ᠦᠢᠯᠡᠴᠢᠯᠡᠭᠡ   -   ᠠᠯᠪᠠᠨ ᠦᠢᠯᠡᠴᠢᠯᠡᠭᠡ
ᠪᠠᠶᠠᠨᠬᠤᠰᠢᠭᠤ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠲᠥᠭᠡᠷᠢᠭᠰᠡᠨ ᠨᠠᠰᠤᠲᠠᠨ᠎ᠢ ᠬᠡᠷ᠎ᠲᠤ᠎ᠨᠢ ᠬᠦᠷᠭᠡᠪᠡ
ᠨᠡᠶ᠋ᠢᠲᠡᠯᠡᠭᠰᠡᠨ ᠴᠠᠭ᠄ 2024-08-09

      ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠤᠯᠠᠭ᠋ᠠᠶ ᠬᠠᠮᠢᠶᠠᠷᠤᠯᠲᠠ ᠵᠢᠨ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶᠠᠨᠬᠤᠰᠢᠭᠤ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠨᠢᠭᠡᠨ ᠲᠥᠭᠡᠷᠢᠭᠰᠡᠨ ᠨᠠᠰᠤᠲᠠᠨ᠎ᠤ ᠬᠡᠷ ᠵᠶ᠋ᠠᠨ ᠡᠷᠢᠵᠦ ᠣᠯᠬᠤ  ᠦᠭᠡᠢ   ᠪᠠᠢ᠌ᠨ᠎ᠠ   ᠭᠡᠰᠡᠨ  ᠬᠡᠷᠡᠭ ᠎ᠤᠨ  ᠮᠡᠳᠡᠭᠦᠯᠦᠯᠲᠡ ᠵᠢ ᠲᠤᠰᠪᠠ᠃ 

      ᠬᠡᠷᠡᠭ᠎ᠤᠨ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠨᠠᠰᠤᠲᠠᠨ᠎ᠢ ᠲᠣᠮᠢᠯᠠᠭᠰᠠᠨ ᠰᠠᠯᠪᠤᠷᠢ᠎ᠳᠤ᠎ᠪᠠᠨ ᠠᠪᠠᠴᠢᠭ᠋ᠠᠳ᠂ ᠨᠠᠰᠤᠲᠠᠨ᠎ᠠᠴᠠ ᠳᠠᠬᠢᠨ ᠳᠠᠪᠲᠠᠨ ᠠᠰᠠᠭᠤᠨ ᠯᠠᠪᠯᠠᠭᠰᠠᠨ ᠴᠦ᠍᠂ ᠨᠠᠰᠤᠲᠠᠨ ᠥᠪᠡᠷ᠎ᠤᠨ ᠪᠡᠶ᠎ᠡ ᠪᠤᠶᠤ ᠬᠡᠷ᠎ᠤᠨ ᠬᠥᠮᠦᠰ᠎ᠤᠨ ᠵᠶ᠋ᠠᠨ ᠬᠠᠮᠢᠶ᠎ᠠ ᠪᠥᠬᠥᠶ ᠮᠡᠳᠡᠭᠡ ᠵᠠᠩᠭᠢ ᠵᠢ ᠣᠨᠣᠪᠴᠢᠲᠠᠶ ᠬᠠᠩᠭ᠋ᠠᠵᠤ ᠳᠡᠶ᠋ᠢᠯᠬᠦ ᠥᠬᠡᠶ ᠪᠥᠭᠡᠳ ᠬᠠᠮᠢᠶ᠎ᠠ ᠪᠥᠬᠥᠶ ᠦᠨᠡᠮᠯᠡᠯ ᠵᠶ᠋ᠠᠨ ᠴᠦ᠍ ᠠᠪᠴᠤ ᠶᠠᠪᠤᠵᠤ ᠥᠬᠡᠶ ᠪᠠᠢ᠌ᠪᠠ᠃ ᠨᠠᠰᠤᠲᠠᠨ᠎ᠤ ᠤᠷᠮ᠎ᠠ ᠰᠡᠳᠬᠢᠯᠭᠡ ᠵᠢ ᠬᠦᠯᠢᠴᠡᠩᠭᠦᠶ᠎ᠪᠠᠷ ᠲᠠᠶ᠋ᠢᠳᠬᠤᠷᠠᠭᠤᠯᠵᠤ᠂ ᠣᠯᠠᠨ ᠲᠠᠯ᠎ᠠ ᠵᠢᠨ ᠴᠢᠷᠮᠠᠶ᠋ᠢᠯᠭ᠎ᠠ᠎ᠪᠠᠷ ᠳᠠᠮᠵᠢᠭᠤᠯᠤᠨ ᠪᠡᠶ᠎ᠡ ᠵᠢᠨ ᠭᠠᠷᠤᠯ᠎ᠢ ᠲᠣᠳᠤᠯᠠᠭ᠋ᠠᠳ᠂ ᠭᠡᠷ ᠪᠦᠯᠢ ᠵᠢᠨ᠎ᠬᠢᠨ᠎ᠲᠠᠢ᠎ᠨᠢ ᠬᠣᠯᠪᠣᠭ᠎ᠠ ᠠᠪᠴᠤ᠂ ᠨᠠᠰᠤᠲᠠᠨ᠎ᠢ ᠠᠮᠤᠷ ᠲᠦᠪᠰᠢᠨ ᠵᠶ᠋ᠡᠷ ᠭᠡᠷ᠎ᠲᠤ᠎ᠨᠢ ᠬᠦᠷᠭᠡᠪᠡ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ