8 ᠳ᠋ᠤᠭ᠋ᠠᠷ ᠰᠠᠷ᠎ᠠ ᠵᠢᠨ ᠳᠤᠮᠳᠠᠴᠢ᠎ᠪᠠᠷ᠂ ᠲᠦᠩᠯᠢᠶᠣᠤ ᠬᠣᠲᠠ ᠵᠢᠨ ᠨᠠᠢ᠍ᠮᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ 《ᠬᠥᠮᠥᠨ ᠲᠠᠲᠠᠬᠤ》 ᠨᠢᠭᠡᠨ ᠬᠡᠷᠡᠭ᠎ᠢ ᠠᠮᠵᠢᠯᠲᠠ᠎ᠲᠠᠶ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ᠎ᠢ ᠨᠡᠶ᠋ᠢᠲᠡ 7 ᠪᠠᠷᠢᠪᠴᠢᠯᠠᠪᠠ᠃
ᠡᠨᠡ ᠵᠢᠯ᠎ᠤᠨ 4 ᠳ᠋ᠦ᠍ᠭᠡᠷ ᠰᠠᠷ᠎ᠠ᠎ᠳᠤ᠂ ᠨᠠᠢ᠍ᠮᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠬᠠᠷᠢᠶ᠎ᠠ ᠣᠷᠣᠨ᠎ᠤ ᠰᠠᠭᠤᠭ᠋ᠠᠯᠢ ᠠᠷᠠᠳ᠎ᠤᠨ ᠢᠯᠡᠴᠢᠯᠡᠨ ᠮᠡᠳᠡᠭᠦᠯᠦᠭᠰᠡᠨ ᠵᠶ᠋ᠠᠷ᠂ ᠭᠠᠳᠠᠨ᠎ᠠ᠎ᠠᠴᠠ ᠢᠷᠡᠭᠰᠡᠨ ᠬᠡᠳᠦᠨ ᠬᠥᠮᠦᠨ ᡁᠢ ᠠᠨ ᠪᠠᠯᠭ᠋ᠠᠰᠤᠨ᠎ᠤ ᠬᠠᠷᠢᠶ᠎ᠠ ᠣᠷᠣᠨ᠎ᠳᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠵᠦ ᠪᠠᠶ᠋ᠢᠨ᠎ᠠ ᠭᠡᠪᠡ᠃
ᠣᠶ᠋ᠢᠯᠠᠭ᠋ᠠᠭᠰᠠᠨ ᠵᠶ᠋ᠠᠷ᠂ ᠲᠣᠰ ᠪᠦᠯᠦᠭ ᠬᠥᠮᠦᠰ ᠰᠦᠢ᠍ᠳᠬᠡᠯ ᠬᠤᠷᠢᠶᠠᠬᠤ ᠥᠬᠡᠶ᠎ᠪᠠᠷ ᠴᠠᠭ᠋ᠠᠰᠤ᠂ ᠪᠥᠰ ᠬᠡᠤᠬᠡᠯᠳᠡᠶ᠂ ᠬᠠᠢ᠌ᠷᠴᠠᠭ᠂ ᠵᠢᠵᠢᠭ ᠰᠠᠨᠳᠠᠯᠢ ᠵᠡᠷᠭᠡ ᠵᠢᠵᠢᠭ ᠪᠡᠯᠡᠭ ᠬᠦᠷᠭᠡᠬᠦ᠎ᠪᠠᠷ ᠤᠷᠠᠬᠠᠯᠠᠵᠤ᠂ ᠥᠪᠡᠷ᠎ᠤᠨ ᠭᠠᠷ ᠤᠲᠠᠰᠤ᠎ᠪᠠᠷ ᠬᠠᠷᠢᠶᠠᠲᠤ ᠣᠷᠣᠨ᠎ᠤ ᠰᠠᠭᠤᠭ᠋ᠠᠯᠢ ᠠᠷᠠᠳ᠎ᠤᠨ ᠸᠢᠴᠠᠲ᠎ᠤᠨ ᠲᠠᠩᠰᠠᠨ ᠨᠣᠮᠧᠷᠲᠤ ᠭᠠᠷᠴᠤ᠂ ᠰᠠᠭᠤᠭ᠋ᠠᠯᠢ ᠠᠷᠠᠳ᠎ᠤᠨ ᠸᠢᠴᠠᠲ᠎ᠤᠨ ᠴᠤᠭᠯᠠᠭ᠋ᠠᠨ᠎ᠳᠤ ᠬᠤᠳᠠᠯ ᠬᠠᠭᠤᠷᠮᠠᠭ ᠠᠵᠢᠯᠲᠠᠨ ᠡᠯᠰᠡᠬᠦ ᠵᠠᠷ ᠨᠡᠶ᠋ᠢᠲᠡᠯᠡᠬᠦ ᠪᠤᠶᠤ ᠸᠢᠴᠠᠲ᠎ᠤᠨ ᠰᠠᠶ᠋ᠢᠨ ᠨᠠᠶ᠋ᠢᠵᠠ᠎ᠪᠠᠨ ᠰᠢᠨ᠎ᠡ ᠴᠤᠭᠯᠠᠭ᠋ᠠᠨ᠎ᠳᠤ ᠲᠠᠲᠠᠵᠤ ᠣᠷᠣᠭᠤᠯᠬᠤ ᠵᠢᠨ ᠬᠠᠮᠲᠤ ᠴᠤᠭᠯᠠᠭ᠋ᠠᠨ᠎ᠳᠤ ᠬᠤᠳᠠᠯ ᠬᠠᠭᠤᠷᠮᠠᠭ ᠠᠵᠢᠯᠲᠠᠨ ᠡᠯᠰᠡᠬᠦ ᠵᠠᠷ ᠨᠡᠶ᠋ᠢᠲᠡᠯᠡᠬᠦ᠎ᠪᠠᠷ ᠱᠠᠭ᠋ᠠᠷᠳᠠᠨ᠎ᠠ᠃
ᠢᠯᠡᠴᠢᠯᠡᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠲᠡᠷᠡ ᠳᠠᠷᠤᠶᠳᠤᠨᠢ ᠪᠠᠶ᠋ᠢᠴᠠᠭ᠋ᠠᠬᠤ ᠠᠵᠢᠯ ᠥᠷᠨᠢᠭᠦᠯᠪᠡ᠃ ᠪᠠᠶ᠋ᠢᠴᠠᠭ᠋ᠠᠭᠰᠠᠨ ᠵᠶ᠋ᠠᠷ᠂ ᠲᠣᠰ ᠪᠦᠯᠦᠭ ᠬᠥᠮᠦᠰ ᠲᠦᠩᠯᠢᠶᠣᠤ ᠬᠣᠲᠠ ᠵᠢᠨ ᠺᠠᠶ᠋ᠢᠯᠦ ᠰᠢᠶᠠᠨ᠂ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤ᠂ ᠯᠢᠶᠣᠤᠨᠢᠩ ᠮᠤᠵᠢ ᠵᠢᠨ ᠱᠧᠨᠶᠠᠩ ᠬᠣᠲᠠ᠂ ᠰᠢᠨ ᠮᠢᠨ ᠬᠣᠲᠠ ᠵᠡᠷᠭᠡ ᠭᠠᠵᠠᠷ᠎ᠲᠤ ᠬᠥᠮᠥᠨ ᠲᠠᠲᠠᠬᠤ ᠠᠵᠢᠯᠯᠠᠭ᠎ᠠ ᠵᠢ 50 ᠭᠠᠷᠤᠶ ᠤᠳᠠᠭ᠎ᠠ ᠥᠷᠨᠢᠭᠦᠯᠵᠦ᠂ ᠨᠢᠭᠡᠨᠲᠡ 20 ᠭᠠᠷᠤᠶ ᠬᠥᠮᠥᠨ ᠮᠡᠬᠡᠯᠡᠭᠳᠡᠪᠡ᠃
ᠠᠷᠠᠳ᠎ᠤᠨ ᠴᠠᠭᠳᠠᠭ᠎ᠠ ᠵᠢᠨ ᠭᠦᠨᠵᠡᠭᠡᠶ ᠪᠠᠶ᠋ᠢᠴᠠᠭ᠋ᠠᠯᠲᠠ᠎ᠪᠠᠷ ᠳᠠᠮᠵᠢᠭ᠋ᠠᠳ᠂ ᠲᠤᠰ ᠡᠪᠰᠡᠯ ᠪᠦᠯᠦᠭ᠎ᠤᠨ ᠭᠣᠣᠯ ᠪᠦᠷᠢᠯᠳᠦᠬᠦᠨ ᠪᠣᠯᠬᠤ ᠯᠢᠶᠠᠩ ᠣᠪᠣᠭᠲᠤ ᠾᠧᠨᠠᠨ ᠮᠤᠵᠢ ᠵᠢᠨ ᠰᠢᠨ ᠵᠧᠩ ᠬᠣᠲᠠ᠎ᠳᠤ ᠪᠠᠶ᠋ᠢᠭ᠎ᠠ ᠪᠣᠯᠬᠣᠷ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠶ᠋ᠢᠭᠤᠯᠵᠤ ᠶᠠᠯ᠎ᠠ ᠬᠢᠭᠰᠡᠨ ᠰᠡᠵᠢᠭᠳᠡᠨ᠎ᠤ ᠪᠠᠶ᠋ᠢᠭ᠎ᠠ ᠭᠠᠵᠠᠷ᠎ᠲᠤ ᠬᠦᠷᠴᠦ ᠪᠠᠷᠢᠪᠴᠢᠯᠠᠵᠠᠶ᠃ ᠨᠠᠢᠮᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠰᠠᠯᠪᠤᠷᠢ ᠠᠩᠭᠢ ᠵᠢᠨ ᠮᠡᠷᠭᠡᠵᠢᠯ᠎ᠤᠨ ᠳᠡᠮᠵᠢᠯᠭᠡ ᠪᠠ ᠰᠢᠨ ᠵᠧᠩ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠦᠴᠦᠲᠡᠶ ᠬᠠᠮᠵᠢᠯᠴᠠᠭ᠎ᠠ ᠳᠤᠤᠷ᠎ᠠ᠂ ᠠᠷᠠᠳ᠎ᠤᠨ ᠴᠠᠭᠳᠠᠭ᠎ᠠ ᠣᠶ᠋ᠢᠷ᠎ᠠ᠎ᠳᠤ ᠶᠠᠯ᠎ᠠ ᠬᠢᠭᠰᠡᠨ ᠰᠡᠵᠢᠭᠳᠡᠨ ᠯᠢᠶᠠᠩ ᠣᠪᠣᠭᠲᠤ ᠵᠡᠷᠭᠡ 7 ᠰᠡᠵᠢᠭᠳᠡᠨ᠎ᠢ ᠪᠠᠷᠢᠪᠴᠢᠯᠠᠵᠤ᠂ ᠰᠢᠭᠦᠨ ᠠᠰᠠᠭᠤᠬᠤ᠎ᠪᠠᠷ ᠳᠡᠮᠵᠢᠨ᠂ 7 ᠶᠠᠯ᠎ᠠ ᠬᠢᠭᠰᠡᠨ ᠰᠡᠵᠢᠭᠳᠡᠨ ᠥᠪᠥᠷ ᠮᠣᠩᠭᠣᠯ᠂ ᠯᠢᠶᠣᠤᠨᠢᠩ ᠵᠡᠷᠭᠡ ᠭᠠᠵᠠᠷ᠎ᠲᠤ ᠬᠤᠳᠠᠯ ᠬᠠᠭᠤᠷᠮᠠᠭ 《ᠬᠥᠮᠥᠨ ᠲᠠᠲᠠᠬᠤ》 ᠵᠠᠷ ᠨᠡᠶ᠋ᠢᠲᠡᠯᠡᠭᠰᠡᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠪᠠᠨ ᠥᠴᠢᠭᠯᠡᠨ ᠮᠡᠳᠡᠷᠡᠪᠡ᠃ ᠣᠳᠣᠬᠠᠨ᠎ᠳᠤ ᠬᠡᠷᠡᠭ᠎ᠢ ᠤᠯᠠᠮ ᠨᠢᠭᠡ ᠠᠯᠬᠤᠮ ᠳᠡᠩᠨᠡᠨ ᠪᠠᠶ᠋ᠢᠴᠠᠭ᠋ᠠᠵᠤ ᠪᠠᠶ᠋ᠢᠨ᠎ᠠ᠃
ᠮᠡᠬᠡᠯᠡᠯ᠎ᠢ ᠰᠡᠷᠭᠡᠢ᠍ᠯᠡᠬᠦ ᠶᠡᠷᠦ ᠵᠢᠨ ᠮᠡᠳᠡᠯᠭᠡ᠄
ᠶᠠᠭᠤ ᠵᠢ 《ᠱᠦᠭᠦᠷᠳᠡᠬᠦ ᠮᠠᠶᠢᠭ ᠵᠶ᠋ᠠᠷ ᠬᠥᠮᠥᠨ ᠲᠠᠲᠠᠬᠤ》 ᠭᠡᠬᠦ ᠪᠤᠢ?
ᠮᠡᠬᠡᠯᠡᠭᠴᠢ ᠦᠨ᠎ᠡ ᠲᠥᠯᠥᠪᠦᠷᠢ ᠦᠭᠡᠢ᠎ᠪᠠᠷ ᠵᠢᠵᠢᠭ ᠪᠡᠯᠡᠭ ᠬᠦᠷᠭᠡᠬᠦ ᠰᠢᠯᠲᠠᠭ ᠵᠶ᠋ᠠᠷ ᠣᠯᠠᠨ ᠲᠦᠮᠡᠨ᠎ᠤ ᠠᠩᠬᠠᠷᠤᠯ᠎ᠢ ᠲᠠᠲᠠᠵᠤ ᠬᠣᠶᠠᠷ ᠬᠡᠮᠵᠢᠯᠳᠦ ᠺᠣᠳ᠋᠎ᠢ ᠰᠢᠷᠪᠢᠭᠦᠯᠦᠨ ᠴᠤᠭᠯᠠᠭ᠋ᠠᠨ᠎ᠳᠤ᠎ᠪᠠᠨ ᠲᠠᠲᠠᠵᠤ ᠣᠷᠣᠭᠤᠯᠤᠨ᠎ᠠ᠃ ᠣᠯᠠᠨ ᠲᠦᠮᠡᠨ ᠪᠡᠯᠡᠭ᠎ᠤᠨ ᠡᠳ᠋᠎ᠢ ᠣᠯᠵᠤ ᠠᠪᠬᠤ ᠵᠢᠨ ᠲᠥᠯᠥᠭᠡ ᠬᠣᠶᠠᠷ ᠬᠡᠮᠵᠢᠯᠳᠦ ᠺᠣᠳ᠋᠎ᠢ ᠰᠢᠷᠪᠢᠨ ᠴᠤᠭᠯᠠᠭ᠋ᠠᠨ᠎ᠳᠤ ᠣᠷᠣᠵᠤ᠂ ᠣᠷᠣᠭᠰᠠᠨ᠎ᠤ ᠳᠠᠷᠠᠭ᠎ᠠ 《ᠬᠠᠤᠯᠢ ᠪᠤᠰᠤ ᠡᠲᠡᠭᠡᠳ》 ᠴᠤᠭᠯᠠᠭ᠋ᠠᠨ᠎ᠳᠤ 《ᠺᠣᠳ᠋ ᠰᠢᠷᠪᠢᠵᠦ ᠴᠤᠭᠯᠠᠭ᠋ᠠᠨ᠎ᠳᠤ ᠣᠷᠣᠪᠠᠯ ᠤᠯᠠᠭ᠋ᠠᠨ ᠪᠠᠭᠯᠠᠭ᠎ᠠ ᠠᠪᠴᠤ ᠪᠣᠯᠤᠨ᠎ᠠ》 ᠭᠡᠰᠡᠨ ᠶᠠᠷᠢᠶ᠎ᠠ ᠨᠡᠶ᠋ᠢᠲᠡᠯᠡᠵᠦ᠂ ᠡᠭᠦᠨ ᠵᠶ᠋ᠠᠷ ᠴᠤᠭᠯᠠᠭ᠋ᠠᠨ᠎ᠤ ᠳᠣᠲᠣᠷᠠᠬᠢ ᠬᠥᠮᠦᠰ᠎ᠢ ᠬᠠᠭᠤᠷᠤᠨ ᠮᠡᠬᠡᠯᠡᠵᠦ ᠺᠣᠳ᠋ ᠰᠢᠷᠪᠢᠭᠦᠯᠵᠦ ᠰᠢᠨ᠎ᠡ ᠴᠤᠭᠯᠠᠭ᠋ᠠᠨ᠎ᠳᠤ᠎ᠪᠠᠨ ᠣᠷᠣᠭᠤᠯᠤᠨ᠂ ᠳᠠᠬᠢᠨ ᠴᠤᠭᠯᠠᠭ᠋ᠠᠨ᠎ᠤ ᠪᠦᠷᠢᠯᠳᠦᠬᠦᠨ ᠵᠶ᠋ᠠᠨ ᠳᠣᠭᠢᠷᠠᠭᠤᠯᠤᠨ ᠪᠠᠭ᠎ᠠ ᠰᠠᠭ᠎ᠠ ᠶᠠᠭᠤᠮ᠎ᠠ ᠬᠢᠯᠭᠡᠵᠦ ᠠᠰᠢᠭ ᠣᠯᠭᠤᠯᠵᠤ᠂ ᠴᠤᠭᠯᠠᠭ᠋ᠠᠨ᠎ᠤ ᠪᠦᠷᠢᠯᠳᠦᠬᠦᠨ᠎ᠤ ᠥᠪᠡᠷ᠎ᠢ᠎ᠪᠠᠨ ᠢᠲᠡᠭᠡᠬᠦ ᠬᠡᠮᠵᠢᠶ᠎ᠡ ᠵᠢ ᠨᠡᠮᠡᠭᠳᠡᠭᠦᠯᠵᠦ᠂ ᠪᠦᠷᠢᠨ ᠢᠲᠡᠭᠡᠯ᠎ᠢ᠎ᠨᠢ ᠣᠯᠤᠭᠰᠠᠨ᠎ᠤ ᠳᠠᠷᠠᠭ᠎ᠠ᠂ ᠬᠠᠤᠯᠢ ᠪᠤᠰᠤ ᠡᠲᠡᠭᠡᠳ ᠴᠤᠭᠯᠠᠭ᠋ᠠᠨ᠎ᠤ ᠳᠣᠲᠣᠷᠠᠬᠢ ᠬᠥᠮᠦᠰ᠎ᠢ APP ᠵᠢ ᠪᠠᠭᠤᠯᠭ᠋ᠠᠨ ᠠᠪᠤᠪᠠᠯ ᠵᠣᠭᠣᠰ ᠣᠯᠣᠨ᠎ᠠ ᠭᠡᠵᠦ ᠤᠯᠠᠮ ᠨᠢᠭᠡ ᠠᠯᠬᠤᠮ ᠬᠠᠭᠤᠷᠤᠨ ᠮᠡᠬᠡᠯᠡᠵᠦ (ᠦᠨᠡᠨ᠎ᠳᠤ᠎ᠪᠠᠨ ᠵᠥᠪᠬᠡᠨ ᠲᠣᠭ᠋ᠠᠴᠠᠭ᠎ᠠ ᠬᠢᠬᠦ ᠶᠠᠪᠤᠳᠠᠯ ᠪᠣᠯᠤᠨ᠎ᠠ)᠂ 《ᠨᠡᠩ ᠣᠨᠣᠪᠴᠢᠲᠠᠶ ᠮᠡᠬᠡᠯᠡᠯ》᠎ᠢ ᠶᠠᠪᠤᠭᠤᠯᠤᠨ᠎ᠠ᠃