ᠦᠢᠯᠡᠴᠢᠯᠡᠭᠡ   -   ᠠᠯᠪᠠᠨ ᠦᠢᠯᠡᠴᠢᠯᠡᠭᠡ
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠬᠠᠩᠰᠢ ᠵᠢᠨ ᠠᠮᠠᠷᠠᠯᠲᠠ᠎ᠳᠤ ᠵᠣᠷᠢᠭᠤᠯᠤᠭᠰᠠᠨ 《ᠬᠣᠶᠠᠷ ᠨᠡᠢ᠌ᠲᠡᠯᠡᠯ ᠨᠢᠭᠡ ᠰᠠᠨᠠᠭᠤᠯᠤᠮᠵᠢ》
ᠨᠡᠶ᠋ᠢᠲᠡᠯᠡᠭᠰᠡᠨ ᠴᠠᠭ᠄ 2025-04-02

     ᠬᠠᠩᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠵᠠᠮ ᠬᠠᠷᠢᠯᠴᠠᠭ᠋ᠠᠨ᠎ᠤ ᠠᠶᠤᠯ ᠦᠭᠡᠢ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠡᠷᠭᠡ ᠶᠠᠪᠤᠬᠤ ᠤᠳᠠᠭ᠋ᠠᠨ ᠪᠣᠯᠣᠮᠵᠢᠲᠠᠢ ᠵᠠᠮ᠎ᠤᠨ ᠬᠡᠰᠡᠭ᠂ ᠴᠠᠭ᠎ᠤᠨ ᠬᠡᠰᠡᠭ᠂ ᠡᠨᠳᠡᠯ᠎ᠤᠨ ᠳᠠᠯᠳᠠ ᠭᠡᠮ᠎ᠤᠨ ᠬᠡᠰᠡᠭ᠂ ᠴᠠᠭ ᠠᠭᠤᠷ᠎ᠤᠨ ᠪᠠᠶ᠋ᠢᠳᠠᠯ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠠᠨᠠᠭᠤᠯᠤᠮᠵᠢ ᠵᠡᠷᠭᠡ ᠠᠭᠤᠯᠭ᠎ᠠ ᠵᠢ ᠨᠡᠶ᠋ᠢᠲᠡᠯᠡᠵᠦ᠂ ᠠᠶᠠᠨᠴᠢᠳ᠎ᠲᠤ ᠶᠠᠪᠤᠵᠤ ᠰᠠᠭᠤᠬᠤ ᠴᠠᠭ᠂ ᠵᠠᠮ ᠱᠤᠭᠤᠮ ᠪᠠ ᠠᠷᠭ᠎ᠠ ᠬᠡᠯᠪᠡᠷᠢ ᠵᠢ ᠵᠦᠶ ᠵᠣᠬᠢᠰᠲᠠᠶ ᠰᠣᠩᠭᠣᠵᠤ᠂ ᠮᠠᠭᠤ ᠴᠠᠭ ᠠᠭᠤᠷ᠎ᠢ ᠰᠡᠷᠭᠡᠶ᠋ᠢᠯᠡᠵᠦ᠂ ᠠᠮᠤᠷ ᠲᠦᠪᠰᠢᠨ ᠵᠶ᠋ᠠᠷ ᠵᠢᠯᠣᠭᠣᠳᠬᠤ᠂ ᠪᠣᠯᠪᠠᠰᠤᠨ ᠵᠶ᠋ᠠᠷ ᠬᠠᠤᠯᠢ ᠵᠢ ᠰᠠᠬᠢᠬᠤ᠂ ᠠᠮᠤᠷ ᠲᠦᠪᠰᠢᠨ ᠵᠶ᠋ᠠᠷ ᠬᠡᠷ᠎ᠲᠤ᠎ᠪᠠᠨ ᠬᠠᠷᠢᠬᠤ ᠵᠢ ᠰᠠᠨᠠᠭᠤᠯᠪᠠ᠃
      ᠨᠢᠭᠡ᠂ ᠲᠡᠷᠭᠡ᠎ᠪᠠᠨ ᠰᠠᠢ᠌ᠲᠤᠷ ᠪᠠᠢ᠌ᠴᠠᠭ᠋ᠠᠨ ᠵᠠᠮ ᠱᠤᠭᠤᠮ᠎ᠢ ᠤᠷᠢᠳᠴᠢᠯᠠᠨ ᠲᠥᠯᠥᠪᠯᠡᠬᠦ ᠬᠡᠷᠡᠭᠲᠡᠶ᠄ ᠠᠮᠠᠷᠠᠯᠲᠠ ᠵᠢᠨ ᠬᠤᠭᠤᠴᠠᠭ᠋ᠠᠨ᠎ᠳᠤ ᠥᠪᠡᠰᠦᠪᠡᠨ ᠲᠡᠷᠭᠡ ᠵᠢᠯᠣᠭᠣᠳᠴᠤ ᠭᠠᠳᠠᠭᠰᠢ ᠶᠠᠪᠤᠬᠤ᠎ᠠᠴᠠ ᠡᠮᠦᠨ᠎ᠡ᠂ ᠲᠡᠷᠭᠡᠨ ᠲᠣᠷᠣᠮᠰᠣᠯᠠᠭᠤᠷ᠂ ᠬᠦᠷᠳᠦ᠂ ᠳ᠋ᠧᠩ ᠵᠡᠷᠭᠡ ᠭᠤᠤᠯᠳᠠᠯᠭ᠎ᠠ᠎ᠲᠠᠢ ᠬᠡᠰᠡᠭ᠎ᠤᠨ ᠪᠠᠶ᠋ᠢᠳᠠᠯ᠎ᠢ ᠰᠠᠶ᠋ᠢᠲᠤᠷ ᠪᠠᠶ᠋ᠢᠴᠠᠭ᠋ᠠᠬᠤ ᠬᠡᠷᠡᠭᠲᠡᠶ; ᠴᠠᠭ ᠬᠤᠭᠤᠴᠠᠭ᠎ᠠ ᠪᠣᠯᠤᠨ ᠵᠠᠮ ᠱᠤᠭᠤᠮ ᠵᠶ᠋ᠠᠨ ᠤᠷᠢᠳᠴᠢᠯᠠᠨ ᠲᠥᠯᠥᠪᠵᠢᠭᠦᠯᠵᠦ᠂ ᠴᠠᠭ ᠠᠭᠤᠷ᠎ᠤᠨ ᠪᠠᠶ᠋ᠢᠳᠠᠯ᠎ᠢ ᠴᠠᠭ ᠲᠤᠬᠠᠶ᠎ᠳᠤ᠎ᠨᠢ ᠠᠩᠬᠠᠷᠬᠤ ᠬᠡᠷᠡᠭᠲᠡᠶ᠃
      ᠬᠣᠶᠠᠷ᠂ ᠬᠠᠪᠤᠷ᠎ᠤᠨ ᠤᠯᠠᠷᠢᠯ᠎ᠳᠤ ᠶᠠᠳᠠᠷᠠᠭ᠎ᠠ᠎ᠲᠠᠢ ᠲᠡᠷᠭᠡ ᠵᠢᠯᠣᠭᠣᠳᠬᠤ ᠵᠢ ᠪᠣᠯᠭᠣᠮᠵᠢᠯᠠᠬᠤ ᠬᠡᠷᠡᠭᠲᠡᠶ᠄ ᠲᠡᠷᠭᠡ ᠵᠢᠯᠣᠭᠣᠳᠬᠤ ᠶᠠᠪᠤᠴᠠ᠎ᠳᠤ ᠶᠠᠳᠠᠷᠠᠬᠤ᠂ ᠨᠣᠢ᠌ᠷᠮᠣᠭᠯᠠᠬᠤ ᠵᠡᠷᠭᠡ ᠪᠠᠶ᠋ᠢᠳᠠᠯ ᠭᠠᠷᠪᠠᠯ᠂ ᠴᠠᠭ ᠲᠤᠬᠠᠶ᠎ᠳᠤ᠎ᠨᠢ ᠦᠢ᠍ᠯᠡᠴᠢᠯᠡᠭᠡᠨ᠎ᠤ ᠲᠣᠭᠣᠷᠢᠭ᠎ᠲᠤ ᠬᠦᠷᠬᠦ ᠪᠤᠶᠤ ᠵᠠᠮ᠎ᠠᠴᠠ ᠪᠠᠭᠤᠵᠤ ᠠᠮᠠᠷᠠᠬᠤ ᠭᠠᠵᠠᠷ ᠡᠷᠢᠵᠦ ᠠᠮᠠᠷᠠᠭ᠋ᠠᠷᠠᠶ᠃
      ᠭᠤᠷᠪᠠ᠂ 《ᠶᠢᠰᠦᠨ ᠦᠰᠦᠭᠲᠦ ᠵᠤᠷᠰᠢᠯ》᠎ᠢ ᠪᠠᠲᠤ ᠴᠡᠭᠡᠵᠢᠯᠡᠬᠦ ᠬᠡᠷᠡᠭᠲᠡᠶ᠄ ᠡᠨᠳᠡᠯ ᠭᠠᠷᠬᠤ᠂ ᠲᠡᠷᠭᠡ ᠬᠥᠰᠬᠡ ᠵᠢᠨ ᠭᠡᠮᠲᠦᠯ ᠭᠠᠷᠬᠤ ᠵᠡᠷᠭᠡ ᠪᠠᠴᠢᠮ ᠪᠠᠶ᠋ᠢᠳᠠᠯ ᠭᠠᠷᠪᠠᠯ᠂ 《ᠲᠡᠷᠭᠡ᠎ᠪᠠᠨ ᠬᠥᠪᠡᠭᠡᠳᠡᠭᠦᠯᠵᠦ ᠵᠣᠭᠰᠣᠭ᠋ᠠᠬᠤ  ᠲᠤᠬᠠᠢ ᠵᠢᠨ ᠲᠠᠯᠠᠪᠠᠢ᠎ᠠᠴᠠ ᠵᠠᠢ᠌ᠯᠠᠬᠤ  ᠳᠠᠷᠤᠶ ᠲᠦᠭᠰᠢᠭᠦᠷᠢ ᠮᠡᠳᠡᠭᠦᠯᠬᠦ》 ᠦᠨᠳᠦᠷ ᠬᠤᠷᠳᠤ ᠵᠢᠨ ᠵᠠᠰᠠᠮᠠᠯ ᠵᠠᠮ᠎ᠤᠨ ᠠᠮᠢ ᠪᠠᠲᠤᠯᠠᠬᠤ 《ᠶᠢᠰᠦᠨ ᠦᠰᠦᠭᠲᠦ ᠵᠤᠷᠰᠢᠯ》᠎ᠢ ᠪᠠᠲᠤ ᠴᠡᠭᠡᠵᠢᠯᠡᠬᠦ ᠬᠡᠷᠡᠭᠲᠡᠶ; ᠮᠠᠰᠢᠨ ᠲᠡᠷᠭᠡ᠎ᠪᠠᠨ ᠪᠠᠴᠢᠮ ᠪᠠᠶ᠋ᠢᠳᠠᠯ᠎ᠢ ᠠᠷᠭ᠋ᠠᠴᠠᠬᠤ ᠵᠠᠮ᠎ᠳᠤ ᠵᠣᠭᠰᠣᠭ᠋ᠠᠭᠰᠠᠨ᠎ᠤ ᠳᠠᠷᠠᠭ᠎ᠠ᠂ 《ᠬᠤᠤᠰ ᠭᠢᠯᠪᠠᠭ᠋ᠠᠨ ᠳ᠋ᠧᠩ》᠎ᠢ ᠨᠡᠭᠡᠭᠡᠵᠦ᠂ ᠮᠠᠰᠢᠨ ᠲᠡᠷᠭᠡᠨ᠎ᠤ 150 ᠮᠧᠲᠷ ᠠᠷᠤ᠎ᠳᠤ ᠭᠤᠷᠪᠠᠯᠵᠢᠨ ᠫᠠᠶ᠋ᠢᠰᠠ ᠲᠠᠯᠪᠢᠵᠤ᠂ ᠪᠣᠶ ᠪᠥᠬᠥᠶ ᠬᠥᠮᠦᠰ ᠬᠡᠷᠡᠰᠬᠡ ᠵᠢᠨ ᠭᠠᠳᠠᠨ᠎ᠠ ᠭᠠᠷᠴᠤ᠂ ᠴᠠᠭᠳᠠᠭ᠎ᠠ᠎ᠳᠤ ᠲᠥᠭᠰᠢᠭᠦᠷᠢ ᠮᠡᠳᠡᠭᠦᠯᠵᠦ ᠠᠪᠤᠷᠠᠨ ᠲᠤᠰᠠᠯᠠᠬᠤ ᠵᠢ ᠬᠦᠯᠢᠶᠡᠨ᠎ᠡ᠃
      ᠳᠥᠷᠪᠡ᠂ ᠲᠠᠷᠢᠶᠠᠯᠠᠬᠤ ᠮᠠᠯᠵᠢᠬᠤ ᠣᠷᠣᠨ ᠵᠶ᠋ᠠᠷ ᠲᠡᠷᠭᠡ᠎ᠪᠠᠷ ᠶᠠᠪᠤᠬᠤ᠎ᠳᠤ᠎ᠪᠠᠨ ᠪᠣᠯᠭᠣᠮᠵᠢᠲᠠᠶ ᠪᠠᠶ᠋ᠢᠬᠤ ᠬᠡᠷᠡᠭᠲᠡᠶ᠄ ᠲᠠᠷᠢᠶᠠᠯᠠᠬᠤ ᠮᠠᠯᠵᠢᠬᠤ ᠣᠷᠣᠨ᠎ᠤ ᠵᠠᠮ ᠵᠶ᠋ᠠᠷ ᠶᠠᠪᠤᠬᠤ᠎ᠳᠤ᠎ᠪᠠᠨ᠂ ᠵᠠᠮ᠎ᠤᠨ ᠪᠠᠶ᠋ᠢᠳᠠᠯ᠎ᠤᠨ ᠬᠤᠪᠢᠷᠠᠯᠲᠠ ᠵᠢ ᠴᠠᠭ ᠢᠮᠠᠭᠲᠠ ᠠᠩᠬᠠᠷᠴᠤ᠂ ᠲᠡᠷᠭᠡ ᠣᠨᠣᠭ᠎ᠠ ᠮᠤᠷᠤᠶ᠋ᠢᠬᠤ᠂ ᠨᠠᠯᠠᠤ ᠵᠠᠮ ᠵᠶ᠋ᠠᠷ ᠶᠠᠪᠤᠭᠤᠯᠬᠤ᠎ᠳᠤ᠎ᠪᠠᠨ ᠤᠳᠠᠭ᠋ᠠᠨ ᠶᠠᠪᠤᠬᠤ ᠵᠢᠨ ᠬᠠᠮᠲᠤ ᠪᠦᠷᠢᠶ᠎ᠡ᠎ᠪᠠᠷ ᠳᠠᠭᠤᠨ ᠳᠣᠬᠢᠶ᠎ᠠ ᠥᠭᠴᠦ᠂ ᠡᠨᠳᠡᠯ ᠭᠠᠷᠬᠤ᠎ᠠᠴᠠ ᠵᠠᠶ᠋ᠢᠯᠠᠰᠬᠢᠬᠦ ᠬᠡᠷᠡᠭᠲᠡᠶ᠃
      ᠲᠠᠪᠤ᠂ ᠠᠶᠠᠨᠴᠢᠳ᠎ᠤᠨ ᠲᠡᠷᠭᠡᠨ᠎ᠳᠤ ᠰᠠᠭᠤᠵᠤ ᠭᠠᠳᠠᠭᠰᠢ ᠶᠠᠪᠤᠬᠤ᠎ᠳᠤ᠂ ᠵᠢᠩᠬᠢᠨᠢ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ ᠴᠢᠭ᠎ᠲᠤ ᠣᠴᠢᠭ᠋ᠠᠷᠠᠶ᠄ ᠠᠮᠠᠷᠠᠯᠲᠠ ᠵᠢᠨ ᠬᠤᠭᠤᠴᠠᠭ᠋ᠠᠨ᠎ᠳᠤ ᠲᠡᠷᠭᠡᠨ᠎ᠳᠤ ᠰᠠᠭᠤᠵᠤ ᠭᠠᠳᠠᠭᠰᠢ ᠭᠠᠷᠬᠤ᠎ᠳᠤ᠂ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ ᠴᠢᠭ᠎ᠲᠤ ᠬᠦᠷᠴᠦ ᠬᠠᠤᠯᠢ ᠶᠣᠰᠣᠨ᠎ᠤ ᠲᠡᠭᠡᠭᠡᠪᠦᠷᠢ ᠵᠢᠨ ᠠᠶᠠᠨᠴᠢᠳ᠎ᠤᠨ ᠲᠡᠷᠭᠡᠨ᠎ᠳᠤ ᠰᠠᠭᠤᠬᠤ ᠪᠤᠶᠤ ᠬᠠᠤᠯᠢ ᠶᠣᠰᠣᠨ᠎ᠤ ᠬᠢᠷᠢ ᠬᠡᠮ᠎ᠲᠠᠢ ᠵᠢᠭᠤᠯᠴᠢᠯᠠᠯ᠎ᠤᠨ ᠭᠠᠵᠠᠷ ᠪᠣᠯᠤᠨ ᠵᠢᠭᠤᠯᠴᠢᠯᠠᠯ᠎ᠤᠨ ᠳᠠᠭ᠋ᠠᠭ᠋ᠠᠴᠢᠯᠠᠭᠰᠠᠨ ᠲᠡᠷᠭᠡᠨ᠎ᠳᠤ ᠰᠠᠭᠤᠬᠤ ᠵᠢ ᠰᠣᠩᠭᠣᠵᠤ᠂ ᠲᠡᠷᠭᠡᠨ᠎ᠳᠤ ᠰᠠᠭᠤᠬᠤ᠎ᠳᠤ᠎ᠪᠠᠨ ᠡᠷᠬᠡᠪᠰᠢ ᠠᠶᠤᠯ ᠦᠭᠡᠢ ᠵᠢᠨ ᠪᠦᠰᠡ᠎ᠪᠠᠨ ᠰᠠᠶ᠋ᠢᠲᠤᠷ ᠪᠦᠰᠡᠯᠡᠵᠦ᠂ ᠠᠶᠠᠨᠴᠢᠳ᠎ᠤᠨ ᠲᠣᠭ᠎ᠠ᠎ᠨᠢ ᠰᠠᠭᠤᠳᠠᠯ᠎ᠤᠨ ᠲᠣᠭ᠎ᠠ᠎ᠠᠴᠠ ᠬᠡᠲᠦᠷᠡᠭᠰᠡᠨ ᠠᠶᠠᠨᠴᠢᠳ᠎ᠤᠨ ᠲᠡᠷᠭᠡ᠂ 《ᠬᠠᠷ᠎ᠠ ᠲᠡᠷᠭᠡ》᠎ᠳᠤ ᠰᠠᠭᠤᠬᠤ ᠵᠢ ᠡᠷᠡᠰ ᠰᠠᠭᠤᠬᠤ ᠦᠭᠡᠢ᠃

ᠢᠷᠡᠯᠲᠡ᠄ ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ