ᠦᠢᠯᠡᠴᠢᠯᠡᠭᠡ   -   ᠠᠯᠪᠠᠨ ᠦᠢᠯᠡᠴᠢᠯᠡᠭᠡ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠥᠬᠥ ᠰᠡᠳᠬᠢᠯ ᠪᠥᠬᠥ ᠵᠣᠷᠢᠭ ᠵᠶ᠋ᠠᠷ ᠵᠶ᠋ᠠᠨ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠯᠲᠠ᠎ᠳᠤ ᠦᠢ᠍ᠯᠡᠴᠢᠯᠡᠪᠡ
ᠨᠡᠶ᠋ᠢᠲᠡᠯᠡᠭᠰᠡᠨ ᠴᠠᠭ᠄ 2024-07-10

      6 ᠰᠠᠷ᠎ᠠ ᠵᠢᠨ 7᠎ᠤ ᠡᠳᠦᠷ᠂ ᠳᠡᠭᠡᠳᠦ  ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠯᠲᠠ ᠡᠬᠢᠯᠡᠵᠦ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠯᠲᠠ ᠵᠢ ᠪᠥᠬᠥ ᠲᠠᠯ᠎ᠠ᠎ᠪᠠᠷ ᠬᠠᠮᠠᠭ᠋ᠠᠯᠠᠬᠤ ᠵᠠᠭᠪᠤᠷ᠎ᠢ ᠡᠬᠢᠯᠡᠭᠦᠯᠪᠡ᠃ ᠪᠥᠬᠥ ᠬᠣᠲᠠ ᠵᠢᠨ ᠰᠢᠯᠭ᠋ᠠᠭᠤᠯᠤᠭᠴᠢᠳ᠎ᠤᠨ ᠰᠢᠯᠭ᠋ᠠᠯᠲᠠ᠎ᠳᠤ ᠤᠷᠤᠭᠰᠢᠲᠠᠶ ᠣᠷᠣᠯᠴᠠᠬᠤ ᠵᠢ ᠪᠠᠲᠤᠯᠠᠬᠤ ᠵᠢᠨ ᠲᠥᠯᠥᠭᠡ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠨᠠᠷᠢᠨ ᠨᠢᠮᠪᠠᠶ ᠲᠥᠯᠥᠪᠯᠡᠨ ᠪᠠᠶ᠋ᠢᠷᠢᠯᠠᠭᠤᠯᠵᠤ᠂ ᠠᠯᠢ ᠣᠯᠠᠨ ᠪᠦᠲᠦᠮᠵᠢᠲᠡᠶ ᠠᠵᠢᠯ᠎ᠤᠨ ᠠᠷᠭ᠎ᠠ ᠬᠡᠮᠵᠢᠶ᠎ᠡ ᠠᠪᠴᠤ᠂ ᠰᠤᠷᠤᠭᠴᠢᠳ᠎ᠤᠨ 《ᠬᠦᠰᠡᠯ ᠵᠡᠭᠦᠳᠦ᠎ᠪᠠᠨ ᠲᠡᠷᠭᠡᠯᠰᠢᠭᠦᠯᠬᠦ ᠵᠠᠮ》᠎ᠳᠤ ᠪᠠᠲᠤ ᠪᠠᠬᠢ ᠪᠠᠲᠤᠯᠠᠭ᠎ᠠ ᠬᠠᠩᠭ᠋ᠠᠪᠠ᠃ 《985》 《211》 ᠴᠠᠭᠳᠠᠭ᠋ᠠᠨ᠎ᠤ ᠨᠣᠮᠧᠷ᠂ ᠲᠡᠷᠭᠡᠨ ᠨᠣᠮᠧᠷ᠎ᠲᠠᠢ ᠴᠠᠭᠳᠠᠭ᠎ᠠ᠂ ᠴᠠᠭᠳᠠᠭ᠋ᠠᠨ᠎ᠤ ᠲᠡᠷᠭᠡ ᠲᠠᠯᠠᠪᠤᠷ᠎ᠲᠤ ᠣᠷᠣᠬᠤ ᠵᠠᠮ ᠵᠶ᠋ᠠᠷ ᠰᠢᠯᠭ᠋ᠠᠭᠤᠯᠤᠭᠴᠢ ᠵᠢ  ᠤᠭᠲᠤᠨ ᠬᠦᠷᠭᠡᠵᠦ᠂ ᠲᠡᠳᠡᠨ᠎ᠤ 《985》 《211》 ᠶᠡᠭᠡ ᠰᠤᠷᠭ᠋ᠠᠭᠤᠯᠢ᠎ᠳᠤ ᠰᠢᠯᠭ᠋ᠠᠨ ᠣᠷᠣᠬᠤ ᠨᠢᠭᠡ ᠬᠤᠪᠢ ᠣᠨᠴᠠᠭ᠋ᠠᠶ ᠢᠷᠥᠭᠡᠯ ᠳᠡᠪᠰᠢᠭᠦᠯᠵᠡᠶ᠃

微信图片_20240607132813.jpg


      ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠲᠠᠯᠠᠪᠤᠷ᠎ᠲᠤ ᠤᠷᠤᠭᠰᠢᠲᠠᠶ ᠬᠦᠷᠬᠦ ᠵᠢ ᠪᠠᠲᠤᠯᠠᠬᠤ ᠵᠢᠨ ᠲᠥᠯᠥᠭᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠢᠨ᠎ᠬᠢᠨ ᠰᠢᠯᠭ᠋ᠠᠭᠤᠯᠤᠭᠴᠢ᠎ᠳᠤ ᠦᠢ᠍ᠯᠡᠴᠢᠯᠡᠬᠦ ᠠᠶᠠᠨᠴᠢᠳ᠎ᠤᠨ ᠲᠡᠭᠡᠭᠡᠪᠦᠷᠢ ᠵᠢᠨ ᠲᠡᠷᠭᠡ ᠪᠣᠯᠤᠨ ᠰᠣᠷᠣᠭᠴᠢ ᠵᠢ ᠲᠤᠰᠴᠤ ᠬᠦᠷᠭᠡᠬᠦ ᠲᠡᠷᠭᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠪᠠ᠃ ᠰᠢᠯᠭ᠋ᠠᠯᠲᠠ᠎ᠠᠴᠠ ᠡᠮᠦᠨ᠎ᠡ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠰᠤᠷᠭ᠋ᠠᠨ ᠬᠥᠮᠦᠵᠢᠯ᠂ ᠲᠡᠭᠡᠭᠡᠪᠦᠷᠢ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠰᠢᠯᠭ᠋ᠠᠭᠤᠯᠤᠭᠴᠢ᠎ᠳᠤ ᠦᠢ᠍ᠯᠡᠴᠢᠯᠡᠬᠦ ᠲᠡᠷᠭᠡ ᠵᠢᠴᠢ ᠵᠢᠯᠣᠭᠣᠴᠢ᠎ᠳᠤ ᠠᠮᠤᠷ ᠲᠦᠪᠰᠢᠨ᠎ᠤ ᠴᠢᠳᠠᠮᠵᠢ᠂ ᠬᠢᠷᠢ ᠬᠡᠮ᠎ᠤᠨ ᠴᠢᠩᠭ᠎ᠠ ᠪᠠᠶ᠋ᠢᠴᠠᠭ᠋ᠠᠯᠲᠠ ᠬᠢᠵᠦ᠂ ᠲᠡᠷᠭᠡᠨ᠎ᠤ ᠠᠶᠠᠯᠠᠯ᠎ᠤᠨ ᠠᠮᠤᠷ ᠲᠦᠪᠰᠢᠨ᠎ᠢ ᠦᠨᠡᠨ ᠬᠦ᠌ ᠪᠠᠳᠤᠯᠠᠪᠠ᠃ ᠰᠢᠯᠭ᠋ᠠᠯᠲᠠ ᠵᠢᠨ ᠬᠤᠭᠤᠴᠠᠭ᠋ᠠᠨ᠎ᠳᠤ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠪᠠᠰᠠ ᠰᠢᠯᠭ᠋ᠠᠯᠲᠠ ᠵᠢᠨ ᠴᠡᠭ᠎ᠤᠨ ᠡᠷᠬᠢᠨ ᠲᠣᠭᠣᠷᠢᠨ᠎ᠤ ᠵᠠᠮ᠎ᠢ ᠬᠠᠮᠢᠶᠠᠷᠤᠨ ᠡᠵᠡᠮᠳᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠡᠷᠭᠡᠨ᠎ᠤ ᠤᠷᠤᠰᠴᠠ ᠵᠢ ᠴᠢᠩᠭ᠎ᠠ ᠬᠢᠵᠠᠭ᠋ᠠᠷᠯᠠᠵᠤ᠂ ᠵᠠᠮ᠎ᠤᠨ ᠨᠡᠪᠲᠡᠷᠡᠯᠭᠡ ᠵᠢᠨ ᠴᠢᠳᠠᠪᠤᠷᠢ ᠵᠢ ᠳᠡᠭᠡᠭᠰᠢᠯᠡᠭᠦᠯᠪᠡ᠃ ᠡᠭᠦᠨ᠎ᠤ ᠵᠡᠷᠭᠡ᠎ᠳᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠪᠠᠰᠠ ᠰᠠᠭ᠋ᠠᠳ ᠦᠭᠡᠶ ᠨᠡᠪᠲᠡᠷᠡᠬᠦ ᠵᠠᠮ ᠭᠠᠷᠭ᠋ᠠᠵᠤ᠂ ᠰᠢᠯᠭ᠋ᠠᠭᠤᠯᠤᠭᠴᠢᠳ᠎ᠢ ᠬᠦᠷᠭᠡᠵᠦ ᠬᠠᠮᠠᠭ᠋ᠠᠯᠠᠬᠤ ᠠᠵᠢᠯᠯᠠᠭ᠎ᠠ ᠵᠢ ᠥᠷᠨᠢᠭᠦᠯᠵᠦ᠂ ᠰᠢᠯᠭ᠋ᠠᠭᠤᠯᠤᠭᠴᠢ᠎ᠳᠤ ᠪᠦᠬᠦ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠪᠠ᠃

微信图片_20240607134640.jpg


      ᠡᠭᠦᠨ᠎ᠠᠴᠠ ᠭᠠᠳᠠᠨ᠎ᠠ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠠᠰᠠ ᠰᠢᠯᠭ᠋ᠠᠭᠤᠯᠤᠭᠴᠢ ᠵᠢᠨ ᠭᠠᠷᠴᠤ ᠮᠡᠳᠡᠬᠦ ᠪᠡᠶ᠎ᠡ ᠵᠢᠨ ᠦᠨᠡᠮᠯᠡᠯ᠎ᠤᠨ ᠬᠤᠭᠤᠴᠠᠭ᠎ᠠ᠎ᠨᠢ ᠳᠠᠭᠤᠰᠬᠤ᠂ ᠡᠪᠳᠡᠷᠡᠵᠦ ᠰᠦᠢ᠍ᠳᠬᠦ᠂ ᠭᠡᠭᠡᠭᠳᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ᠂ ᠳᠣᠲᠣᠭ᠋ᠠᠳᠤ ᠵᠢ ᠬᠠᠮᠠᠭ᠋ᠠᠯᠠᠬᠤ 14 ᠶᠡᠷᠦᠩᠬᠡᠶ᠋ᠢᠯᠡᠭᠰᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ ᠲᠦᠷ ᠴᠠᠭ᠎ᠤᠨ ᠪᠡᠶ᠎ᠡ ᠵᠢᠨ ᠦᠨᠡᠮᠯᠡᠯ᠎ᠤᠨ 《ᠰᠠᠭ᠋ᠠᠳ ᠥᠬᠡᠶ ᠭᠦᠢ᠍ᠴᠡᠳᠬᠡᠬᠦ ᠵᠠᠮ》᠎ᠢ ᠨᠡᠭᠡᠭᠡᠵᠦ᠂ ᠰᠢᠯᠭ᠋ᠠᠭᠤᠯᠤᠭᠴᠢ᠎ᠳᠤ ᠲᠦᠷᠭᠡᠨ ᠪᠥᠭᠡᠳ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠭᠰᠠᠨ ᠪᠠᠶ᠋ᠢᠨ᠎ᠠ᠃ ᠡᠭᠦᠨ᠎ᠤ ᠬᠠᠮᠲᠤ ᠰᠢᠯᠭ᠋ᠠᠯᠲᠠ ᠵᠢᠨ ᠲᠠᠯᠠᠪᠤᠷ᠎ᠤᠨ ᠡᠷᠬᠢᠨ ᠲᠣᠭᠣᠷᠢᠨ᠎ᠳᠤ ᠠᠯᠪᠠᠨ ᠠᠵᠢᠯ ᠲᠣᠬᠢᠷᠠᠭᠤᠯᠵᠤ᠂ ᠰᠢᠯᠭ᠋ᠠᠭᠤᠯᠤᠭᠴᠢ ᠪᠠ ᠬᠡᠷ᠎ᠤᠨ ᠠᠬᠠᠮᠠᠳ᠎ᠤᠨ ᠡᠯ᠎ᠡ ᠵᠦᠢ᠍ᠯ᠎ᠤᠨ ᠲᠤᠰᠠᠯᠠᠮᠵᠢ ᠭᠤᠶᠤᠴᠢᠯᠠᠬᠤ ᠠᠰᠠᠭᠤᠳᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠪᠡ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ