ᠦᠢᠯᠡᠴᠢᠯᠡᠭᠡ   -   ᠠᠯᠪᠠᠨ ᠦᠢᠯᠡᠴᠢᠯᠡᠭᠡ
ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠭᠡᠷ᠎ᠤᠨ ᠠᠬᠠᠮᠠᠳ᠎ᠢ ᠬᠠᠪᠰᠤᠷᠤᠨ ᠲᠥᠭᠡᠷᠢᠭᠰᠡᠨ ᠥᠬᠢᠨ᠎ᠢ ᠡᠷᠢᠵᠦ ᠠᠪᠴᠢᠷᠠᠪᠠ
ᠨᠡᠶ᠋ᠢᠲᠡᠯᠡᠭᠰᠡᠨ ᠴᠠᠭ᠄ 2024-09-11

      2024 ᠣᠨ᠎ᠤ 9 ᠰᠠᠷ᠎ᠠ ᠵᠢᠨ 3᠎ᠤ ᠡᠳᠦᠷ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠲᠢᠶᠠᠨᠱ᠌ᠠᠨ ᠬᠣᠲᠠ ᠵᠢᠨ ᠲᠡᠭᠦᠷᠭᠡ ᠵᠢᠨ ᠲᠣᠮᠢᠯᠠᠭᠰᠠᠨ ᠰᠠᠯᠪᠤᠷᠢ ᠥᠬᠢᠨ᠎ᠨᠢ ᠰᠤᠷᠭ᠋ᠠᠭᠤᠯᠢ᠎ᠠᠴᠠ᠎ᠪᠠᠨ ᠪᠠᠭᠤᠭ᠋ᠠᠳ ᠠᠯᠠᠭ᠎ᠠ ᠪᠣᠯᠪᠠ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ ᠲᠢᠶᠠᠨᠱ᠌ᠠᠨ ᠬᠣᠲᠠ ᠵᠢᠨ ᠲᠡᠭᠦᠷᠭᠡ ᠵᠢᠨ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠲᠡᠷᠡ ᠳᠠᠷᠤᠶ᠎ᠳᠤ᠎ᠨᠢ ᠡᠷᠢᠬᠦ ᠠᠵᠢᠯ᠎ᠢ ᠥᠷᠨᠢᠭᠦᠯᠪᠡ᠃ 

民警帮助找回走失女孩.jpg


      ᠣᠢ᠌ᠯᠭ᠋ᠠᠭᠰᠠᠨ ᠵᠶ᠋ᠠᠷ᠂ 2024 ᠣᠨ᠎ᠤ 9 ᠰᠠᠷ᠎ᠠ ᠵᠢᠨ 3᠎ᠤ ᠡᠳᠦᠷ᠎ᠤᠨ ᠦᠳᠡ ᠵᠢᠨ 12 ᠴᠠᠭ᠎ᠤᠨ ᠦᠶ᠎ᠡ᠎ᠪᠠᠷ ᠰᠤᠷᠭ᠋ᠠᠭᠤᠯᠢ ᠲᠠᠷᠬᠠᠭ᠋ᠠᠳ᠂ ᠬᠡᠤᠬᠡᠳ᠎ᠢ ᠲᠤᠰᠴᠤ ᠬᠦᠷᠭᠡᠬᠦ ᠵᠢᠯᠣᠭᠣᠴᠢ᠎ᠨᠢ ᠲᠣᠰ ᠡᠳᠦᠷ᠎ᠲᠤ ᠤᠴᠢᠷ᠎ᠲᠠᠢ ᠪᠣᠯᠣᠭ᠋ᠠᠳ ᠪᠤᠰᠤᠳ ᠵᠢᠯᠣᠭᠣᠴᠢ᠎ᠪᠠᠷ ᠰᠣᠷᠣᠭᠴᠢ᠎ᠪᠠᠨ ᠲᠣᠰᠤᠭᠤᠯᠤᠭᠰᠠᠨ ᠪᠣᠯᠪᠠᠴᠤ ᠡᠨᠡ ᠬᠦ᠌ ᠥᠬᠢᠨ᠎ᠢ ᠲᠠᠨᠢᠬᠤ ᠥᠬᠡᠶ᠎ᠠᠴᠠ ᠪᠣᠯᠵᠣ ᠲᠣᠰᠴᠤ ᠣᠯᠤᠭᠰᠠᠨ ᠥᠬᠡᠶ᠂ ᠣᠳᠣ ᠪᠣᠯᠲᠠᠯ᠎ᠠ ᠭᠡᠷ᠎ᠲᠤ᠎ᠪᠠᠨ ᠬᠠᠷᠢᠭ᠎ᠠ ᠦᠭᠡᠢ᠃ ᠭᠡᠷ᠎ᠤᠨ ᠬᠥᠮᠦᠰ᠎ᠨᠢ ᠤᠯᠠᠨ ᠭᠠᠵᠠᠷ᠎ᠠᠴᠠ ᠡᠷᠢᠭᠡᠳ ᠡᠷᠢᠵᠦ ᠣᠯᠣᠭᠰᠠᠨ ᠦᠭᠡᠢ ᠪᠣᠯᠬᠣᠷ ᠴᠠᠭᠳᠠᠭ᠎ᠠ᠎ᠳᠤ ᠬᠡᠷᠡᠭ ᠮᠡᠳᠡᠭᠦᠯᠵᠦ ᠲᠤᠰᠠᠯᠠᠮᠵᠢ ᠭᠤᠶᠤᠪᠠ᠃ ᠠᠷᠠᠳ᠎ᠤᠨ ᠴᠠᠭᠳᠠᠭ᠎ᠠ ᠬᠡᠷ᠎ᠤᠨ ᠬᠥᠮᠦᠰ᠎ᠠᠴᠠ ᠲᠤᠰ ᠥᠬᠢᠨ᠎ᠤ ᠪᠡᠶ᠎ᠡ ᠪᠠᠶ᠋ᠢᠳᠠᠯ᠂ ᠡᠮᠦᠰᠬᠡᠯ ᠵᠠᠰᠠᠯ᠂ ᠲᠥᠭᠡᠷᠢᠭᠰᠡᠨ ᠥᠩᠭᠡᠷᠡᠯᠲᠡ ᠵᠢᠴᠢ ᠣᠶ᠋ᠢᠷ᠎ᠠ ᠵᠢᠨ ᠠᠮᠢᠳᠤᠷᠠᠯ᠎ᠤᠨ ᠬᠡᠷᠡᠯ ᠵᠢᠷᠤᠭ ᠵᠡᠷᠭᠡ ᠮᠡᠳᠡᠭᠡ ᠵᠠᠩᠭᠢ ᠵᠢ ᠨᠠᠷᠢᠨ ᠠᠰᠠᠭᠤᠨ ᠯᠠᠪᠯᠠᠵᠤ᠂ ᠡᠲᠡᠭᠡᠷ ᠵᠠᠩᠭᠢᠯᠠᠭ᠎ᠠ ᠵᠢᠨ ᠮᠡᠳᠡᠭᠡ ᠵᠠᠩᠭᠢ ᠵᠢ ᠦᠨᠳᠦᠰᠦᠯᠡᠨ᠂ ᠠᠷᠠᠳ᠎ᠤᠨ ᠴᠠᠭᠳᠠᠭ᠎ᠠ ᠳᠠᠷᠤᠶ ᠲᠦᠷᠭᠡᠨ ᠲᠥᠭᠡᠷᠢᠭᠰᠡᠨ ᠥᠬᠢᠨ᠎ᠤ ᠭᠠᠷ ᠴᠠᠭ᠎ᠤᠨ ᠪᠠᠶ᠋ᠢᠷᠢ ᠲᠣᠭᠲᠠᠭ᠋ᠠᠯᠲᠠ ᠠᠯᠠᠭ᠎ᠠ ᠪᠣᠯᠣᠭᠰᠠᠨ ᠭᠠᠵᠠᠷ᠎ᠲᠤ ᠬᠦᠷᠴᠦ ᠡᠷᠢᠪᠡ᠃ ᠠᠷᠠᠳ᠎ᠤᠨ ᠴᠠᠭᠳᠠᠭ᠎ᠠ ᠣᠢ᠌ᠷ᠎ᠠ ᠬᠤᠪᠢ ᠬᠢᠨᠠᠨ ᠡᠵᠡᠮᠳᠡᠭᠦᠷ᠎ᠢ ᠵᠢᠭᠰᠠᠭ᠋ᠠᠨ ᠪᠠᠢ᠌ᠴᠠᠭ᠋ᠠᠬᠤ᠂ ᠭᠠᠷ ᠤᠲᠠᠰᠤᠨ᠎ᠤ ᠸᠢᠴᠠᠲ᠎ᠤᠨ ᠬᠣᠯᠪᠣᠭ᠋ᠠᠨ᠎ᠳᠤ ᠲᠥᠭᠡᠷᠢᠭᠰᠡᠨ ᠥᠬᠢᠨ᠎ᠤ ᠪᠡᠶ᠎ᠡ ᠪᠠᠶ᠋ᠢᠳᠠᠯ ᠳᠦᠷᠢ ᠲᠥᠷᠬᠦ ᠵᠢᠨ ᠣᠨᠴᠠᠯᠢᠭ᠎ᠤᠨ ᠮᠡᠳᠡᠭᠡ ᠵᠠᠩᠭᠢ ᠵᠢ ᠨᠡᠢ᠌ᠲᠡᠯᠡᠬᠦ᠎ᠪᠠᠷ ᠳᠠᠮᠵᠢᠭᠤᠯᠤᠨ ᠡᠷᠢᠬᠦ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠡᠴᠦᠰ᠎ᠲᠤ᠎ᠪᠠᠨ ᠲᠡᠳᠡᠨ᠎ᠤ ᠬᠡᠷ᠎ᠤᠨ ᠣᠶ᠋ᠢᠷᠠᠯᠴᠠᠭ᠎ᠠ ᠲᠥᠭᠡᠷᠢᠭᠰᠡᠨ ᠥᠬᠢᠨ᠎ᠢ ᠡᠷᠢᠵᠦ ᠣᠯᠤᠭ᠋ᠠᠳ᠂ ᠠᠪᠤ ᠡᠵᠢ᠎ᠳᠤ᠎ᠨᠢ ᠠᠮᠤᠷ ᠲᠦᠪᠰᠢᠨ ᠵᠶ᠋ᠠᠷ ᠲᠤᠰᠢᠶᠠᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ