ᠦᠢᠯᠡᠴᠢᠯᠡᠭᠡ   -   ᠠᠯᠪᠠᠨ ᠦᠢᠯᠡᠴᠢᠯᠡᠭᠡ
ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ ᠵᠢᠨ ᠠᠵᠢᠯᠲᠠᠳ ᠠᠷᠠᠳ ᠲᠦᠮᠡᠨ᠎ᠳᠤ ᠬᠠᠯᠠᠭᠤᠨ ᠵᠶ᠋ᠠᠷ ᠦᠢ᠍ᠯᠡᠴᠢᠯᠡᠪᠡ
ᠨᠡᠶ᠋ᠢᠲᠡᠯᠡᠭᠰᠡᠨ ᠴᠠᠭ᠄ 2024-02-21

      2 ᠰᠠᠷ᠎ᠠ ᠵᠢᠨ 18᠎ᠤ ᠡᠳᠦᠷ ᠪᠣᠯ ᠴᠠᠭ᠋ᠠᠨ ᠰᠠᠷ᠎ᠠ ᠵᠢᠨ ᠠᠮᠠᠷᠠᠯᠲᠠ ᠵᠢᠨ ᠳᠠᠷᠠᠭ᠋ᠠᠬᠢ ᠠᠵᠢᠯ᠎ᠳᠤ ᠭᠠᠷᠬᠤ ᠠᠩᠬᠠᠨ᠎ᠤ ᠡᠳᠦᠷ ᠪᠣᠯᠤᠨ᠎ᠠ᠂ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ᠎ᠤᠨ ᠪᠥᠬᠥ ᠠᠵᠢᠯᠲᠠᠳ 《ᠠᠮᠠᠷᠠᠬᠤ ᠵᠠᠭᠪᠤᠷ》᠎ᠠᠴᠠ 《ᠠᠵᠢᠯ᠎ᠤᠨ ᠵᠠᠭᠪᠤᠷ》᠎ᠳᠤ ᠲᠦᠷᠭᠡᠨ ᠰᠢᠯᠵᠢᠨ ᠣᠷᠣᠵᠤ᠂ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ᠎ᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠭᠦᠯᠳᠡᠷ ᠵᠣᠷᠢᠭ᠎ᠪᠠᠷ ᠵᠶ᠋ᠠᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ᠎ᠪᠠᠷ ᠬᠦᠷᠦᠯᠴᠡᠨ ᠢᠷᠡᠭᠰᠡᠨ ᠣᠯᠠᠨ ᠲᠦᠮᠡᠨ᠎ᠢ ᠬᠠᠯᠠᠭᠤᠨ ᠵᠶ᠋ᠠᠷ ᠤᠭᠲᠤᠨ ᠠᠪᠤᠪᠠ᠃

1.jpg


      ᠴᠠᠭ᠋ᠠᠨ ᠰᠠᠷ᠎ᠠ ᠵᠢᠨ ᠠᠮᠠᠷᠠᠯᠲᠠ ᠵᠢᠨ ᠳᠠᠷᠠᠭ᠋ᠠᠬᠢ ᠠᠵᠢᠯ᠎ᠳᠤ ᠭᠠᠷᠤᠭᠰᠠᠨ ᠠᠩᠬᠠᠨ᠎ᠤ ᠡᠳᠦᠷ᠎ᠲᠤ᠂ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ ᠨᠡᠯᠢᠶᠡᠳ ᠠᠷᠪᠢᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ ᠠᠷᠠᠳ ᠲᠦᠮᠡᠨ᠎ᠢ ᠬᠦᠯᠢᠶᠡᠨ ᠠᠪᠴᠤ᠂ ᠵᠢᠯᠣᠭᠣᠴᠢ ᠵᠢᠨ ᠦᠨᠡᠮᠯᠡᠯ ᠵᠶ᠋ᠠᠨ ᠰᠣᠯᠢᠬᠤ᠂ ᠪᠡᠶ᠎ᠡ ᠵᠢᠨ ᠦᠨᠡᠮᠯᠡᠯ ᠵᠶ᠋ᠠᠨ ᠭᠦᠢ᠍ᠴᠡᠳᠬᠡᠬᠦ᠂ ᠲᠦᠷᠢᠮ᠎ᠠᠴᠠ ᠵᠥᠷᠢᠴᠡᠭᠰᠡᠨ ᠠᠰᠠᠭᠤᠳᠠᠯ᠎ᠢ ᠰᠢᠢ᠍ᠳᠪᠦᠷᠢᠯᠡᠬᠦ᠂ ᠫᠠᠰᠫᠣᠷᠲ ᠵᠡᠷᠭᠡ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠬᠦᠢ᠍ᠴᠡᠳᠬᠡᠵᠦ ᠥᠭᠪᠡ᠃ ᠲᠤᠰ ᠡᠳᠦᠷ᠂ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ᠎ᠤᠨ ᠴᠣᠩᠬᠣᠪᠴᠢ ᠵᠢᠨ ᠠᠵᠢᠯᠲᠠᠨ ᠣᠯᠠᠨ ᠲᠦᠮᠡᠨ᠎ᠳᠤ 500 ᠭᠠᠷᠤᠶ ᠲᠤᠬᠠᠶ᠋ᠢᠯᠠᠭᠰᠠᠨ ᠠᠵᠢᠯ ᠭᠦᠢ᠍ᠴᠡᠳᠬᠡᠵᠦ ᠥᠭᠭᠦᠭᠡᠳ ᠣᠯᠠᠨ ᠲᠦᠮᠡᠨ᠎ᠤ ᠲᠠᠭ᠋ᠠᠰᠢᠶᠠᠯ᠎ᠢ ᠣᠯᠤᠭᠰᠠᠨ ᠪᠠᠶ᠋ᠢᠨ᠎ᠠ᠃ 
      ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ᠎ᠤᠨ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠠᠯᠠᠭᠤᠨ ᠰᠡᠳᠬᠢᠯᠭᠡ ᠪᠠ ᠨᠠᠷᠢᠨ ᠨᠢᠮᠪᠠᠶ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠷ ᠵᠶ᠋ᠠᠨ ᠣᠯᠠᠨ ᠲᠦᠮᠡᠨ᠎ᠳᠤ ᠨᠠᠩ ᠣᠯᠠᠨ ᠲᠤᠬᠠᠶ᠋ᠢᠯᠠᠭᠰᠠᠨ ᠠᠵᠢᠯ᠎ᠤᠨ ᠴᠢᠨᠠᠷ ᠰᠠᠢ᠌ᠲᠠᠢ ᠦᠢ᠍ᠯᠡᠴᠢᠯᠡᠭᠡ᠎ᠢ ᠦᠷᠭᠦᠯᠵᠢᠯᠡᠨ ᠬᠠᠩᠭ᠋ᠠᠨ᠎ᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ