ᠦᠢᠯᠡᠴᠢᠯᠡᠭᠡ   -   ᠠᠯᠪᠠᠨ ᠦᠢᠯᠡᠴᠢᠯᠡᠭᠡ
ᠠᠤᠬᠠᠨ ᠬᠤᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠷᠠᠳ᠎ᠲᠤ ᠲᠥᠬᠦᠮ ᠦᠵᠡᠭᠦᠯᠦᠨ ᠠᠵᠤ ᠠᠬᠤᠶ᠋ᠢᠯᠠᠯ᠎ᠳᠤ ᠠᠰᠢᠭ ᠬᠦᠷᠳᠡᠭᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠪᠡ
ᠨᠡᠶ᠋ᠢᠲᠡᠯᠡᠭᠰᠡᠨ ᠴᠠᠭ᠄ 2024-05-22

     ᠠᠤᠬᠠᠨ ᠬᠤᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠢᠨ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ᠎ᠠᠴᠠ ᠠᠤᠬᠠᠨ ᠬᠤᠰᠢᠭᠤᠨ᠎ᠤ ᠱᠦᠨ ᠰᠢᠶᠠᠩ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠬᠢᠵᠠᠭ᠋ᠠᠷᠲᠤ ᠺᠣᠮᠫᠠᠨᠢ 50 ᠭᠠᠷᠤᠶ ᠨᠡᠶ᠋ᠢᠲᠡ ᠵᠢᠨ ᠮᠠᠰᠢᠨ ᠲᠡᠷᠭᠡ ᠵᠢ᠎ᠨᠢ ᠦᠯᠡᠳᠡᠭᠡᠨ ᠬᠤᠴᠤᠷᠭ᠋ᠠᠵᠤ ᠳᠠᠩᠰᠠᠯᠠᠬᠤ ᠲᠤᠬᠠᠶ᠋ᠢᠯᠠᠭᠰᠠᠨ ᠠᠵᠢᠯ᠎ᠤᠨ ᠪᠠᠢ᠌ᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠶᠣᠰᠣᠭ᠋ᠠᠷ᠂ 《ᠣᠯᠠᠨ ᠲᠦᠮᠡᠨ᠎ᠢ ᠳᠤᠲᠠᠭᠤ ᠭᠦᠶᠦᠯᠭᠡᠬᠦ》 ᠵᠠᠷᠴᠢᠮ ᠶᠣᠰᠣᠭ᠋ᠠᠷ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ 《ᠰᠠᠭ᠋ᠠᠳ ᠥᠬᠡᠶ ᠨᠡᠪᠲᠡᠷᠡᠬᠦ ᠵᠠᠮ》᠎ᠢ ᠳᠠᠷᠦ᠋ᠢ᠍ᠬᠠᠨ ᠨᠡᠭᠡᠭᠡᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠲᠤᠰᠬᠠᠶ᠋ᠢᠯᠠᠨ ᠴᠤᠭᠯᠠᠭᠤᠯᠵᠤ ᠴᠠᠭ ᠨᠡᠮᠡᠵᠦ ᠠᠵᠢᠯᠯᠠᠭᠤᠯᠤᠨ ᠠᠵᠤ ᠠᠬᠤᠶ᠋ᠢᠯᠠᠯ᠎ᠳᠤ ᠲᠤᠬᠠᠶ᠋ᠢᠯᠠᠭᠰᠠᠨ ᠠᠵᠢᠯ ᠬᠢᠯᠭᠡᠵᠦ᠂ ᠲᠡᠷᠭᠡ ᠬᠥᠰᠬᠡ ᠵᠢ ᠴᠠᠭ ᠲᠤᠬᠠᠶ᠎ᠳᠤ᠎ᠨᠢ ᠵᠠᠮ᠎ᠳᠤ ᠶᠠᠪᠤᠭᠤᠯᠤᠨ ᠡᠵᠡᠩᠨᠡᠬᠦ ᠵᠢ ᠪᠠᠲᠤᠯᠠᠵᠤ᠂ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠪᠠ᠃ ᠥᠨᠳᠥᠷ ᠪᠦᠲᠦᠮᠵᠢᠲᠡᠶ ᠬᠠᠯᠠᠭᠤᠮᠰᠤᠭ ᠠᠵᠤ ᠠᠬᠤᠶ᠋ᠢᠯᠠᠯ᠎ᠤᠨ 《ᠪᠠᠴᠢᠮ ᠪᠡᠷᠬᠡ ᠵᠣᠪᠠᠨᠢᠯ》᠎ᠤᠨ ᠠᠰᠠᠭᠤᠳᠠᠯ᠎ᠢ ᠰᠢᠢ᠍ᠳᠪᠦᠷᠢᠯᠡᠬᠦ᠎ᠳᠤ ᠠᠵᠤ ᠠᠬᠤᠶ᠋ᠢᠯᠠᠯ᠎ᠤᠨ ᠴᠠᠭ᠎ᠢ ᠶᠡᠭᠡ᠎ᠪᠠᠷ ᠠᠷᠪᠢᠯᠠᠵᠤ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃

 1.jpg 


2.jpg

 

    ᠲᠠᠷᠠᠭ᠋ᠠᠴᠢ ᠵᠢᠨ ᠠᠯᠬᠤᠮ᠎ᠳᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠢᠨ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ ᠦᠷᠭᠦᠯᠵᠢᠯᠡᠨ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ᠎ᠤᠨ ᠴᠣᠩᠬᠤᠪᠴᠢ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠪᠠᠷ ᠭᠠᠷᠳᠠᠴᠠ ᠪᠣᠯᠭ᠋ᠠᠵᠤ᠂ ᠣᠯᠠᠨ ᠲᠦᠮᠡᠨ᠎ᠤ ᠢᠲᠡᠭᠡᠯ᠎ᠢ ᠵᠣᠷᠢᠭᠵᠢᠭᠤᠯᠬᠤ ᠵᠢᠨ ᠬᠠᠮᠲᠤ ᠪᠣᠳᠠᠲᠤ ᠠᠵᠢᠯᠯᠠᠭ᠎ᠠ ᠪᠣᠯᠭ᠋ᠠᠵᠤ᠂ ᠲᠤᠬᠠᠶ᠋ᠢᠯᠠᠭᠰᠠᠨ ᠠᠵᠢᠯ ᠵᠶ᠋ᠠᠨ ᠲᠠᠰᠤᠷᠠᠯᠲᠠ ᠥᠬᠡᠶ ᠰᠠᠶ᠋ᠢᠲᠤᠷ ᠬᠢᠵᠦ᠂ ᠣᠯᠠᠨ ᠲᠦᠮᠡᠨ᠎ᠤ ᠰᠡᠳᠬᠢᠯ᠎ᠢ ᠲᠠᠢ᠌ᠪᠤᠰᠢᠷᠠᠭᠤᠯᠬᠤ ᠦᠢ᠍ᠯᠡᠴᠢᠯᠡᠭᠡ ᠵᠢ ᠨᠡᠩ ᠥᠷᠭᠡᠨ ᠵᠶ᠋ᠡᠷ ᠬᠠᠩᠭ᠋ᠠᠵᠤ᠂ ᠠᠷᠠᠳ᠎ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠰᠢᠨᠡᠴᠢᠯᠡᠵᠦ᠂ ᠬᠠᠷᠢᠶ᠎ᠠ ᠣᠷᠣᠨ᠎ᠳᠤ ᠠᠷᠠᠳ᠎ᠲᠤ ᠲᠥᠬᠦᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠬᠤᠳᠠᠯᠳᠤᠭ᠎ᠠ ᠡᠷᠭᠢᠯᠡᠬᠦ ᠠᠭᠤᠷ ᠠᠮᠢᠰᠬᠤᠯ᠎ᠢ ᠢᠳᠡᠪᠬᠢᠲᠡᠶ᠎ᠪᠠᠷ ᠪᠣᠶ ᠪᠣᠯᠭ᠋ᠠᠨ᠎ᠠ᠃

 

ᠢᠷᠡᠯᠲᠡ᠄ ᠤᠯᠠᠭ᠋ᠠᠨᠬᠠᠳᠠ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ