ᠣᠯᠠᠨ ᠲᠦᠮᠡᠨ᠎ᠢ ᠬᠠᠪᠰᠣᠷᠣᠨ ᠪᠣᠳᠠᠳᠠᠢ ᠬᠦᠴᠢᠷᠳᠡᠯ᠎ᠢ ᠰᠢᠢ᠍ᠳᠪᠦᠷᠢᠯᠡᠨ᠂ ᠡᠷᠦᠬᠡ ᠠᠮᠠ ᠵᠢᠨ ᠦᠢ᠍ᠯᠡᠴᠢᠯᠡᠬᠡᠨ᠎ᠤ 《ᠡᠴᠦᠰ᠎ᠤᠨ ᠨᠢᠬᠡ ᠺᠢᠯᠣᠮᠧᠲᠷ》᠎ᠢ ᠦᠨᠡᠨ ᠬᠦ᠌ ᠨᠡᠪᠳᠡᠷᠡᠬᠦᠯᠬᠦ ᠵᠢᠨ ᠲᠦᠯᠦᠬᠡ᠂ ᠰᠢᠯᠢ᠎ᠶᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠳᠣᠳᠣᠭ᠋ᠠᠳᠣ ᠵᠢ ᠬᠠᠮᠠᠭ᠋ᠠᠯᠠᠬᠤ ᠳᠣᠪᠴᠢᠶ᠎ᠠ ᠵᠢᠨ ᠬᠤᠭᠤᠯᠠᠲᠤ ᠵᠢᠨ ᠭᠤᠣᠯ ᠳᠣᠮᠢᠯᠠᠭᠰᠠᠨ ᠰᠠᠯᠪᠣᠷᠢ᠎ᠨᠢ ᠦᠢ᠍ᠯᠡᠴᠢᠯᠡᠬᠡᠨ᠎ᠤ ᠬᠡᠯᠪᠡᠷᠢ᠎ᠪᠠᠨ ᠲᠠᠰᠣᠷᠠᠯᠳᠠ ᠦᠬᠡᠢ ᠰᠢᠨᠡᠴᠢᠯᠡᠵᠣ᠂ ᠠᠷᠠᠳ ᠤᠨ ᠴᠠᠭᠳᠠᠭ᠎ᠠ 《ᠳᠦᠷᠬᠡᠨ ᠬᠦᠷᠬᠡᠭᠴᠢ》 ᠪᠣᠯᠣᠨ 《ᠬᠡᠷ᠎ᠲᠤ ᠨᠢ ᠬᠦᠷᠬᠡᠬᠦ》 ᠦᠢ᠍ᠯᠡᠴᠢᠯᠡᠭᠡ ᠬᠠᠩᠭ᠋ᠠᠪᠠ᠃

ᠣᠶ᠋ᠢᠷ᠎ᠠ᠎ᠳᠤ᠂ ᠬᠤᠭᠤᠯᠠᠳᠤ ᠵᠢᠨ ᠭᠤᠤᠯ ᠲᠣᠮᠢᠯᠠᠭᠰᠠᠨ ᠰᠠᠯᠪᠤᠷᠢ ᠵᠠᠯᠭ᠋ᠠᠭ᠎ᠠ᠎ᠪᠠᠷ ᠬᠠᠷᠢᠶᠠᠲᠤ ᠣᠷᠣᠨ᠎ᠤ ᠨᠠᠰᠤᠲᠠᠨ᠎ᠤ ᠲᠤᠰᠠᠯᠠᠮᠵᠢ ᠭᠤᠶᠤᠴᠢᠯᠠᠬᠤ ᠵᠢ ᠲᠤᠰᠴᠤ᠂ ᠡᠷᠦᠬᠡ ᠠᠮᠠ ᠵᠢᠨ ᠳᠡᠪᠲᠡᠷ ᠵᠶ᠋ᠠᠨ ᠰᠠᠨᠠᠭ᠋ᠠᠨ᠎ᠳᠤ ᠥᠬᠡᠶ ᠭᠡᠭᠡᠵᠦ᠂ ᠬᠥᠳᠡᠯᠵᠦ ᠪᠠᠷᠢᠬᠤ᠎ᠳᠤ ᠳᠥᠭᠦᠮ ᠦᠭᠡᠢ᠎ᠠᠴᠠ ᠪᠣᠯᠵᠣ᠂ ᠴᠠᠭ ᠲᠤᠬᠠᠶ᠎ᠳᠦ ᠨᠢ ᠨᠥᠬᠦᠵᠦ ᠬᠦᠢ᠍ᠴᠡᠳᠬᠡᠭᠰᠡᠨ ᠥᠬᠡᠶ᠎ᠡᠴᠡ ᠪᠣᠯᠵᠤ᠂ ᠡᠳᠦᠷ ᠲᠤᠲᠤᠮ᠎ᠤᠨ ᠠᠮᠢᠳᠤᠷᠠᠯ᠎ᠢ ᠨᠥᠯᠥᠭᠡᠯᠡᠵᠦ᠂ ᠲᠣᠮᠢᠯᠠᠭᠰᠠᠨ ᠰᠠᠯᠪᠤᠷᠢ᠎ᠠᠴᠠ ᠬᠠᠪᠰᠤᠷᠤᠯᠭ᠎ᠠ ᠦᠵᠡᠭᠦᠯᠬᠦ ᠵᠢ ᠬᠦᠰᠡᠵᠦ ᠪᠠᠶ᠋ᠢᠨ᠎ᠠ ᠭᠡᠪᠡ᠃ ᠡᠨᠡ ᠬᠦ᠌ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ᠂ ᠬᠤᠭᠤᠯᠠᠳᠤ ᠵᠢᠨ ᠭᠤᠤᠯ ᠲᠣᠮᠢᠯᠠᠭᠰᠠᠨ ᠰᠠᠯᠪᠤᠷᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ᠎ᠳᠦ ᠨᠢ ᠡᠷᠦᠬᠡ ᠠᠮᠠ ᠵᠢᠨ ᠴᠠᠭᠳᠠᠭ᠎ᠠ ᠲᠣᠬᠢᠷᠠᠭᠤᠯᠤᠨ ᠨᠠᠰᠦᠳᠠᠨ ᠮᠡᠳᠡᠭᠡ ᠵᠠᠩᠭᠢ ᠵᠢ ᠬᠠᠷᠭᠤᠭᠤᠯᠵᠤ᠂ ᠨᠠᠰᠦᠳᠠᠨ᠎ᠲᠤ ᠡᠷᠦᠬᠡ ᠠᠮᠠ ᠵᠢᠨ ᠳᠡᠪᠲᠡᠷ᠎ᠢ ᠨᠥᠬᠦᠨ ᠬᠢᠵᠦ ᠥᠭᠬᠦ ᠵᠢᠨ ᠬᠠᠮᠲᠤ 《ᠲᠦᠷᠭᠡᠨ ᠬᠦᠷᠭᠡᠭᠴᠢ》 ᠪᠣᠯᠵᠤ ᠦᠨᠡᠮᠯᠡᠯ
《 ᠭᠡᠷ᠎ᠲᠤ ᠨᠢ ᠬᠦᠷᠭᠡᠬᠦ》 ᠦᠢ᠍ᠯᠡᠴᠢᠯᠡᠭᠡ ᠬᠠᠩᠭ᠋ᠠᠪᠠ᠃

ᠦᠨᠡᠮᠯᠡᠯ ᠬᠡᠷ᠎ᠲᠤ ᠨᠢ ᠬᠦᠷᠭᠡᠬᠦ᠎ᠪᠠᠷ ᠳᠠᠮᠵᠢᠭᠤᠯᠤᠨ᠂ ᠴᠠᠭᠳᠠᠭ᠎ᠠ ᠠᠷᠠᠳ᠎ᠤᠨ ᠬᠠᠷᠢᠴᠠᠭ᠎ᠠ ᠵᠢ ᠤᠯᠠᠮ ᠨᠢᠭᠡ ᠠᠯᠬᠤᠮ ᠣᠶ᠋ᠢᠷᠠᠲᠤᠭᠤᠯᠵᠤ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠲᠠᠢ᠌ᠪᠤᠩᠲᠤ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠵᠦ᠂ ᠬᠠᠷᠢᠶᠠᠲᠤ ᠣᠷᠣᠨ᠎ᠤ ᠣᠯᠠᠨ ᠲᠦᠮᠡᠨ᠎ᠳᠤ ᠲᠥᠬᠦᠮ ᠦᠵᠡᠭᠦᠯᠬᠦ ᠦᠢ᠍ᠯᠡᠴᠢᠯᠡᠭᠡ ᠬᠠᠩᠭ᠋ᠠᠬᠤ ᠪᠠ ᠬᠤᠶ᠋ᠢᠰᠢᠳᠠ ᠡᠯ᠎ᠡ ᠵᠦᠢ᠍ᠯ᠎ᠤᠨ ᠣᠯᠠᠨ ᠲᠦᠮᠡᠨ᠎ᠤ ᠠᠵᠢᠯ᠎ᠢ ᠰᠠᠶ᠋ᠢᠲᠤᠷ ᠬᠢᠬᠦ᠎ᠳᠤ ᠰᠠᠭᠤᠷᠢ ᠲᠠᠯᠪᠢᠵᠤ ᠥᠭᠴᠡᠶ᠃ ᠲᠠᠷᠠᠭ᠋ᠠᠴᠢ ᠵᠢᠨ ᠠᠯᠬᠤᠮ᠎ᠳᠤ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠠᠷᠠᠳ ᠲᠦᠮᠡᠨ ᠵᠶ᠋ᠠᠷ ᠭᠤᠤᠯ ᠪᠣᠯᠭ᠋ᠠᠬᠤ》 ᠦᠢ᠍ᠯᠡᠴᠢᠯᠡᠭᠡᠨ᠎ᠤ ᠣᠶ᠋ᠢᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠠᠷᠠᠳ᠎ᠲᠤ ᠲᠥᠬᠦᠮ ᠦᠵᠡᠭᠦᠯᠬᠦ᠂ ᠠᠷᠠᠳ᠎ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠳᠤ ᠨᠠᠩ ᠣᠯᠠᠨ ᠴᠢᠨᠠᠷ ᠰᠠᠶ᠋ᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠦᠢ᠍ᠯᠡᠴᠢᠯᠡᠭᠡ ᠬᠠᠩᠭ᠋ᠠᠨ᠎ᠠ᠃