12 ᠰᠠᠷ᠎ᠠ ᠵᠢᠨ 13᠎ᠤ ᠡᠳᠦᠷ᠂ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠠᠵᠢᠯᠯᠠᠭ᠎ᠠ ᠵᠢ ᠪᠦᠲᠦᠮᠵᠢᠲᠡᠶ ᠥᠷᠨᠢᠭᠦᠯᠬᠦ ᠵᠢ ᠭᠦᠨᠵᠡᠭᠡᠶ ᠠᠬᠢᠭᠤᠯᠬᠤ᠂ ᠬᠠᠷᠢᠶᠠᠲᠤ ᠣᠷᠣᠨ᠎ᠤ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ᠎ᠲᠠᠢ᠂ ᠰᠠᠭ᠋ᠠᠳ ᠥᠬᠡᠶ ᠨᠡᠪᠲᠡᠷᠡᠬᠦ ᠵᠠᠮ ᠬᠠᠷᠢᠯᠴᠠᠭ᠋ᠠᠨ᠎ᠤ ᠣᠷᠴᠢᠨ ᠲᠣᠭᠣᠷᠢᠨ᠎ᠢ ᠪᠥᠬᠥ ᠬᠦᠴᠦᠨ ᠵᠶ᠋ᠠᠷ ᠵᠶ᠋ᠠᠨ ᠪᠣᠶ ᠪᠣᠯᠭ᠋ᠠᠬᠤ ᠵᠢᠨ ᠲᠤᠰᠠᠳᠠ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ 2023 ᠵᠠᠭᠤᠨ ᠡᠳᠦᠷ᠎ᠤᠨ ᠪᠣᠭᠣᠮᠲᠠ ᠰᠢᠪᠲᠤᠯᠬᠤ 《ᠴᠠᠩ ᠠᠨ ᠨᠢᠭᠡᠳᠦᠭᠡᠷ ᠨᠣᠮᠧᠷᠲᠤ》 ᠣᠨᠳᠣᠤ ᠭᠠᠵᠠᠷ᠎ᠲᠤ ᠴᠠᠭᠳᠠᠭ᠎ᠠ ᠬᠡᠷᠡᠭᠯᠡᠬᠦ ᠨᠢᠭᠡᠳᠦᠯᠲᠡᠶ ᠠᠵᠢᠯᠯᠠᠭ᠋ᠠᠨ᠎ᠤ ᠲᠥᠰᠦᠯ᠎ᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠷᠢᠬᠢ ᠤᠤᠭᠤᠭ᠋ᠠᠳ ᠲᠡᠷᠭᠡ ᠵᠢᠯᠣᠭᠣᠳᠬᠤ᠂ ᠰᠣᠭᠲᠣᠭᠤ᠎ᠪᠠᠷ ᠲᠡᠷᠭᠡ ᠵᠢᠯᠣᠭᠣᠳᠬᠤ ᠵᠡᠷᠭᠡ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠭᠣᠤᠯᠳᠠᠯᠭ᠎ᠠ᠎ᠲᠠᠢ ᠦᠢ᠍ᠯᠡ ᠠᠵᠢᠯᠯᠠᠭ᠎ᠠ᠎ᠳᠤ ᠬᠠᠤᠯᠢ ᠬᠡᠷᠡᠭᠵᠢᠭᠦᠯᠬᠦ ᠨᠢᠭᠡᠳᠦᠯᠲᠡᠶ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃

ᠬᠠᠤᠯᠢ ᠬᠡᠷᠡᠭᠵᠢᠭᠦᠯᠬᠦ ᠪᠣᠭᠣᠮᠲᠠ ᠰᠢᠪᠲᠤᠯᠬᠤ ᠠᠩᠭᠢ ᠠᠷᠤ ᠬᠣᠷᠴᠢᠨ ᠬᠣᠰᠢᠭᠤᠨ᠎ᠳᠤ ᠭᠦᠷᠦᠭᠰᠡᠨ᠎ᠤ ᠳᠠᠷᠠᠭ᠎ᠠ᠂ ᠲᠡᠷᠡ ᠳᠠᠷᠤᠶᠳᠤᠨᠢ ᠠᠷᠤ ᠬᠣᠷᠴᠢᠨ ᠬᠣᠰᠢᠭᠤᠨ᠎ᠤ ᠶᠡᠬᠡ ᠠᠩᠭᠢ᠎ᠲᠠᠢ ᠳᠣᠭᠢᠷᠠᠭᠤᠯᠤᠨ ᠪᠠᠶ᠋ᠢᠷᠢᠯᠠᠭᠤᠯᠬᠤ ᠬᠤᠷᠠᠯ ᠬᠢᠪᠠ᠃ ᠬᠤᠷᠠᠯ᠎ᠤᠨ ᠲᠠᠷᠠᠭ᠎ᠠ᠂ ᠠᠷᠤ ᠬᠣᠷᠴᠢᠨ ᠬᠣᠰᠢᠭᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠬᠢ ᠪᠣᠯᠤᠨ ᠬᠠᠤᠯᠢ ᠬᠡᠷᠡᠭᠵᠢᠭᠦᠯᠬᠦ ᠪᠣᠭᠣᠮᠲᠠ ᠰᠢᠪᠲᠤᠯᠬᠤ ᠬᠤᠪᠢᠶᠠᠷᠢ ᠠᠩᠬᠢ ᠬᠠᠮᠲᠤᠷᠠᠨ ᠬᠥᠳᠡᠯᠦᠯᠴᠡᠵᠦ᠂ ᠬᠠᠮᠲᠤ᠎ᠪᠠᠷ ᠪᠠᠶ᠋ᠢᠯᠳᠤᠵᠤ᠂ ᠬᠠᠷᠢᠶ᠎ᠠ ᠣᠷᠣᠨ᠎ᠤ᠎ᠪᠠᠨ ᠡᠯ᠎ᠡ ᠡᠭᠦᠷᠭᠡ ᠭᠦᠢ᠍ᠴᠡᠳᠬᠡᠬᠦ ᠭᠠᠵᠠᠷ᠎ᠲᠤ ᠬᠦᠷᠪᠡ᠃ 《ᠲᠣᠭᠲᠠᠭᠰᠠᠨ ᠭᠠᠵᠠᠷ᠎ᠲᠤ ᠬᠣᠷᠢᠭ᠎ᠠ ᠴᠢᠭ ᠭᠠᠷᠭ᠋ᠠᠬᠤ ᠪᠠ ᠲᠣᠭᠣᠷᠢᠨ ᠴᠠᠭᠳᠠᠬᠤ》 ᠵᠢ ᠤᠶᠠᠯᠳᠤᠭᠤᠯᠬᠤ ᠠᠷᠭ᠎ᠠ᠎ᠪᠠᠷ ᠳᠠᠮᠵᠢᠭᠤᠯᠤᠨ᠂ ᠬᠠᠷᠢᠶᠠᠲᠤ ᠣᠷᠣᠨ᠎ᠤ G303 ᠤᠯᠤᠰ᠎ᠤᠨ ᠵᠠᠮ᠎ᠤᠨ ᠵᠡᠭᠦᠨ᠂ G303 ᠤᠯᠤᠰ᠎ᠤᠨ ᠵᠠᠮ᠎ᠤᠨ ᠪᠠᠷᠠᠭᠤᠨ᠂ 210 ᠮᠤᠵᠢ ᠵᠢᠨ ᠵᠠᠮ᠎ᠤᠨ ᠡᠮᠦᠨ᠎ᠡ᠂ 210 ᠮᠤᠵᠢ ᠵᠢᠨ ᠵᠠᠮ᠎ᠤᠨ ᠬᠣᠶ᠋ᠢᠲᠤ ᠵᠢᠴᠢ ᠯᠦ᠍ ᠪᠦᠦ ᠱᠤᠭᠤᠮ᠎ᠤᠨ ᠡᠮᠦᠨ᠎ᠡ ᠵᠡᠷᠭᠡ ᠡᠨᠳᠡᠯ ᠣᠯᠠᠨ ᠭᠠᠷᠳᠠᠭ ᠵᠠᠮ᠎ᠤᠨ ᠬᠡᠰᠡᠭ ᠪᠠ ᠲᠡᠷᠭᠡᠨ᠎ᠤ ᠤᠷᠤᠰᠬᠠᠯ᠎ᠤᠨ ᠬᠡᠮᠵᠢᠶ᠎ᠡ ᠨᠡᠯᠢᠶᠡᠳ ᠶᠡᠬᠡ ᠵᠠᠮ᠎ᠤᠨ ᠬᠡᠰᠡᠭ᠎ᠲᠤ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠬᠥᠰᠬᠡ ᠵᠢ ᠨᠢᠭᠡᠳ ᠨᠢᠭᠡ᠎ᠪᠠᠷ ᠪᠠᠶ᠋ᠢᠴᠠᠭ᠋ᠠᠵᠤ᠂ ᠠᠷᠢᠬᠢ ᠤᠤᠭᠤᠭ᠋ᠠᠳ ᠲᠡᠷᠭᠡ ᠵᠢᠯᠣᠭᠣᠳᠬᠤ᠂ ᠰᠣᠭᠲᠣᠭᠤ᠎ᠪᠠᠷ ᠲᠡᠷᠭᠡ ᠵᠢᠯᠣᠭᠣᠳᠬᠤ᠂ ᠬᠤᠷᠳᠤᠴᠠ᠎ᠠᠴᠠ ᠬᠡᠲᠦᠷᠡᠭᠦᠯᠬᠦ᠂ ᠠᠴᠢᠶ᠎ᠠ ᠬᠡᠲᠦᠷᠡᠭᠦᠯᠬᠦ᠂ ᠬᠥᠮᠦᠨ᠎ᠤ ᠲᠣᠭ᠎ᠠ᠎ᠠᠴᠠ ᠬᠡᠲᠦᠷᠡᠭᠦᠯᠬᠦ᠂ ᠶᠠᠳᠠᠷᠠᠭᠤ᠎ᠪᠠᠷ ᠲᠡᠷᠭᠡ ᠵᠢᠯᠣᠭᠣᠳᠬᠤ᠂ ᠬᠠᠤᠯᠢ᠎ᠠᠴᠠ ᠵᠥᠷᠢᠴᠡᠨ ᠬᠥᠮᠦᠨ ᠰᠠᠭᠤᠯᠭ᠋ᠠᠬᠤ ᠵᠡᠷᠭᠡ 7 ᠲᠥᠷᠥᠯ᠎ᠤᠨ ᠭᠣᠤᠯᠳᠠᠯᠭ᠎ᠠ᠎ᠲᠠᠢ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠵᠤ᠂ ᠬᠠᠷᠢᠶᠠᠲᠤ ᠣᠷᠣᠨ᠎ᠳᠤ ᠥᠨᠳᠥᠷ ᠳᠠᠷᠤᠯᠲᠠᠲᠤ ᠪᠠᠶ᠋ᠢᠳᠠᠯ᠎ᠢ ᠪᠣᠶ ᠪᠣᠯᠭ᠋ᠠᠪᠠ᠃
ᠰᠥᠨᠢ᠎ᠪᠠᠷ᠂ ᠠᠷᠤ ᠬᠣᠷᠴᠢᠨ ᠬᠣᠰᠢᠭᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠬᠢ ᠪᠣᠯᠤᠨ ᠬᠠᠤᠯᠢ ᠬᠡᠷᠡᠭᠵᠢᠭᠦᠯᠬᠦ ᠪᠣᠭᠣᠮᠲᠠ ᠰᠢᠪᠲᠤᠯᠬᠤ ᠠᠩᠬᠢ ᠵᠢᠨ᠎ᠬᠢᠨ ᠪᠦᠬᠦ ᠴᠠᠭᠳᠠᠭ᠎ᠠ ᠵᠢᠨ ᠬᠦᠴᠦᠨ ᠵᠶ᠋ᠠᠨ ᠬᠥᠳᠡᠯᠭᠡᠨ ᠬᠠᠷᠢᠶ᠎ᠠ ᠣᠷᠣᠨ᠎ᠤ᠎ᠪᠠᠨ ᠬᠡᠪᠴᠢᠶᠡᠨ᠎ᠳᠤ ᠰᠥᠨᠢ ᠵᠢᠨ ᠪᠠᠶ᠋ᠢᠴᠠᠭ᠋ᠠᠯᠲᠠ ᠵᠢᠨ ᠬᠠᠮᠲᠤᠷᠠᠭᠰᠠᠨ ᠨᠢᠭᠡᠳᠦᠯᠲᠡᠢ ᠠᠵᠢᠯᠯᠠᠭ᠎ᠠ ᠵᠢ ᠥᠷᠨᠢᠭᠦᠯᠵᠦ᠂ 《ᠨᠠᠢ᠍ᠮᠠᠨ ᠪᠦᠬᠦᠨ》᠎ᠤ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠰᠣᠭᠲᠣᠭᠤ᠎ᠪᠠᠷ ᠲᠡᠷᠭᠡ ᠵᠢᠯᠣᠭᠣᠳᠬᠤ ᠲᠤᠬᠠᠢ ᠵᠢᠨ ᠲᠠᠯᠠᠪᠠᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠪᠡ᠃ ᠡᠭᠦᠨ᠎ᠤ ᠵᠡᠷᠭᠡ᠎ᠳᠤ 《ᠲᠣᠭᠲᠠᠭᠰᠠᠨ ᠴᠡᠭ + ᠲᠣᠭᠣᠷᠢᠨ ᠴᠠᠭᠳᠠᠬᠤ》 ᠦᠢ᠍ᠯᠡᠴᠢᠯᠡᠭᠡᠨ᠎ᠤ ᠵᠠᠭᠪᠤᠷ᠎ᠢ ᠬᠡᠷᠡᠭᠯᠡᠨ᠂ ᠰᠣᠯᠪᠢᠴᠠᠨ ᠬᠠᠷᠢᠯᠴᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠠᠷᠢᠬᠢ ᠤᠤᠭᠤᠭ᠋ᠠᠳ ᠲᠡᠷᠭᠡ ᠵᠢᠯᠣᠭᠣᠳᠤᠭᠰᠠᠨ ᠬᠠᠤᠯᠢ ᠵᠥᠷᠢᠴᠡᠭᠰᠡᠨ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠠᠷᠢᠬᠢ ᠤᠤᠭᠤᠭ᠋ᠠᠳ ᠲᠡᠷᠭᠡ ᠵᠢᠯᠣᠭᠣᠳᠤᠭᠰᠠᠨ᠂ ᠰᠣᠭᠲᠣᠭᠤ᠎ᠪᠠᠷ ᠲᠡᠷᠭᠡ ᠵᠢᠯᠣᠭᠣᠳᠤᠭᠰᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ 《ᠥᠴᠦᠬᠡᠨ ᠴᠦ᠍ ᠢᠯᠳᠠᠷ ᠬᠠᠶᠠᠬᠤ ᠥᠬᠡᠶ》 ᠴᠣᠬᠢᠯᠲᠠ ᠥᠭᠬᠦ ᠪᠠᠶ᠋ᠢᠳᠠᠯ᠎ᠢ ᠦᠷᠭᠦᠯᠵᠢᠯᠡᠨ ᠪᠠᠲᠤᠯᠠᠪᠠ᠃
ᠲᠤᠬᠠᠶ ᠵᠢᠨ ᠡᠳᠦᠷ ᠨᠡᠶ᠋ᠢᠲᠡ 80 ᠭᠠᠷᠤᠶ ᠴᠠᠭᠳᠠᠭ᠎ᠠ᠂ 16 ᠴᠠᠭᠳᠠᠭ᠋ᠠᠨ᠎ᠤ ᠲᠡᠷᠭᠡ ᠵᠢ ᠬᠥᠳᠡᠯᠭᠡᠵᠦ᠂ ᠠᠷᠤ ᠬᠣᠷᠴᠢᠨ ᠬᠣᠰᠢᠭᠤᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠶᠡᠬᠡ ᠠᠩᠭᠢ ᠪᠣᠯᠤᠨ ᠣᠨᠳᠣᠣ ᠭᠠᠵᠠᠷ᠎ᠲᠤ ᠴᠠᠭᠳᠠᠭ᠎ᠠ ᠬᠡᠷᠡᠭᠯᠡᠨ ᠬᠠᠤᠯᠢ ᠬᠡᠷᠡᠭᠵᠢᠭᠦᠯᠬᠦ ᠪᠣᠭᠣᠮᠲᠠ ᠰᠢᠪᠲᠤᠯᠬᠤ ᠠᠩᠭᠢ ᠵᠢᠨ ᠬᠠᠮᠲᠤ ᠵᠢᠨ ᠪᠠᠶ᠋ᠢᠯᠳᠤᠭ᠋ᠠᠨ ᠵᠶ᠋ᠠᠷ ᠳᠡᠮᠵᠢᠨ᠂ ᠦᠨᠡᠮᠯᠡᠯ ᠥᠬᠡᠶ᠎ᠪᠠᠷ ᠮᠠᠰᠢᠨᠲᠤ ᠲᠡᠷᠭᠡ ᠵᠢᠯᠣᠭᠣᠳᠤᠭᠰᠠᠨ 1᠂ ᠦᠨᠡᠮᠯᠡᠯ ᠥᠬᠡᠶ᠎ᠪᠠᠷ ᠬᠣᠶᠠᠳᠠᠭᠢ ᠤᠳᠠᠭ᠎ᠠ ᠠᠷᠢᠬᠢ ᠤᠤᠭᠤᠵᠤ ᠮᠠᠰᠢᠨᠲᠤ ᠲᠡᠷᠭᠡ ᠵᠢᠯᠣᠭᠣᠳᠤᠭᠰᠠᠨ 1᠂ ᠠᠷᠢᠬᠢ ᠤᠤᠭᠤᠵᠤ ᠮᠠᠰᠢᠨᠲᠤ ᠲᠡᠷᠭᠡ ᠵᠢᠯᠣᠭᠣᠳᠤᠭᠰᠠᠨ 3᠂ ᠰᠣᠭᠲᠣᠭᠤ᠎ᠪᠠᠷ ᠮᠠᠰᠢᠨᠲᠤ ᠲᠡᠷᠭᠡ ᠵᠢᠯᠣᠭᠣᠳᠤᠭᠰᠠᠨ 3 ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠶ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠢᠯᠡᠷᠡᠭᠦᠯᠵᠦ᠂ ᠬᠠᠷᠢᠶᠠᠲᠤ ᠣᠷᠣᠨ᠎ᠤ ᠣᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠦᠨᠡᠨ ᠬᠦ᠌ ᠬᠠᠮᠠᠭ᠋ᠠᠯᠠᠪᠠ᠃