ᠦᠢᠯᠡᠴᠢᠯᠡᠭᠡ   -   ᠰᠡᠷᠡᠮᠵᠢ᠎ᠶᠢᠨ ᠬᠤᠩᠬᠤ
ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠴᠠᠭᠳᠠᠭ᠋ᠠᠨ᠎ᠤ ᠲᠠᠯ᠎ᠠ ᠵᠢᠨ᠎ᠬᠢᠨ ᠠᠵᠢᠯ ᠲᠣᠬᠢᠷᠠᠭᠤᠯᠵᠤ ᠥᠭᠬᠦ ᠰᠢᠯᠲᠠᠭ ᠵᠶ᠋ᠠᠷ 30 ᠲᠦᠮᠡᠨ ᠲᠥᠭᠥᠷᠢᠭ ᠮᠡᠬᠡᠯᠡᠭᠰᠡᠨ ᠬᠡᠷᠡᠭ᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2023-03-22

    ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ᠎ᠪᠠᠷ ᠠᠵᠢᠯᠯᠠᠵᠤ᠂ ᠮᠡᠳᠡᠬᠦᠶ ᠬᠢᠬᠦᠶ᠎ᠪᠠᠨ ᠨᠢᠭᠡᠳᠬᠡᠵᠦ᠂ ᠮᠡᠬᠡᠯᠡᠯ᠎ᠳᠤ ᠬᠣᠯᠪᠣᠭᠳᠠᠭᠰᠠᠨ ᠬᠡᠷᠡᠭ᠎ᠲᠤ ᠴᠣᠬᠢᠯᠲᠠ ᠥᠭᠬᠦ ᠠᠵᠢᠯ᠎ᠳᠤ ᠪᠣᠳᠠᠲᠠᠶ ᠦᠷ᠎ᠡ ᠪᠦᠲᠦᠮᠵᠢ ᠤᠯᠪᠠ᠃ 2 ᠰᠠᠷ᠎ᠠ ᠵᠢᠨ 20᠎ᠤ ᠡᠳᠦᠷ᠂ ᠲᠣᠰ ᠲᠣᠪᠴᠢᠶ᠎ᠠ ᠵᠢᠨ ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ 30 ᠲᠦᠮᠡᠨ ᠲᠥᠭᠥᠷᠢᠭ ᠮᠡᠬᠡᠯᠡᠭᠳᠡᠭᠰᠡᠨ ᠬᠦᠨᠳᠦ ᠶᠡᠬᠡ ᠮᠡᠬᠡᠯᠡᠯ᠎ᠤᠨ ᠬᠡᠷᠡᠭ᠎ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠨᠢᠭᠡ ᠵᠢ ᠪᠠᠷᠢᠪᠴᠢᠯᠠᠪᠠ᠃

1.jpg


    ᠣᠶ᠋ᠢᠯᠠᠭ᠋ᠠᠭᠰᠠᠨ ᠵᠶ᠋ᠠᠷ᠂ 2023 ᠣᠨ᠎ᠤ 2 ᠰᠠᠷ᠎ᠠ ᠵᠢᠨ 13᠎ᠤ ᠡᠳᠦᠷ᠎ᠤᠨ 15 ᠴᠠᠭ᠎ᠲᠤ᠂ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ 110 ᠬᠡᠷᠡᠭ ᠮᠡᠳᠡᠭᠦᠯᠬᠦ ᠲᠠᠪᠴᠠᠩ ᠬᠠᠷᠢᠶᠠᠲᠤ ᠣᠷᠣᠨ᠎ᠤ ᠭᠠᠨᠵᠤᠭ᠎ᠠ ᠪᠠᠯᠭ᠋ᠠᠰᠤᠨ᠎ᠤ ᠰᠠᠭᠤᠭ᠋ᠠᠯᠢ ᠠᠷᠠᠳ ᠬᠠᠨ ᠣᠪᠣᠭᠲᠤ ᠵᠢᠨ 2020 ᠣᠨ᠎ᠤ 6 ᠰᠠᠷ᠎ᠠ᠎ᠳᠤ᠂ ᠲᠠᠨᠢᠯ ᠬᠥᠮᠦᠨ ᠴᠢᠶᠣᠤ ᠣᠪᠣᠭᠲᠤ᠎ᠠᠴᠠ ᠮᠢᠨᠤ ᠥᠬᠢᠨ᠎ᠳᠤ ᠠᠵᠢᠯ ᠲᠣᠬᠢᠷᠠᠭᠤᠯᠵᠤ ᠥᠭᠬᠦ ᠰᠢᠯᠲᠠᠭ ᠵᠶ᠋ᠠᠷ 30 ᠲᠦᠮᠡᠨ ᠲᠥᠭᠥᠷᠢᠭ᠎ᠢ ᠮᠡᠬᠡᠯᠡᠨ ᠠᠪᠤᠭ᠋ᠠᠳ ᠣᠲᠣ ᠪᠣᠯᠲᠠᠯ᠎ᠠ ᠬᠠᠷᠢᠭᠤ ᠥᠬᠡᠶ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃
     ᠬᠡᠷᠡᠭ᠎ᠤᠨ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠲᠣᠪᠴᠢᠶᠠᠨ᠎ᠤ ᠭᠣᠣᠯᠯᠠᠨ ᠬᠠᠮᠢᠶᠠᠷᠬᠤ ᠤᠳᠤᠷᠢᠳᠤᠯᠭ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠲᠤᠰᠬᠠᠶ ᠬᠡᠷᠡᠭ᠎ᠤᠨ ᠳᠤᠭᠤᠶ᠋ᠢᠯᠠᠩ᠎ᠢ ᠦᠳᠲᠡᠷ ᠲᠦᠷᠭᠡᠨ ᠵᠶ᠋ᠠᠷ ᠪᠠᠶ᠋ᠢᠭᠤᠯᠤᠨ ᠰᠤᠷᠪᠤᠯᠵᠢᠯᠠᠨ ᠪᠠᠶ᠋ᠢᠴᠠᠭ᠋ᠠᠵᠤ᠂ ᠬᠡᠷᠡᠭ᠎ᠢ ᠰᠤᠳᠤᠯᠤᠨ ᠮᠠᠭ᠋ᠠᠳᠯᠠᠵᠤ ᠲᠦᠷᠭᠡᠨ ᠲᠤᠷᠰᠢᠨ ᠪᠠᠶ᠋ᠢᠴᠠᠭ᠋ᠠᠬᠤ ᠲᠣᠭᠲᠠᠴᠠ ᠵᠢ ᠡᠬᠢᠯᠡᠨ ᠬᠡᠷᠡᠭᠵᠢᠭᠦᠯᠵᠦ᠂ ᠶᠠᠯ᠎ᠠ ᠬᠢᠭᠰᠡᠨ ᠰᠡᠵᠢᠭᠳᠡᠨ ᠴᠢᠶᠣᠤ ᠣᠪᠣᠭᠲᠤ ᠵᠢᠨ ᠦᠨᠡᠨ ᠪᠡᠶ᠎ᠡ ᠵᠢᠨ ᠭᠠᠷᠤᠯ᠎ᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠳᠣᠲᠣᠯᠠᠵᠠᠶ᠃ ᠲᠤᠷᠰᠢᠨ ᠪᠠᠶ᠋ᠢᠴᠠᠭ᠋ᠠᠭᠴᠢ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠶ᠋ᠢᠭᠤᠯᠵᠤ ᠨᠡᠬᠡᠮᠵᠢᠯᠡᠨ ᠪᠠᠷᠢᠪᠴᠢᠯᠠᠬᠤ ᠵᠢᠨ ᠬᠠᠮᠲᠤ ᠴᠢᠶᠣᠤ ᠣᠪᠣᠭᠲᠤ ᠵᠢᠨ ᠭᠡᠷ ᠪᠦᠯᠢ ᠵᠢᠨ᠎ᠬᠢᠨ᠎ᠲᠠᠢ ᠢᠳᠡᠪᠬᠢᠲᠡᠶ ᠬᠠᠷᠢᠯᠴᠠᠵᠤ᠂ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠵᠢᠨ ᠲᠠᠯ᠎ᠠ᠎ᠪᠠᠷ ᠲᠠᠢ᠌ᠯᠪᠤᠷᠢᠯᠠᠵᠤ᠂ ᠠᠰᠢᠭ ᠬᠣᠣᠷ᠎ᠤᠨ ᠬᠠᠷᠢᠴᠠᠭ᠎ᠠ ᠵᠢ ᠲᠣᠳᠣᠷᠬᠠᠶ᠋ᠢᠯᠠᠨ ᠶᠠᠷᠢᠵᠤ᠂ ᠲᠡᠳᠡᠨ᠎ᠢ ᠳᠠᠶ᠋ᠢᠴᠢᠯᠠᠨ ᠴᠠᠭᠳᠠᠭ᠋ᠠᠨ᠎ᠤ ᠲᠠᠯ᠎ᠠ ᠵᠢᠨ᠎ᠬᠢᠨ᠎ᠲᠠᠢ ᠬᠠᠮᠵᠢᠯᠴᠠᠨ ᠴᠢᠶᠣᠤ ᠣᠪᠣᠭᠲᠤ ᠵᠢ ᠢᠳᠬᠠᠭᠤᠯᠵᠤ᠂ ᠴᠢᠶᠣᠤ ᠣᠪᠣᠭᠲᠤ᠎ᠢ ᠠᠭᠤᠴᠢᠯᠠᠨ ᠰᠢᠢ᠍ᠳᠪᠦᠷᠢᠯᠡᠬᠦ᠎ᠪᠠᠷ ᠴᠢᠷᠮᠠᠶ᠋ᠢᠪᠠ᠃
    ᠠᠷᠠᠳ᠎ᠤᠨ ᠴᠠᠭᠳᠠᠭ᠎ᠠ᠎ᠠᠴᠠ ᠬᠠᠤᠯᠢ ᠴᠠᠭ᠋ᠠᠵᠠ ᠪᠠ ᠲᠥᠷᠥ ᠵᠢᠨ ᠪᠣᠳᠣᠯᠭ᠎ᠠ ᠵᠢ ᠣᠯᠠᠨ ᠤᠳᠠᠭ᠎ᠠ ᠲᠠᠢ᠌ᠯᠪᠤᠷᠢᠯᠠᠵᠤ᠂ ᠢᠳᠬᠠᠨ ᠰᠠᠨᠠᠭᠤᠯᠵᠤ ᠦᠵᠡᠯ ᠰᠠᠨᠠᠭ᠋ᠠᠨ᠎ᠤ ᠠᠵᠢᠯ᠎ᠢ ᠬᠢᠬᠦ ᠳᠠᠮᠵᠢᠨ᠂ 2 ᠰᠠᠷ᠎ᠠ ᠵᠢᠨ 18᠎ᠤ ᠡᠳᠦᠷ ᠶᠠᠯ᠎ᠠ ᠬᠢᠭᠰᠡᠨ ᠰᠡᠵᠢᠭᠳᠡᠨ ᠴᠢᠶᠣᠤ ᠣᠪᠣᠭᠲᠤ ᠬᠡᠷ᠎ᠤᠨ ᠬᠥᠮᠦᠰ᠎ᠤᠨ ᠵᠶ᠋ᠠᠨ ᠳᠠᠭ᠋ᠠᠭᠤᠯᠭ᠎ᠠ᠎ᠪᠠᠷ ᠲᠣᠰ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ᠎ᠳᠤ ᠬᠦᠷᠴᠦ ᠶᠠᠯ᠎ᠠ᠎ᠪᠠᠨ ᠮᠡᠳᠡᠷᠡᠵᠦ ᠪᠡᠶ᠎ᠡ᠎ᠪᠠᠨ ᠲᠤᠰᠢᠶᠠᠵᠠᠶ᠃
    ᠬᠠᠤᠯᠢ ᠶᠣᠰᠣᠭ᠋ᠠᠷ ᠰᠢᠭᠦᠨ ᠠᠰᠠᠭᠤᠬᠤ᠎ᠪᠠᠷ ᠳᠠᠮᠵᠢᠭ᠋ᠠᠳ᠂ ᠶᠠᠯ᠎ᠠ ᠬᠢᠭᠰᠡᠨ ᠰᠡᠵᠢᠭᠳᠡᠨ ᠴᠢᠶᠣᠤ ᠣᠪᠣᠭᠲᠤ ᠥᠪᠡᠷ᠎ᠤᠨ ᠮᠡᠬᠡᠯᠡᠭᠰᠡᠨ ᠶᠠᠯ᠎ᠠ ᠵᠢᠨ ᠪᠣᠳᠠᠲᠤ ᠬᠡᠷᠡᠭ ᠵᠶ᠋ᠠᠨ ᠥᠴᠢᠭᠯᠡᠨ ᠮᠡᠳᠡᠷᠡᠵᠦ᠂ ᠣᠳᠣ ᠨᠢᠭᠡᠨᠲᠡ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠬᠡᠷᠡᠭ᠎ᠢ ᠤᠯᠠᠮ ᠨᠢᠭᠡ ᠠᠯᠬᠤᠮ ᠰᠢᠢ᠍ᠳᠪᠦᠷᠢᠯᠡᠵᠦ ᠪᠠᠶ᠋ᠢᠨ᠎ᠠ᠃

 

ᠢᠷᠡᠯᠲᠡ᠄ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ