ᠦᠢᠯᠡᠴᠢᠯᠡᠭᠡ   -   ᠠᠯᠪᠠᠨ ᠦᠢᠯᠡᠴᠢᠯᠡᠭᠡ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠣᠯᠤᠨ ᠠᠯᠠᠱ᠌ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠶᠠᠪᠤᠳᠠᠯ᠎ᠤᠨ ᠬᠠᠮᠵᠢᠯᠴᠠᠭ᠋ᠠᠨ᠎ᠤ ᠪᠦᠳᠦᠭᠦᠪᠴᠢ ᠬᠡᠯᠡᠯᠴᠡᠭᠡᠷ᠎ᠲᠤ ᠭᠠᠷ᠎ᠤᠨ ᠥᠰᠥᠭ ᠵᠢᠷᠤᠬᠤ ᠶᠣᠰᠣᠯᠠᠯ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2024-08-21

     7 ᠰᠠᠷ᠎ᠠ ᠵᠢᠨ 19᠎ᠤ ᠦᠳᠡ ᠵᠢᠨ ᠬᠣᠶ᠋ᠢᠨ᠎ᠠ᠂ 《ᠠᠯᠠᠱ᠌ᠠ ᠠᠶ᠋ᠢᠮᠠᠭ · ᠦᠬᠠᠶ ᠬᠣᠲᠠ ᠵᠢᠨ ᠣᠷᠣᠨ ᠪᠦᠰᠡ ᠵᠢᠨ ᠴᠢᠨᠠᠷ ᠰᠠᠶ᠋ᠢᠲᠠᠶ ᠬᠠᠮᠵᠢᠯᠴᠠᠨ ᠬᠥᠭᠵᠢᠬᠦ ᠬᠠᠮᠲᠤᠷᠠᠯᠴᠠᠭ᠋ᠠᠨ᠎ᠤ ᠬᠡᠯᠡᠯᠴᠡᠭᠡᠷ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠣᠶᠠᠷ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠪᠦᠷᠢᠯᠳᠦᠭᠦᠯᠬᠦ᠂ ᠠᠮᠤᠷ ᠠᠮᠤᠭᠤᠯᠠᠩ᠎ᠤᠨ ᠪᠠᠶ᠋ᠢᠭᠤᠯᠤᠯᠲᠠ ᠵᠢᠨ ᠬᠠᠮᠲᠤᠪᠠᠷ ᠪᠠᠶ᠋ᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠢᠨ᠎ᠡ ᠪᠠᠶ᠋ᠢᠷᠢᠰᠢᠯ᠎ᠢ ᠭᠦᠨᠵᠡᠭᠡᠢ᠌ᠷᠡᠭᠦᠯᠬᠦ᠂ ᠬᠠᠮᠲᠤᠷᠠᠯᠴᠠᠭ᠋ᠠᠨ᠎ᠤ ᠲᠣᠭᠲᠠᠴᠠ ᠵᠢ ᠴᠢᠨᠠᠭᠰᠢᠳᠠ ᠨᠠᠶ᠋ᠢᠳᠠᠪᠤᠷᠢᠵᠢᠭᠤᠯᠬᠤ ᠪᠠ ᠬᠠᠮᠲᠤᠷᠠᠯᠴᠠᠭ᠋ᠠᠨ᠎ᠤ ᠠᠭᠤᠯᠭ᠎ᠠ ᠵᠢ ᠪᠠᠶᠠᠯᠢᠭᠵᠢᠭᠤᠯᠬᠤ ᠵᠢᠨ ᠲᠥᠯᠥᠭᠡ᠂ ᠠᠯᠠᠱ᠌ᠠ ᠠᠶ᠋ᠢᠮᠠᠭ᠎ᠤᠨ ᠳᠡᠳ᠋ ᠳᠠᠷᠤᠭ᠎ᠠ᠂ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ  ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠪᠦᠯᠬᠦᠮ ᠳᠠᠭ᠋ᠠᠭᠤᠯᠤᠨ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠬᠦᠷᠴᠦ ᠴᠠᠭᠳᠠᠭ᠋ᠠᠨ᠎ᠤ ᠶᠠᠪᠤᠳᠠᠯ᠎ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠵᠢᠨ ᠬᠠᠮᠲᠤ ᠴᠠᠭᠳᠠᠭ᠋ᠠᠨ᠎ᠤ ᠶᠠᠪᠤᠳᠠᠯ᠎ᠤᠨ ᠬᠠᠮᠵᠢᠯᠴᠠᠭ᠋ᠠᠨ᠎ᠤ ᠪᠦᠳᠦᠭᠦᠪᠴᠢ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠶᠣᠰᠣᠯᠠᠯ ᠶᠠᠪᠤᠭᠳᠠᠭᠤᠯᠪᠠ᠃ ᠦᠬᠠᠢ ᠬᠤᠳᠠ ᠵᠢᠨ ᠳᠡᠳ᠋ ᠳᠠᠷᠤᠭ᠎ᠠ᠂ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠵᠠᠩ ᠸᠧᠢ ᠪᠠᠷ᠎ᠠ ᠪᠤᠯᠵᠤ ᠰᠠᠨᠠᠯ ᠵᠶ᠋ᠠᠨ ᠰᠣᠯᠢᠯᠴᠠᠭᠰᠠᠨ ᠪᠥᠭᠡᠳ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ᠃

微信图片_20240815175542.png


      ᠬᠤᠷᠠᠯ᠎ᠠᠴᠠ᠂ ᠣᠶ᠋ᠢᠷ᠎ᠠ ᠵᠢᠨ ᠵᠢᠯ᠎ᠠᠴᠠ ᠨᠠᠭ᠋ᠠᠰᠢ ᠬᠣᠶᠠᠷ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠲᠠᠯ᠎ᠠ᠎ᠪᠠᠷ ᠭᠦᠨᠵᠡᠭᠡᠶ ᠬᠠᠮᠲᠤᠷᠠᠨ ᠠᠵᠢᠯᠯᠠᠵᠤ᠂ ᠬᠣᠶᠠᠷ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠣᠳᠠᠲᠤ ᠳᠠᠶ᠋ᠢᠨ᠎ᠤ ᠠᠵᠢᠯ᠎ᠳᠤ ᠪᠦᠲᠦᠮᠵᠢᠲᠡᠶ᠎ᠪᠠᠷ ᠦᠢ᠍ᠯᠡᠴᠢᠯᠡᠭᠰᠡᠨ ᠪᠠᠶ᠋ᠢᠨ᠎ᠠ᠃ ᠬᠣᠶᠠᠷ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠲᠤᠰ ᠤᠳᠠᠭ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠎ᠠ ᠰᠣᠯᠢᠯᠴᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠪᠠᠶ᠋ᠢᠩᠭᠤ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠶ᠋ᠢᠷᠡᠭᠦᠯᠵᠦ᠂ ᠬᠠᠮᠲᠤᠷᠠᠯᠴᠠᠭ᠋ᠠᠨ᠎ᠤ ᠬᠦᠷᠢᠶ᠎ᠡ᠎ᠪᠠᠨ ᠳᠠᠰᠤᠷᠠᠯᠳᠠ ᠦᠬᠡᠢ ᠦᠷᠭᠡᠳᠭᠡᠨ᠂ ᠣᠷᠣᠨ ᠪᠦᠰᠡ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠎ᠠ ᠵᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠪᠣᠳᠠᠲᠤ ᠳᠠᠢ᠍ᠢ᠍ᠨ᠎ᠤ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠ ᠲᠤᠯᠭ᠋ᠠᠭᠤᠷᠢᠯᠠᠯ ᠪᠣᠯᠭ᠋ᠠᠨ᠎ᠠ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠠᠲᠤ ᠪᠠᠬᠢ ᠪᠣᠶ ᠪᠣᠯᠭ᠋ᠠᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠨᠢᠭᠲᠠᠷᠠᠭᠤᠯᠬᠤ ᠬᠡᠷᠡᠭᠲᠡᠶ᠃ ᠬᠣᠶᠠᠷ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠢᠯᠠᠩᠭᠤᠶ᠎ᠠ ᠬᠥᠷᠰᠢ ᠵᠡᠷᠭᠡᠯᠡᠳᠡᠭᠡ ᠭᠠᠵᠠᠷ ᠣᠷᠣᠨ᠎ᠤ᠎ᠬᠢᠨ ᠪᠦᠬᠦ ᠲᠠᠯ᠎ᠠ ᠵᠢᠨ ᠦᠵᠡᠯᠲᠡ᠎ᠪᠠᠨ ᠦᠨᠡᠨ ᠬᠦ᠌ ᠴᠢᠩᠭ᠋ᠠᠳᠬᠠᠵᠤ᠂ ᠣᠷᠣᠨ ᠪᠦᠰᠡ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠵᠢᠯᠴᠠᠭ᠎ᠠ ᠵᠢᠨ ᠪᠣᠳᠠᠲᠤ ᠪᠠᠶ᠋ᠢᠯᠳᠤᠭ᠋ᠠᠨ᠎ᠤ ᠪᠣᠳᠠᠲᠤ ᠦᠷ᠎ᠡ ᠪᠦᠲᠦᠮᠵᠢ ᠵᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ ᠬᠠᠮᠢᠶᠠᠲᠠᠢ ᠡᠯ᠎ᠡ ᠰᠠᠯᠠᠭ᠎ᠠ ᠮᠥᠴᠢᠷ ᠡᠯ᠎ᠡ ᠴᠠᠭᠳᠠᠭ᠋ᠠᠨ᠎ᠤ ᠲᠥᠷᠥᠯ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠵᠤ᠂ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠪᠠ ᠰᠢᠨ᠎ᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠬᠠᠮᠵᠢᠯᠴᠠᠬᠤ ᠠᠭᠤᠯᠤᠭᠳᠠᠬᠤᠨ ᠵᠶ᠋ᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠠᠮᠵᠢᠯᠴᠠᠬᠤ ᠬᠦᠷᠢᠶ᠎ᠡ ᠬᠡᠪᠴᠢᠶ᠎ᠡ᠎ᠪᠠᠨ ᠥᠷᠭᠡᠳᠬᠡᠨ᠂ ᠣᠷᠣᠨ ᠪᠦᠰᠡ ᠠᠯᠤᠰᠯᠠᠭᠰᠠᠨ ᠴᠠᠭᠳᠠᠭ᠋ᠠᠨ᠎ᠤ ᠶᠠᠪᠤᠳᠠᠯ᠎ᠤᠨ ᠬᠠᠮᠵᠢᠯᠴᠠᠬᠤ ᠬᠦᠷᠢᠶ᠎ᠡ ᠳᠠᠪᠬᠤᠷᠭ᠎ᠠ ᠵᠢᠨ ᠰᠢᠰᠲ᠋ᠧᠮᠵᠢ᠎ᠳᠤ ᠢᠳᠡᠪᠬᠢᠲᠡᠶ ᠠᠭᠤᠰᠤᠯᠴᠠᠵᠤ᠂ ᠠᠯᠠᠱ᠌ᠠ᠂ ᠦᠬᠠᠶ ᠠᠶ᠋ᠢᠮᠠᠭ ᠬᠣᠲᠠ ᠵᠢᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠮᠵᠢᠯᠴᠠᠬᠤ ᠶᠡᠬᠡ ᠬᠦᠷᠢᠶ᠎ᠡ ᠳᠠᠪᠬᠤᠷᠭ᠎ᠠ᠎ᠪᠠᠷ ᠡᠯ᠎ᠡ ᠬᠤᠪᠢᠶᠠᠷᠢ ᠲᠣᠪᠴᠢᠶ᠎ᠠ᠂ ᠴᠠᠭᠳᠠᠭ᠋ᠠᠨ᠎ᠤ ᠲᠥᠷᠥᠯ᠎ᠤᠨ ᠪᠠᠭ᠎ᠠ ᠬᠦᠷᠢᠶ᠎ᠡ ᠳᠠᠪᠬᠤᠷᠭ᠎ᠠ ᠵᠢ ᠳᠠᠶ᠋ᠢᠴᠢᠯᠠᠨ᠂ ᠡᠯ᠎ᠡ ᠱᠠᠲᠤ ᠳᠠᠪᠬᠤᠷᠭ᠎ᠠ ᠵᠢᠨ  ᠰᠢᠰᠲ᠋ᠧᠮᠵᠢ ᠵᠢᠨ   ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠬᠣᠯᠪᠣᠭ᠋ᠠᠯᠠᠨ ᠦᠢ᠍ᠯᠡᠴᠢᠯᠡᠵᠦ ᠬᠠᠮᠲᠤᠷᠠᠨ ᠬᠥᠳᠡᠯᠦᠯᠴᠡᠬᠦ ᠵᠢ ᠪᠡᠶᠡᠯᠡᠭᠦᠯᠬᠦ ᠬᠡᠷᠡᠭᠲᠡᠢ᠃ 《ᠬᠠᠮᠲᠤ ᠵᠢᠨ ᠴᠣᠭᠴᠠ》 ᠵᠢᠨ ᠬᠠᠷᠠᠯᠲᠠ ᠵᠢ ᠲᠣᠭᠲᠠᠭ᠋ᠠᠵᠤ᠂ ᠠᠮᠤᠷ ᠠᠮᠤᠭᠤᠯᠠᠩ᠎ᠤᠨ ᠥᠨᠳᠥᠷᠯᠢᠭ ᠭᠠᠵᠠᠷ᠎ᠢ ᠪᠠᠶ᠋ᠢᠭᠤᠯᠬᠤ ᠬᠡᠷᠡᠭᠲᠡᠢ᠃ ᠬᠣᠶᠠᠷ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠬᠣᠶᠠᠷ ᠭᠠᠵᠠᠷ᠎ᠤᠨ ᠬᠥᠭᠵᠢᠯᠲᠡ ᠵᠢᠨ 《ᠨᠡᠶ᠋ᠢᠳᠡᠮ᠎ᠤᠨ ᠴᠡᠭ》 ᠪᠣᠯᠤᠨ ᠲᠤᠯᠭ᠋ᠠᠷᠠᠵᠤ ᠪᠠᠶ᠋ᠢᠭ᠎ᠠ

《ᠲᠦᠭᠰᠢᠭᠦᠷᠢ ᠵᠢᠨ ᠴᠡᠭ》᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠵᠢᠯᠴᠠᠬᠤ ᠲᠣᠭᠲᠠᠴᠠ ᠵᠢᠨ ᠪᠠᠶ᠋ᠢᠩᠭᠤᠵᠢᠭᠤᠯᠤᠯᠲᠠ᠎ᠳᠤ ᠲᠦᠰᠢᠭᠯᠡᠨ ᠰᠤᠳᠤᠯᠤᠨ ᠮᠠᠭ᠋ᠠᠳᠯᠠᠵᠤ ᠵᠥᠪᠳᠡᠯᠴᠡᠬᠦ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ᠂ ᠲᠣᠭ᠎ᠠ ᠪᠠᠷᠢᠮᠲᠠ ᠵᠢ ᠬᠡᠷᠡᠭᠯᠡᠬᠦ ᠵᠢ ᠥᠷᠨᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠭᠣᠣᠯᠯᠠᠭᠴᠢ ᠳᠠᠢ᠍ᠢ᠍ᠴᠢᠨ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠴᠠᠭᠳᠠᠭ᠋ᠠᠨ᠎ᠤ ᠲᠥᠷᠥᠯ᠎ᠤᠨ᠎ᠬᠢᠨ 《ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠠᠯᠠᠱ᠌ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》᠎ᠤᠨ ᠠᠭᠤᠯᠭ᠎ᠠ᠎ᠳᠤ ᠬᠠᠷᠢᠴᠠᠭᠤᠯᠤᠨ ᠭᠠᠷ᠎ᠤᠨ ᠥᠰᠥᠭ ᠵᠢᠷᠤᠵᠤ᠂ ᠪᠦᠬᠦᠯᠢ ᠴᠣᠭᠴᠠ ᠵᠢᠨ ᠬᠠᠮᠵᠢᠯᠴᠠᠬᠤ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠮᠵᠢᠯᠴᠠᠬᠤ ᠦᠢ᠍ᠯᠡᠳᠦᠯ ᠴᠢᠳᠠᠪᠤᠷᠢ᠎ᠪᠠᠨ ᠪᠠᠳᠠᠷᠠᠭᠤᠯᠵᠤ᠂ ᠣᠷᠣᠨ ᠪᠦᠰᠡ ᠵᠢᠨ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠪᠥᠬᠥ ᠲᠠᠯ᠎ᠠ ᠵᠢᠨ᠂ ᠵᠣᠬᠢᠴᠠᠩᠭᠤᠶ᠂ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠬᠦ ᠵᠢ ᠬᠠᠮᠲᠤᠪᠠᠷ ᠳᠥᠯᠭᠢᠨ ᠠᠬᠢᠭᠤᠯᠬᠤ ᠬᠡᠷᠡᠭᠲᠡᠶ᠃ 《ᠶᠡᠬᠡᠪᠡᠷ ᠬᠠᠮᠵᠢᠯᠴᠠᠬᠤ》 ᠰᠦᠯᠵᠢᠶ᠎ᠡ ᠵᠢ ᠪᠡᠬᠢᠵᠢᠭᠦᠯᠵᠦ᠂ ᠲᠣᠭᠲᠠᠴᠠ ᠵᠢᠨ ᠪᠠᠲᠤᠯᠠᠭ᠎ᠠ ᠵᠢ ᠰᠢᠯᠢᠳᠡᠭᠵᠢᠭᠦᠯᠬᠦ ᠬᠡᠷᠡᠭᠲᠡᠢ᠃ ᠬᠣᠶᠠᠷ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠯ᠎ᠡ ᠨᠢᠭᠡᠴᠢ ᠡᠯ᠎ᠡ ᠴᠠᠭᠳᠠᠭ᠋ᠠᠨ᠎ᠤ ᠲᠥᠷᠥᠯ᠎ᠤᠨ᠎ᠬᠢᠨ ᠲᠣᠰ ᠤᠳᠠᠭ᠋ᠠᠨ᠎ᠤ ᠭᠠᠷ᠎ᠤᠨ ᠥᠰᠥᠭ ᠵᠢᠷᠤᠭᠰᠠᠨ ᠬᠡᠯᠡᠯᠴᠡᠭᠡᠷ᠎ᠤᠨ ᠠᠭᠤᠯᠭ᠎ᠠ ᠵᠢᠨ ᠲᠣᠭᠣᠷᠢᠨ᠎ᠳᠤ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠣᠷᠣᠨ ᠪᠦᠰᠡ ᠠᠯᠤᠰᠯᠠᠭᠰᠠᠨ ᠴᠠᠭᠳᠠᠭ᠋ᠠᠨ᠎ᠤ ᠶᠠᠪᠤᠳᠠᠯ᠎ᠤᠨ ᠬᠠᠮᠵᠢᠯᠴᠠᠬᠤ ᠠᠵᠢᠯᠯᠠᠭ᠎ᠠ ᠵᠢ ᠵᠢᠯ ᠪᠦᠷᠢ 2 ᠤᠳᠠᠭ᠎ᠠ᠎ᠠᠴᠠ ᠳᠤᠲᠠᠭᠤ ᠥᠬᠡᠶ ᠥᠷᠨᠢᠭᠦᠯᠵᠦ᠂ ᠵᠣᠷᠢᠭᠲᠠᠶ᠎ᠪᠠᠷ ᠰᠢᠨ᠎ᠡ ᠵᠢ ᠡᠭᠦᠳᠦᠨ᠂ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠣᠶ ᠪᠣᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠳᠣᠲᠣᠭ᠋ᠠᠳᠤ ᠵᠢᠨ ᠠᠵᠢᠯᠯᠠᠭ᠋ᠠᠨ᠎ᠤ ᠲᠦᠷᠢᠮ᠎ᠤᠨ ᠵᠢᠷᠤᠮᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠴᠠᠭᠳᠠᠭ᠋ᠠᠨ᠎ᠤ ᠶᠠᠪᠤᠳᠠᠯ᠎ᠤᠨ ᠬᠠᠮᠵᠢᠯᠴᠠᠬᠤ ᠡᠷᠬᠡ ᠪᠠ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠳᠡᠪᠰᠢᠭᠦᠯᠬᠦ᠂ ᠭᠥᠯᠢᠶᠡᠨ ᠠᠪᠬᠤ᠂ ᠭᠦᠢ᠍ᠴᠡᠳᠬᠦ᠂ ᠬᠠᠷᠢᠭᠤ ᠲᠤᠰᠬᠠᠬᠤ ᠵᠡᠷᠭᠡ ᠡᠯ᠎ᠡ ᠵᠦᠢ᠍ᠯ᠎ᠤᠨ ᠭᠣᠤᠯᠳᠠᠯᠭ᠎ᠠ᠎ᠲᠠᠢ ᠭᠣᠭᠴᠣᠭ᠎ᠠ ᠵᠢᠨ ᠠᠵᠢᠯᠯᠠᠭ᠋ᠠᠨ᠎ᠤ ᠵᠢᠷᠤᠮᠵᠢᠯ᠎ᠢ ᠲᠡᠭᠦᠯᠳᠡᠷᠵᠢᠭᠦᠯᠦᠨ ᠨᠠᠷᠢᠯᠢᠬ᠍ᠵᠢᠭᠤᠯᠵᠤ᠂ ᠲᠠᠰ ᠳᠠᠷᠠᠭ᠋ᠠᠯᠠᠯ᠎ᠤᠨ ᠴᠢᠨᠠᠷ᠂ ᠬᠠᠤᠯᠢ ᠶᠣᠰᠣᠴᠢ ᠴᠢᠨᠠᠷ ᠪᠠ ᠡᠷᠬᠡ ᠰᠦᠷᠲᠦ ᠴᠢᠨᠠᠷ᠎ᠢ ᠪᠦᠲᠦᠮᠵᠢᠲᠡᠶ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃

微信图片_20240815175449.jpg


      ᠡᠭᠦᠨ᠎ᠠᠴᠠ ᠭᠠᠳᠠᠨ᠎ᠠ᠂ ᠠᠯᠠᠱ᠌ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ᠎ᠬᠢᠨ ᠪᠠᠰᠠ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ 《ᠴᠢᠮᠡᠭᠡ ᠮᠡᠳᠡᠭᠡ ᠵᠢᠯᠤᠭᠤᠳᠤᠯᠭ᠎ᠠ ᠠᠵᠢᠯᠯᠠᠭ᠎ᠠ》 ᠵᠢ ᠨᠢᠭᠡ ᠴᠤᠭᠴᠠᠵᠢᠭᠰᠠᠨ ᠠᠵᠢᠯᠯᠠᠭ᠋ᠠᠨ᠎ᠤ ᠲᠣᠭᠲᠠᠴᠠ ᠪᠠ ᠲᠤᠷᠰᠢᠨ ᠪᠠᠶ᠋ᠢᠴᠠᠭ᠋ᠠᠬᠤ ᠲᠥᠪ᠎ᠤᠨ ᠦᠢ᠍ᠯᠡᠴᠢᠯᠡᠭᠡ᠎ᠪᠠᠷ ᠨᠢᠭᠡᠳᠦᠭᠡᠷ ᠹᠷᠣᠨᠲ᠎ᠤᠨ ᠪᠣᠳᠠᠲᠤ ᠲᠡᠶ᠋ᠢᠨ᠎ᠤ ᠠᠵᠢᠯ᠎ᠢ ᠲᠤᠯᠭ᠋ᠠᠭᠤᠷᠢᠯᠠᠭᠰᠠᠨ ᠬᠣᠯᠪᠣᠭᠳᠠᠯ ᠪᠥᠬᠥᠶ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠪᠠ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ