1 ᠳ᠋ᠦ᠍ᠭᠡᠷ ᠰᠠᠷ᠎ᠠ ᠵᠢᠨ 16᠎ᠤ ᠡᠳᠦᠷ᠂ ᠰᠢᠯᠢ ᠵᠢᠨ ᠭᠣᠤᠯ ᠠᠶ᠋ᠢᠮᠠᠭ᠎ᠤᠨ ᠡᠷᠢᠶᠡᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠢ ᠠᠬᠤᠢ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠴᠠᠭ᠋ᠠᠨ ᠰᠠᠷ᠎ᠠ᠎ᠠᠴᠠ ᠡᠮᠦᠨᠡᠬᠢ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠶᠡᠬᠡ ᠪᠠᠶ᠋ᠢᠴᠠᠭ᠋ᠠᠯᠲᠠ ᠵᠢ ᠥᠷᠨᠢᠭᠦᠯᠪᠡ᠃ ᠠᠷᠠᠳ᠎ᠤᠨ ᠴᠠᠭᠳᠠᠭ᠎ᠠ ᠬᠠᠷᠢᠶ᠎ᠠ ᠣᠷᠣᠨ᠎ᠤ ᠡᠯ᠎ᠡ ᠲᠥᠷᠥᠯ᠎ᠤᠨ ᠢᠳᠡᠭᠡᠨ ᠪᠠ ᠡᠮ᠎ᠤᠨ ᠵᠦᠢ᠍ᠯ᠎ᠤᠨ ᠡᠵᠡᠩᠨᠡᠯᠲᠡ ᠵᠢᠨ ᠳᠡᠯᠭᠡᠭᠦᠷ᠎ᠲᠤ ᠭᠦᠨᠵᠡᠭᠡᠢ᠌ᠷᠡᠵᠦ᠂ ᠪᠣᠷᠣᠯᠠᠭᠤᠯᠬᠤ ᠪᠠᠷᠠᠭ᠋ᠠᠨ᠎ᠤ ᠢᠷᠡᠯᠳᠡ᠂ ᠪᠠᠷᠠᠭ᠎ᠠ ᠣᠷᠣᠭᠤᠯᠬᠤ ᠠᠷᠭ᠎ᠠ ᠵᠠᠮ᠂ ᠢᠳᠡᠭᠡᠨ ᠡᠮ᠎ᠤᠨ ᠵᠦᠢ᠍ᠯ᠎ᠤᠨ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠴᠢᠨᠠᠷ᠎ᠢ ᠪᠠᠲᠤᠯᠠᠬᠤ ᠬᠤᠭᠤᠴᠠᠭ᠎ᠠ᠂ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠵᠢᠴᠢ ᠠᠵᠢᠯᠯᠠᠵᠤ ᠪᠠᠶ᠋ᠢᠭ᠎ᠠ ᠬᠥᠮᠦᠰ᠎ᠤᠨ ᠡᠷᠡᠭᠦᠯ ᠮᠡᠨᠳᠤ ᠵᠢᠨ ᠦᠨᠡᠮᠯᠡᠯ ᠵᠡᠷᠭᠡ᠎ᠳᠤ ᠭᠣᠣᠯᠳᠠᠯᠭ᠎ᠠ᠎ᠲᠠᠢ᠎ᠪᠠᠷ ᠪᠠᠶ᠋ᠢᠴᠠᠭ᠋ᠠᠯᠲᠠ ᠬᠢᠭᠰᠡᠨ ᠪᠥᠭᠡᠳ ᠢᠳᠡᠭᠡᠨ ᠡᠮ᠎ᠤᠨ ᠵᠦᠢ᠍ᠯ᠎ᠤᠨ ᠠᠮᠤᠷ ᠲᠦᠪᠰᠢᠨ᠎ᠤ ᠲᠤᠬᠠᠶ ᠬᠠᠤᠯᠢ ᠴᠠᠭ᠋ᠠᠵᠠ ᠵᠢᠨ ᠮᠡᠳᠡᠯᠭᠡ ᠵᠢ ᠲᠠᠶ᠋ᠢᠯᠪᠤᠷᠢᠯᠠᠵᠤ᠂ ᠡᠯ᠎ᠡ ᠡᠵᠡᠩᠨᠡᠯᠲᠡ ᠵᠢᠨ ᠥᠮᠴᠢᠲᠡᠨ᠎ᠢ ᠰᠢᠪᠠᠳᠠᠨ ᠬᠠᠷᠢᠭᠤᠴᠠᠯᠭ᠎ᠠ ᠵᠢᠨ ᠤᠬᠠᠮᠰᠠᠷ ᠪᠠ ᠠᠮᠤᠷ ᠲᠦᠪᠰᠢᠨ᠎ᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠢᠳᠡᠭᠡᠨ ᠡᠮ᠎ᠤᠨ ᠵᠦᠢ᠍ᠯ᠎ᠤᠨ ᠠᠮᠤᠷ ᠲᠦᠪᠰᠢᠨ᠎ᠤ ᠡ᠊ᠨᠳᠡᠯ ᠭᠠᠷᠬᠤ ᠵᠢ ᠴᠢᠩᠭ᠎ᠠ ᠰᠡᠷᠭᠡᠶ᠋ᠢᠯᠡᠪᠡ᠃