ᠦᠢᠯᠡᠴᠢᠯᠡᠭᠡ   -   ᠰᠡᠷᠡᠮᠵᠢ᠎ᠶᠢᠨ ᠬᠤᠩᠬᠤ
ᠲᠠᠨᠢᠯ ᠬᠥᠮᠥᠨ ᠡᠷᠢᠵᠦ 《ᠬᠠᠷᠢᠴᠠᠭ᠋ᠠᠨ᠎ᠤ ᠬᠡᠷᠡᠭ》 ᠰᠢᠢ᠍ᠳᠪᠦᠷᠢᠯᠡᠭᠦᠯᠦᠭᠡᠳ ᠮᠡᠬᠡᠯᠡᠭᠳᠡᠭᠰᠡᠨ ᠮᠥᠩᠭᠥ ᠵᠢ ᠳᠠᠷᠤᠢ ᠲᠦᠷᠭᠡᠨ ᠡᠭᠡᠭᠦᠯᠦᠨ ᠠᠪᠴᠢᠷᠠᠪᠠ
ᠨᠡᠶ᠋ᠢᠲᠡᠯᠡᠭᠰᠡᠨ ᠴᠠᠭ᠄ 2023-02-24

      ᠣᠢ᠌ᠷ᠎ᠠ᠎ᠳᠤ᠂ ᠦᠬᠠᠢ ᠬᠤᠳᠠ ᠵᠢᠨ ᠬᠠᠢ᠍ᠢ᠍ᠷᠤᠪ᠎ᠤᠨ ᠲᠤᠬᠤᠢ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠬᠢ ᠵᠢᠨ᠎ᠬᠢᠨ ᠨᠢᠭᠡᠨ ᠰᠠᠭᠤᠭ᠋ᠠᠯᠢ ᠠᠷᠠᠳ᠎ᠤᠨ ᠥᠪᠡᠷ᠎ᠤᠨ ᠥᠩᠭᠡᠷᠡᠭᠰᠡᠨ ᠎ᠤ  ᠬᠡᠷᠡᠭ ᠵᠶ᠋ᠠᠨ 《ᠬᠠᠷᠢᠴᠠᠭ᠎ᠠ ᠎ᠪᠠᠨ ᠨᠠᠶ᠋ᠢᠳᠠᠵᠤ》 ᠰᠢᠢ᠍ᠳᠪᠦᠷᠢᠯᠡᠭᠡᠳ 18.8 ᠲᠦᠮᠡᠨ ᠲᠥᠭᠥᠷᠢᠭ ᠮᠡᠬᠡᠯᠡᠭᠳᠡᠵᠡᠢ ᠭᠡᠰᠡᠨ ᠬᠡᠷᠡᠭ᠎ᠤᠨ ᠮᠡᠳᠡᠭᠦᠯᠦᠯᠲᠡ ᠵᠢ ᠲᠣᠰᠪᠠ᠃


db09e910961484f7345bbec569aa9ca.jpg


     ᠬᠡᠷᠡᠭ᠎ᠤᠨ ᠮᠡᠳᠡᠭᠦᠯᠦᠯᠲᠡ ᠵᠢ ᠲᠣᠰᠣᠭᠰᠠᠨ᠎ᠤ ᠲᠠᠷᠠᠭ᠎ᠠ᠂ ᠬᠠᠢ᠍ᠢ᠍ᠷᠤᠪ᠎ᠤᠨ ᠲᠤᠬᠤᠢ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠬᠢ ᠵᠢᠨ ᠠᠷᠠᠳ᠎ᠤᠨ ᠴᠠᠭᠳᠠᠭ᠎ᠠ ᠦᠳᠲᠡᠷ ᠲᠦᠷᠭᠡᠨ   ᠬᠡᠷᠡᠭ ᠎ᠢ  ᠲᠠᠩᠨᠠᠨ   ᠢᠯᠡᠷᠡᠭᠦᠯᠬᠦ   ᠠᠵᠢᠯ᠎ᠢ ᠥᠷᠨᠢᠭᠦᠯᠪᠡ᠃ ᠭᠦᠨᠵᠡᠭᠡᠶ ᠪᠥᠭᠡᠳ ᠨᠠᠷᠢᠨ ᠨᠢᠮᠪᠠᠶ ᠰᠤᠳᠤᠯᠤᠨ ᠮᠠᠭ᠋ᠠᠳᠯᠠᠬᠤ᠎ᠪᠠᠷ ᠳᠡᠮᠵᠢᠨ᠂ ᠬᠣᠲᠠ ᠲᠣᠭᠣᠷᠢᠭ ᠬᠣᠶᠠᠷ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠳᠡᠮᠵᠢᠯᠭᠡ ᠪᠠ ᠬᠠᠮᠵᠢᠯᠴᠠᠭ᠎ᠠ ᠵᠢᠨ ᠳᠣᠤᠷ᠎ᠠ᠂ ᠣᠶ᠋ᠢᠷ᠎ᠠ ᠵᠢᠨ ᠬᠤᠭᠤᠴᠠᠭ᠋ᠠᠨ᠎ᠳᠤ ᠱᠠᠨᠰᠢ ᠮᠤᠵᠢ ᠵᠢᠨ ᠨᠢᠭᠡᠨ ᠭᠠᠵᠠᠷ᠎ᠠᠴᠠ ᠶᠠᠯ᠎ᠠ ᠬᠢᠭᠰᠡᠨ ᠰᠡᠵᠢᠭᠳᠡᠨ᠎ᠤ ᠴᠢᠬᠤᠯᠠ ᠶᠡᠬᠡ ᠰᠦᠪᠡᠭᠴᠢ ᠵᠢ ᠢᠯᠡᠷᠡᠭᠦᠯᠪᠡ᠃ ᠲᠤᠷᠰᠢᠨ ᠪᠠᠶ᠋ᠢᠴᠠᠭ᠋ᠠᠬᠤ ᠠᠷᠠᠳ᠎ᠤᠨ ᠴᠠᠭᠳᠠᠭ᠎ᠠ ᠦᠳᠲᠡᠷ ᠲᠦᠷᠭᠡᠨ ᠬᠥᠳᠡᠯᠦᠯᠴᠡᠵᠦ᠂ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠪᠠ᠃
      ᠭᠡᠷᠡᠴᠢ ᠪᠠᠷᠢᠮᠲᠠ ᠵᠢᠨ ᠡᠮᠦᠨ᠎ᠡ ᠶᠠᠯ᠎ᠠ ᠬᠢᠭᠰᠡᠨ ᠰᠡᠵᠢᠭᠳᠡᠨ ᠥᠪᠡᠷ᠎ᠢ᠎ᠪᠠᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠳᠤ 《ᠲᠥᠷᠥᠯ ᠰᠠᠳᠤᠨ》᠎ᠲᠠᠢ ᠭᠡᠵᠦ ᠬᠤᠳᠠᠯ ᠬᠡᠯᠡᠵᠦ᠂ ᠬᠣᠬᠢᠷᠠᠯ ᠠᠮᠰᠠᠭᠴᠢ ᠵᠢ ᠬᠠᠪᠰᠤᠷᠤᠨ ᠡᠮᠦᠨ᠎ᠡ᠎ᠨᠢ ᠮᠡᠬᠡᠯᠡᠭᠳᠡᠭᠰᠡᠨ ᠬᠡᠷᠡᠭ᠎ᠢ᠎ᠨᠢ ᠰᠢᠢ᠍ᠳᠪᠦᠷᠢᠯᠡᠵᠦ ᠦᠭᠭᠦ ᠰᠢᠯᠲᠠᠭ ᠵᠶ᠋ᠠᠷ ᠵᠣᠭᠣᠰ ᠮᠥᠩᠭᠥ ᠵᠢ᠎ᠨᠢ ᠮᠡᠬᠡᠯᠡᠨ ᠠᠪᠤᠭᠰᠠᠨ ᠪᠥᠭᠡᠳ ᠬᠤᠪᠢ ᠬᠥᠮᠦᠨ᠎ᠤ ᠬᠡᠷᠡᠭᠯᠡᠭᠡ ᠪᠠ ᠥᠭᠴᠡᠭᠡ᠎ᠪᠠᠨ ᠳᠥᠯᠥᠬᠦ᠎ᠳᠤ ᠬᠡᠷᠡᠭᠯᠡᠭᠰᠡᠨ ᠶᠠᠯ᠎ᠠ ᠵᠢᠨ ᠪᠣᠳᠠᠲᠤ ᠬᠡᠷᠡᠭ ᠵᠶ᠋ᠠᠨ ᠥᠴᠢᠭᠯᠡᠨ ᠮᠡᠳᠡᠷᠡᠭᠰᠡᠨ ᠪᠠᠶ᠋ᠢᠨ᠎ᠠ᠃
    ᠣᠳᠣᠬᠠᠨ᠎ᠳᠤ᠂ ᠶᠠᠯ᠎ᠠ ᠬᠢᠭᠰᠡᠨ ᠰᠡᠵᠢᠭᠳᠡᠨ᠎ᠢ ᠬᠠᠢ᠍ᠢ᠍ᠷᠤᠪ᠎ᠤᠨ ᠲᠣᠬᠣᠢ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠬᠣᠬᠢᠷᠠᠯ ᠠᠮᠰᠠᠭᠴᠢ ᠵᠢᠨ ᠮᠡᠬᠡᠯᠡᠭᠳᠡᠭᠰᠡᠨ 18 ᠲᠦᠮᠡ ᠭᠠᠷᠤᠶ ᠲᠥᠭᠥᠷᠢᠭ᠎ᠢ ᠪᠦᠬᠦᠨ ᠵᠶ᠋ᠠᠷ᠎ᠨᠢ ᠨᠡᠬᠡᠵᠦ ᠠᠪᠴᠢᠷᠠᠪᠠ᠃

ᠢᠷᠡᠯᠲᠡ᠄ ᠦᠬᠠᠢ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ