2 ᠳ᠋ᠤᠭ᠋ᠠᠷ ᠰᠠᠷ᠎ᠠ ᠵᠢᠨ 10᠎ᠤ ᠦᠳᠡ ᠵᠢᠨ ᠬᠣᠶ᠋ᠢᠨᠠᠬᠢ 15 ᠴᠠᠭ᠎ᠤᠨ ᠦᠶ᠎ᠡ᠎ᠪᠠᠷ᠂ ᠴᠢᠩᠱ᠌ᠠᠨ ᠬᠤᠪᠢᠶᠠᠷᠢ ᠲᠣᠪᠴᠢᠶᠠᠨ᠎ᠤ ᠴᠢᠮᠡᠭᠡ ᠮᠡᠳᠡᠭᠡ ᠵᠢᠯᠣᠭᠣᠳᠬᠤ ᠲᠥᠪ᠎ᠤᠨ᠎ᠬᠢᠨ 《ᠴᠠᠭᠳᠠᠭ᠎ᠠ ᠨᠥᠬᠥᠷ ᠡ᠂ ᠬᠤᠷᠳᠤᠨ ᠢᠷᠡᠵᠦ ᠮᠢᠨᠤ ᠬᠦᠦ ᠵᠢ ᠬᠣᠷᠢᠭᠯᠠᠭ᠋ᠠᠴᠢ᠂ ᠲᠡᠷᠡ ᠵᠠᠪᠠᠯ ᠮᠡᠬᠡᠯᠡᠭᠴᠢ᠎ᠳᠤ ᠲᠠᠩᠰᠠ ᠰᠢᠯᠵᠢᠭᠦᠯᠵᠦ ᠥᠭᠭᠦᠨ᠎ᠡ ᠭᠡᠳ ᠦᠭᠡ ᠰᠣᠨᠣᠰᠬᠤ ᠦᠭᠡᠢ ᠪᠠᠢ᠌ᠨ᠎ᠠ ᠭᠡᠰᠡᠨ ᠬᠡᠷᠡᠭ᠎ᠤᠨ ᠮᠡᠳᠡᠭᠦᠯᠦᠯᠲᠡ ᠵᠢ ᠲᠣᠰᠴᠤ᠂ ᠬᠤᠪᠢᠶᠠᠷᠢ ᠲᠣᠪᠴᠢᠶ᠎ᠠ ᠵᠢᠨ ᠴᠢᠮᠡᠭᠡ ᠮᠡᠳᠡᠭᠡ ᠵᠢᠯᠣᠭᠣᠳᠬᠤ ᠲᠥᠪ᠎ᠠᠴᠠ ᠪᠠᠶ᠋ᠢᠳᠠᠯ᠎ᠢ ᠠᠩᠬ᠎ᠠ ᠠᠯᠬᠤᠮ ᠣᠶ᠋ᠢᠯᠠᠭ᠋ᠠᠭᠰᠠᠨ᠎ᠤ ᠳᠠᠷᠠᠭ᠎ᠠ᠂ ᠲᠡᠷᠡ ᠳᠠᠷᠤᠶᠳᠤᠨᠢ ᠲᠣᠮᠢᠯᠠᠭᠰᠠᠨ ᠰᠠᠯᠪᠤᠷᠢ᠎ᠳᠤ ᠴᠠᠭᠳᠠᠭ᠎ᠠ ᠲᠣᠮᠢᠯᠠᠬᠤ ᠵᠠᠷᠯᠢᠭ ᠪᠠᠭᠤᠯᠭ᠋ᠠᠪᠠ᠃ ᠰᠢᠶᠠᠨ ᠹᠧᠩ ᠵᠡᠭᠡᠯᠢ ᠭᠤᠳᠤᠮᠵᠢ ᠵᠢᠨ ᠲᠣᠮᠢᠯᠠᠭᠰᠠᠨ ᠰᠠᠯᠪᠤᠷᠢ ᠵᠠᠷᠯᠢᠭ᠎ᠢ ᠣᠯᠤᠭᠰᠠᠨ᠎ᠤ ᠳᠠᠷᠠᠭ᠎ᠠ᠂ ᠵᠢᠵᠢᠭᠦᠷᠯᠡᠵᠦ ᠪᠠᠶ᠋ᠢᠭ᠎ᠠ ᠠᠷᠠᠳ᠎ᠤᠨ ᠴᠠᠭᠳᠠᠭ᠎ᠠ ᠲᠡᠷᠡ ᠳᠠᠷᠤᠶ ᠬᠡᠷᠡᠭ ᠮᠡᠳᠡᠭᠦᠯᠦᠭᠰᠡᠨ ᠬᠥᠮᠦᠨ᠎ᠤ ᠣᠷᠣᠨ ᠰᠠᠭᠤᠴᠠ᠎ᠳᠤ ᠣᠴᠢᠪᠠ᠃

ᠣᠶ᠋ᠢᠯᠠᠭ᠋ᠠᠭᠰᠠᠨ ᠵᠶ᠋ᠠᠷ᠂ ᠬᠡᠷᠡᠭ ᠮᠡᠳᠡᠭᠦᠯᠦᠭᠴᠢ ᠸᠠᠩ ᠠᠪᠤᠭ᠋ᠠᠶ ᠵᠢᠨ ᠬᠦᠦ᠎ᠨᠢ ᠲᠦᠷᠦᠭᠦᠬᠡᠨ × × ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠲᠠᠪᠴᠠᠩ᠎ᠳᠤ 8 ᠲᠦᠮᠡᠨ ᠲᠥᠭᠥᠷᠢᠭ ᠳᠥᠯᠥᠵᠡᠶ᠂ ᠸᠠᠩ ᠠᠪᠤᠭ᠋ᠠᠶ ᠡᠭᠦᠨ᠎ᠢ ᠣᠯᠵᠤ ᠮᠡᠳᠡᠭᠡᠳ ᠬᠦᠦ᠎ᠪᠠᠨ ᠮᠡᠬᠡᠯᠡᠭᠳᠡᠯᠡ ᠭᠡᠵᠦ ᠰᠡᠵᠢᠭᠯᠡᠭᠡᠳ 2 ᠳ᠋ᠤᠭ᠋ᠠᠷ ᠰᠠᠷ᠎ᠠ ᠵᠢᠨ 9᠎ᠤ ᠡᠳᠦᠷ ᠬᠦᠦ᠎ᠪᠠᠨ ᠳᠠᠭ᠋ᠠᠭᠤᠯᠤᠨ ᠬᠡᠷᠡᠭ ᠮᠡᠳᠡᠭᠦᠯᠪᠡ᠃ 2 ᠳ᠋ᠤᠭ᠋ᠠᠷ ᠰᠠᠷ᠎ᠠ ᠵᠢᠨ 10᠎ᠤ ᠡᠳᠦᠷ᠂ ᠸᠠᠩ ᠠᠪᠤᠭ᠋ᠠᠢ ᠵᠢᠨ ᠬᠦᠦ ᠮᠥᠨ ᠯᠡ 《ᠨᠦᠭᠦᠭᠡ ᠡᠲᠡᠭᠡᠳ》᠎ᠤᠨ ᠱᠠᠭ᠋ᠠᠷᠳᠠᠯᠭ᠎ᠠ ᠶᠣᠰᠣᠭ᠋ᠠᠷ ᠦᠷᠭᠦᠯᠵᠢᠯᠡᠨ ᠪᠡᠯᠡ ᠣᠷᠣᠭᠤᠯᠬᠤ ᠭᠡᠪᠡ᠃ ᠠᠷᠠᠳ᠎ᠤᠨ ᠴᠠᠭᠳᠠᠭ᠎ᠠ ᠴᠠᠭ ᠲᠤᠬᠠᠢᠳᠤᠨᠢ ᠬᠣᠷᠢᠭᠯᠠᠨ ᠵᠣᠭᠰᠣᠭ᠋ᠠᠬᠤ ᠵᠢᠨ ᠬᠠᠮᠲᠤ ᠮᠡᠬᠡᠯᠡᠯ᠎ᠢ ᠡᠰᠡᠷᠭᠦᠴᠡᠬᠦ ᠮᠡᠳᠡᠯᠭᠡ ᠵᠢ ᠬᠦᠯᠢᠴᠡᠩᠭᠦᠢ᠎ᠪᠠᠷ ᠲᠠᠶ᠋ᠢᠯᠪᠤᠷᠢᠯᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠢᠳᠬᠠᠨ ᠰᠤᠷᠭ᠋ᠠᠵᠤ᠂ ᠡᠴᠦᠰ᠎ᠲᠤ᠎ᠪᠠᠨ ᠸᠠᠩ ᠠᠪᠤᠭ᠋ᠠᠢ ᠵᠢᠨ ᠬᠦᠦ ᠥᠪᠡᠷ᠎ᠤᠨ ᠠᠯᠳᠠᠭ᠎ᠠ ᠪᠤᠷᠤᠭᠤ᠎ᠪᠠᠨ ᠲᠠᠨᠢᠵᠤ᠂ ᠮᠡᠬᠡᠯᠡᠯ᠎ᠤᠨ ᠵᠥᠭᠡᠯᠡᠨ ᠲᠤᠨᠤᠭ᠎ᠢ ᠬᠠᠰᠤᠵᠤ ᠬᠠᠶᠠᠪᠠ᠃

ᠸᠠᠩ ᠠᠪᠤᠭ᠋ᠠᠶ ᠵᠢᠨ ᠬᠦᠦ᠎ᠳᠤ ᠴᠠᠬᠢᠯᠭ᠋ᠠᠨ ᠬᠣᠯᠪᠣᠭ᠋ᠠᠨ᠎ᠤ ᠮᠡᠬᠡᠯᠡᠯ᠎ᠤᠨ ᠬᠤᠤᠷ ᠬᠥᠨᠥᠭᠡᠯ᠎ᠢ ᠤᠯᠠᠮ ᠨᠢᠭᠡ ᠠᠯᠬᠤᠮ ᠣᠶ᠋ᠢᠯᠠᠭ᠋ᠠᠭᠤᠯᠵᠤ᠂ ᠮᠡᠬᠡᠯᠡᠯ᠎ᠢ ᠡᠰᠡᠷᠭᠦᠴᠡᠬᠦ ᠪᠠ ᠮᠡᠬᠡᠯᠡᠯ᠎ᠢ ᠰᠡᠷᠭᠡᠶ᠋ᠢᠯᠡᠬᠦ ᠤᠬᠠᠮᠰᠠᠷ᠎ᠢ᠎ᠨᠢ ᠦᠨᠡᠨ ᠬᠦ᠌ ᠳᠡᠭᠡᠭᠰᠢᠯᠡᠭᠦᠯᠵᠦ᠂ ᠴᠠᠬᠢᠯᠭ᠋ᠠᠨ ᠬᠣᠯᠪᠣᠭ᠋ᠠᠨ᠎ᠤ ᠮᠡᠬᠡᠯᠡᠯ᠎ᠳᠤ ᠳᠠᠭᠢᠵᠤ ᠮᠡᠬᠡᠯᠡᠭᠳᠡᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠠᠷᠠᠳ᠎ᠤᠨ ᠴᠠᠭᠳᠠᠭ᠎ᠠ ᠲᠤᠬᠠᠶ ᠵᠢᠨ ᠲᠠᠯᠠᠪᠤᠷ ᠲᠤ ᠵᠢᠭ᠋ᠠᠨ ᠵᠢᠯᠣᠭᠣᠳᠴᠤ᠂ ᠭᠠᠷ ᠤᠲᠠᠰᠤᠨ᠎ᠳᠤᠨᠢ 《ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ》 ᠭᠡᠬᠦ APP ᠤᠭᠰᠠᠷᠠᠵᠤ ᠥᠭᠴᠡᠶ᠃ ᠸᠠᠩ ᠠᠪᠤᠭ᠋ᠠᠶ ᠬᠦᠦ᠎ᠲᠠᠢ᠎ᠪᠠᠨ ᠬᠣᠶ᠋ᠢᠰᠢᠳᠠ ᠮᠡᠬᠡᠯᠡᠯ᠎ᠢ ᠡᠰᠡᠷᠭᠦᠴᠡᠬᠦ ᠮᠡᠳᠡᠯᠭᠡ ᠵᠢ ᠰᠠᠨᠠᠭ᠋ᠠᠴᠢᠯᠠᠭ᠎ᠠ᠎ᠠᠴᠠ᠎ᠪᠠᠨ ᠨᠠᠷᠢᠨ ᠬᠢᠨᠠᠮᠠᠭ᠋ᠠᠶ ᠰᠤᠷᠤᠯᠴᠠᠵᠤ᠂ ᠥᠪᠡᠷ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ ᠵᠶ᠋ᠠᠨ ᠳᠡᠭᠡᠭᠰᠢᠯᠡᠭᠦᠯᠬᠦ ᠵᠢᠨ ᠬᠠᠮᠲᠤ ᠠᠷᠠᠳ᠎ᠤᠨ ᠴᠠᠭᠳᠠᠭ᠎ᠠ ᠵᠢᠨ ᠬᠦᠯᠢᠴᠡᠩᠭᠦᠶ ᠬᠠᠷᠢᠭᠤᠴᠠᠬᠤ ᠠᠵᠢᠯ᠎ᠤᠨ ᠣᠪᠣᠷ᠎ᠢ ᠮᠠᠭᠲᠠᠨ ᠰᠠᠶ᠋ᠢᠰᠢᠶᠠᠵᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃