠭᠦᠷᠭᠡ ᠵᠢ ᠴᠠᠭ ᠲᠤᠬᠠᠶ᠎ᠳᠤ᠎ᠨᠢ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ᠂ ᠠᠷᠠᠳ᠎ᠤᠨ ᠴᠠᠭᠳᠠᠭ᠎ᠠ ᠨᠠᠷ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠬᠤᠶᠠᠷ ᠲᠠᠯ᠎ᠠ᠎ᠳᠤ 《ᠤᠷᠢᠳᠠᠪᠠᠷ ᠲᠠᠷᠢᠶ᠎ᠠ᠎ᠪᠠᠨ ᠲᠠᠷᠢᠵᠤ᠂ ᠳᠠᠷᠠᠭ᠎ᠠ᠎ᠨᠢ ᠵᠠᠭᠤᠷᠠᠯᠳᠤᠭ᠋ᠠᠨ᠎ᠢ ᠰᠢᠢ᠍ᠳᠪᠦᠷᠢᠯᠡᠬᠦ》 ᠲᠥᠰᠦᠯ ᠳᠤᠷᠠᠳᠤᠭᠰᠠᠨ᠎ᠳᠤ᠂ ᠬᠤᠶᠠᠷ ᠲᠠᠯ᠎ᠠ᠎ᠪᠠᠷ ᠵᠶ᠋ᠠᠨ ᠠᠷᠠᠳ᠎ᠤᠨ ᠴᠠᠭᠳᠠᠭ᠎ᠠ ᠵᠢᠨ ᠰᠠᠨᠠᠭᠤᠯᠭ᠎ᠠ ᠵᠢ ᠵᠥᠪᠰᠢᠶᠡᠷᠡᠪᠡ᠃ ᠢᠩᠭᠢᠵᠦ ᠬᠢᠭᠰᠡᠨ ᠵᠶ᠋ᠡᠷ ᠳᠠᠭ᠋ᠠᠭ᠋ᠠᠴᠢᠯᠠᠭᠰᠠᠨ ᠲᠠᠯ᠎ᠠ ᠵᠢᠨ ᠣᠷᠣᠯᠭ᠎ᠠ ᠵᠢ ᠪᠠᠲᠤᠯᠠᠭᠰᠠᠨ ᠮᠥᠷᠲᠡᠭᠡᠨ ᠪᠠᠰᠠ ᠲᠣᠰᠬᠤᠨ᠎ᠤ ᠠᠷᠠᠳ᠎ᠤᠨ ᠲᠠᠯ᠎ᠠ ᠵᠢᠨ ᠠᠰᠢᠭ ᠲᠤᠰᠠ ᠵᠢ ᠬᠠᠮᠠᠭ᠋ᠠᠯᠠᠵᠤ᠂ ᠭᠠᠵᠠᠷ ᠰᠢᠷᠣᠶ ᠵᠢᠨ ᠡᠬᠢ ᠪᠠᠶᠠᠯᠢᠭ᠎ᠢ ᠵᠦᠢ ᠵᠣᠬᠢᠰᠲᠠᠢ ᠠᠰᠢᠭᠯᠠᠵᠤ ᠴᠢᠳᠠᠭᠰᠠᠨ ᠵᠶ᠋ᠠᠷ ᠪᠠᠷᠠᠬᠤ ᠦᠭᠡᠢ᠂ ᠪᠠᠴᠢᠮ ᠲᠤᠯᠭ᠋ᠠᠮ᠎ᠠ ᠪᠠᠶ᠋ᠢᠳᠠᠯ᠎ᠢ ᠠᠷᠢᠯᠭ᠋ᠠᠭᠰᠠᠨ ᠪᠠᠶ᠋ᠢᠨ᠎ᠠ᠃

图片3.png


      ᠠᠷᠠᠳ᠎ᠤᠨ ᠴᠠᠭᠳᠠᠭ᠎ᠠ ᠨᠠᠷ᠎ᠤᠨ ᠴᠥᠬᠦᠷᠡᠰᠢ ᠥᠬᠡᠶ ᠴᠢᠷᠮᠠᠶ᠋ᠢᠯᠭ᠎ᠠ᠎ᠪᠠᠷ ᠳᠡᠮᠵᠢᠨ᠂ 2024 ᠣᠨ᠎ᠤ 12 ᠰᠠᠷ᠎ᠠ ᠵᠢᠨ 2᠎ᠤᠨ ᠡᠳᠦᠷ ᠬᠤᠶᠠᠷ ᠲᠠᠯ᠎ᠠ᠎ᠪᠠᠷ ᠵᠶ᠋ᠠᠨ ᠡᠴᠦᠰ᠎ᠤᠨ ᠬᠡᠯᠡᠯᠴᠡᠭᠡᠷ ᠲᠣᠭᠲᠠᠵᠤ᠂ ᠭᠠᠵᠠᠷ ᠰᠢᠷᠣᠶ ᠵᠢ ᠳᠠᠭ᠋ᠠᠭ᠋ᠠᠴᠢᠯᠠᠵᠤ ᠡᠵᠡᠩᠨᠡᠬᠦ ᠬᠤᠭᠤᠴᠠᠭ᠎ᠠ ᠳᠠᠭᠤᠰᠬᠤ᠎ᠠᠴᠠ ᠡᠮᠦᠨ᠎ᠡ᠂ ᠲᠣᠰᠬᠤᠨ᠎ᠤ ᠠᠷᠠᠳ᠎ᠤᠨ ᠲᠠᠯ᠎ᠠ᠎ᠠᠴᠠ ᠶᠠᠮᠠᠷᠪᠠ ᠰᠢᠯᠲᠠᠭ ᠵᠶ᠋ᠠᠷ ᠳᠠᠭ᠋ᠠᠭ᠋ᠠᠴᠢᠯᠠᠭᠰᠠᠨ ᠲᠠᠯ᠎ᠠ ᠵᠢᠨ ᠡᠵᠡᠩᠨᠡᠯᠲᠡ ᠵᠢᠨ ᠡᠷᠬᠡ᠂ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠬᠠᠷᠰᠢᠯᠠᠬᠤ ᠦᠭᠡᠢ; ᠡᠭᠦᠨ᠎ᠤ ᠬᠠᠮᠲᠤ᠂ ᠬᠤᠶᠠᠷ ᠲᠠᠯ᠎ᠠ᠎ᠪᠠᠷ ᠵᠶ᠋ᠠᠨ ᠭᠡᠷ᠎ᠡ ᠵᠢᠨ ᠦᠯᠡᠳᠡᠭᠰᠡᠨ ᠵᠢᠯ᠎ᠤᠨ ᠠᠰᠢᠭ ᠣᠷᠣᠯᠭ᠎ᠠ᠎ᠪᠠᠨ ᠬᠤᠪᠢᠶᠠᠷᠢᠯᠠᠬᠤ ᠰᠢᠨ᠎ᠡ ᠠᠷᠭ᠎ᠠ ᠮᠠᠶᠢᠭ ᠪᠣᠯᠬᠤ ᠮᠥ᠍ ᠪᠦᠷᠢ᠎ᠳᠤ 150 ᠲᠥᠭᠦᠷᠢᠭ ᠪᠠᠶ᠋ᠢᠭᠰᠠᠨ᠎ᠢ ᠬᠤᠪᠢᠷᠠᠭᠤᠯᠤᠭ᠋ᠠᠳ ᠲᠤᠬᠠᠢ ᠵᠢᠨ ᠵᠢᠯ᠎ᠤᠨ ᠡᠵᠡᠩᠨᠡᠯᠲᠡ ᠵᠢᠨ ᠠᠰᠢᠭ ᠣᠷᠣᠯᠭ᠎ᠠ ᠵᠢᠨ 35% ᠵᠢᠨ ᠣᠷᠣᠯᠭ᠎ᠠ ᠵᠢ ᠲᠣᠰᠬᠤᠨ᠎ᠤ ᠠᠷᠠᠳ᠎ᠲᠤ ᠬᠤᠪᠢᠶᠠᠷᠢᠯᠠᠵᠤ᠂ ᠪᠤᠰᠤᠳ ᠠᠰᠢᠭ ᠣᠷᠣᠯᠭ᠎ᠠ᠎ᠨᠢ ᠳᠠᠭ᠋ᠠᠭ᠋ᠠᠴᠢᠯᠠᠭᠰᠠᠨ ᠲᠠᠯ᠎ᠠ᠎ᠳᠤ ᠬᠠᠷᠢᠶᠠᠯᠠᠭᠳᠠᠨ᠎ᠠ ᠭᠡᠵᠦ ᠲᠣᠭᠲᠠᠵᠠᠢ᠃ ᠢᠩᠭᠢᠭᠰᠡᠨ ᠵᠶ᠋ᠠᠷ ᠨᠢᠭᠡ ᠵᠢᠯ ᠭᠠᠷᠤᠢ ᠵᠢᠨ ᠵᠥᠷᠢᠴᠡᠯ ᠵᠠᠭᠤᠷᠠᠯᠳᠤᠭ᠋ᠠᠨ᠎ᠨᠢ ᠲᠡᠭᠦᠰ ᠠᠮᠵᠢᠯᠲᠠ᠎ᠲᠠᠢ ᠰᠢᠢ᠍ᠳᠪᠦᠷᠢᠯᠡᠭᠳᠡᠪᠡ᠃
      ᠲᠣᠰ ᠤᠳᠠᠭ᠋ᠠᠨ᠎ᠤ ᠡᠶᠡᠳᠡᠭᠦᠯᠬᠦ ᠠᠵᠢᠯ᠎ᠨᠢ ᠰᠢᠨ ᠶᠢᠩ ᠽᠢ ᠲᠣᠮᠢᠯᠠᠭᠰᠠᠨ ᠰᠠᠯᠪᠤᠷᠢ ᠶᠡᠷᠦᠩᠬᠡᠶ ᠱᠦᠵᠢ ᠰᠢ ᠵᠢᠨ ᠫᠢᠩ᠎ᠤᠨ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠦᠵᠡᠯ ᠰᠠᠨᠠᠭ᠎ᠠ᠂ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ 《ᠹᠸᠩᠴᠢᠶᠣᠣ ᠵᠢᠨ ᠲᠤᠷᠰᠢᠯᠭ᠎ᠠ》 ᠵᠢ ᠪᠠᠷᠢᠮᠲᠠᠯᠠᠨ᠂ ᠵᠥᠷᠢᠴᠡᠯ᠎ᠢ ᠦᠨᠳᠦᠰᠦᠨ ᠱᠠᠲᠤᠨ᠎ᠳᠤ ᠨᠠᠮᠳᠠᠭ᠋ᠠᠵᠤ᠂ ᠢᠳᠡᠪᠬᠢᠲᠡᠶ ᠠᠵᠢᠯᠯᠠᠵᠤ ᠨᠢᠭᠡ ᠰᠡᠳᠬᠢᠯ ᠵᠶ᠋ᠠᠷ ᠠᠷᠠᠳ᠎ᠤᠨ ᠲᠥᠯᠥᠭᠡ ᠵᠢᠳᠬᠦᠬᠦ ᠠᠵᠢᠯ᠎ᠤᠨ ᠣᠪᠣᠷ ᠪᠠ ᠥᠨᠳᠥᠷ ᠪᠦᠲᠦᠮᠵᠢᠲᠡᠶ ᠵᠠᠭᠤᠷᠠᠯᠳᠤᠭ᠋ᠠᠨ᠎ᠢ ᠠᠷᠢᠯᠭ᠋ᠠᠬᠤ ᠴᠢᠳᠠᠪᠤᠷᠢ ᠵᠢ ᠭᠦᠢ᠍ᠴᠡᠳ ᠢᠯᠡᠷᠡᠭᠦᠯᠵᠦ᠂ ᠬᠠᠷᠢᠶ᠎ᠠ ᠣᠷᠣᠨ᠎ᠤ ᠲᠣᠭᠲᠠᠭᠤᠨ᠎ᠢ ᠬᠠᠮᠠᠭ᠋ᠠᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠢᠷᠡᠯᠲᠡ᠄ ᠬᠦᠬᠡᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ