ᠦᠢᠯᠡᠴᠢᠯᠡᠭᠡ   -   ᠰᠡᠷᠡᠮᠵᠢ᠎ᠶᠢᠨ ᠬᠤᠩᠬᠤ
ᠠᠷᠠᠳ᠎ᠤᠨ ᠴᠠᠭᠳᠠᠭ᠎ᠠ ᠨᠢᠭᠡ ᠬᠥᠯᠥᠰᠥᠨ ᠠᠵᠢᠯᠴᠢᠨ᠎ᠤ ᠰᠦᠯᠵᠢᠶᠡᠨ᠎ᠤ ᠵᠢᠭᠡᠯᠡᠯᠭᠡ ᠵᠢᠨ ᠮᠡᠬᠡᠯᠡᠯ᠎ᠳᠤ ᠤᠨᠠᠭᠰᠠᠨ 5400 ᠲᠥᠭᠥᠷᠢᠭ᠎ᠤᠨ ᠬᠣᠬᠢᠷᠠᠯ᠎ᠢ ᠨᠡᠬᠡᠮᠵᠢᠯᠡᠨ ᠠᠪᠴᠢᠷᠠᠪᠠ
ᠨᠡᠶ᠋ᠢᠲᠡᠯᠡᠭᠰᠡᠨ ᠴᠠᠭ᠄ 2023-04-11

      ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠳᠤᠭᠤᠴᠢᠨ ᠲᠣᠮᠢᠯᠠᠭᠰᠠᠨ ᠰᠠᠯᠪᠤᠷᠢ ᠡᠷᠡᠭᠦᠦ ᠵᠢᠨ ᠬᠡᠷᠡᠭ᠎ᠤᠨ ᠲᠠᠩᠨᠠᠨ ᠪᠠᠶ᠋ᠢᠴᠠᠭ᠋ᠠᠬᠤ ᠶᠡᠬᠡ ᠠᠩᠭᠢ᠎ᠲᠠᠢ ᠬᠠᠮᠲᠤᠷᠠᠨ ᠠᠵᠢᠯᠯᠠᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠦᠷᠭᠦᠯᠵᠢᠯᠡᠨ 《ᠥᠴᠦᠬᠡᠨ ᠴᠦ᠍ ᠢᠯᠳᠠᠷ ᠬᠠᠶᠠᠬᠤ ᠦᠭᠡᠢ》 ᠰᠦᠷ ᠬᠦᠴᠦᠲᠦ ᠪᠠᠶ᠋ᠢᠳᠠᠯ᠎ᠢ ᠪᠠᠷᠢᠮᠲᠠᠯᠠᠨ᠂ ᠬᠦᠴᠦᠲᠡᠶ ᠲᠠᠭ᠋ᠠᠷᠢᠯᠲᠠ ᠶᠠᠪᠤᠭᠤᠯᠵᠤ᠂ ᠬᠠᠤᠯᠢ᠎ᠠᠴᠠ ᠵᠥᠷᠢᠴᠡᠭᠰᠡᠨ ᠶᠠᠯᠠᠲᠤ ᠡᠲᠡᠭᠡᠳ᠎ᠤᠨ ᠠᠮᠠᠨ ᠳᠡᠭᠡᠷ᠎ᠡ᠎ᠠᠴᠠ ᠮᠡᠬᠡᠯᠡᠭᠳᠡᠵᠦ ᠥᠷᠢᠲᠦᠭᠰᠡᠨ ᠵᠣᠭᠣᠰ᠎ᠢ ᠨᠡᠬᠡᠮᠵᠢᠯᠡᠨ ᠠᠪᠴᠢᠷᠠᠵᠤ᠂ ᠠᠷᠠᠳ ᠢᠷᠭᠡᠳ᠎ᠤᠨ 《ᠵᠣᠭᠣᠰ᠎ᠤᠨ ᠴᠥᠩᠬᠦ》 ᠵᠢ ᠪᠠᠲᠤ ᠰᠠᠬᠢᠪᠠ᠃

1.jpg


      2023 ᠣᠨ᠎ᠤ 3 ᠰᠠᠷ᠎ᠠ ᠵᠢᠨ 22᠎ᠤᠨ ᠡᠳᠦᠷ᠎ᠤᠨ 19 ᠴᠠᠭ 40 ᠮᠢᠨᠦ᠋ᠲ᠎ᠲᠤ ᠨᠢᠭᠡᠨ ᠬᠥᠯᠥᠰᠥᠨ ᠠᠵᠢᠯᠴᠢᠨ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠠᠳᠤᠭᠤᠴᠢᠨ ᠲᠣᠮᠢᠯᠠᠭᠰᠠᠨ ᠰᠠᠯᠪᠤᠷᠢ ᠵᠢᠨ ᠵᠢᠵᠢᠭᠦᠷ᠎ᠤᠨ ᠲᠠᠰᠤᠭ᠎ᠲᠤ ᠶᠠᠭ᠋ᠠᠷᠠᠤ ᠰᠠᠨᠳᠤᠷᠤᠤ᠎ᠪᠠᠷ ᠢᠷᠡᠵᠦ ᠮᠡᠬᠡᠯᠡᠭᠳᠡᠭᠰᠡᠨ ᠪᠠᠶ᠋ᠢᠵᠤ ᠮᠡᠳᠡᠨ᠎ᠡ ᠭᠡᠵᠦ ᠬᠡᠷᠡᠭ ᠮᠡᠳᠡᠭᠦᠯᠦᠭᠰᠡᠨ᠎ᠳᠤ ᠵᠢᠵᠢᠭᠦᠷ᠎ᠤᠨ ᠴᠠᠭᠳᠠᠭ᠎ᠠ ᠨᠢᠭᠡ ᠲᠠᠯ᠎ᠠ᠎ᠪᠠᠷ ᠬᠡᠷᠡᠭ ᠮᠡᠳᠡᠭᠦᠯᠦᠭᠴᠢ ᠵᠢ ᠲᠠᠶ᠋ᠢᠳᠬᠤᠷᠠᠭᠤᠯᠵᠤ᠂ ᠨᠥᠭᠥᠭᠡ ᠲᠠᠯ᠎ᠠ᠎ᠪᠠᠷ ᠨᠠᠷᠢᠨ ᠪᠠᠶ᠋ᠢᠳᠠᠯ᠎ᠢ ᠣᠶ᠋ᠢᠯᠠᠭ᠋ᠠᠵᠠᠶ᠃
      ᠣᠶ᠋ᠢᠯᠠᠭ᠋ᠠᠭᠰᠠᠨ ᠵᠶ᠋ᠠᠷ᠂ ᠲᠤᠬᠠᠶ ᠵᠢᠨ ᠬᠥᠮᠦᠨ ᠸᠠᠩ ᠣᠪᠣᠭᠲᠤ ᠣᠷᠴᠢᠮ ᠭᠠᠷ ᠲᠠᠲᠠᠭᠤ ᠪᠠᠶ᠋ᠢᠭ᠎ᠠ ᠪᠣᠯᠬᠣᠷ ᠵᠢᠭᠡᠯᠡᠯᠭᠡ ᠵᠢᠭᠡᠯᠡᠵᠦ ᠪᠠᠴᠢᠮ ᠪᠠᠶ᠋ᠢᠳᠠᠯ ᠵᠶ᠋ᠡᠨ ᠠᠷᠭ᠋ᠠᠴᠠᠶ᠎ᠠ ᠭᠡᠵᠦ ᠪᠣᠳᠣᠭ᠋ᠠᠳ᠂ ᠣᠢ᠌ᠷ᠎ᠠ᠎ᠳᠤ ᠭᠠᠷ ᠤᠲᠠᠰᠤᠨ᠎ᠳᠤ᠎ᠨᠢ ᠵᠢᠭᠡᠯᠡᠯᠭᠡ ᠲᠠᠯᠪᠢᠬᠤ ᠮᠡᠳᠡᠭᠡ ᠵᠠᠩᠭᠢ ᠵᠢ ᠣᠯᠤᠭᠰᠠᠨ ᠪᠣᠯᠬᠣᠷ ᠲᠤᠷᠰᠢᠵᠤ ᠦᠵᠡᠬᠦ ᠪᠣᠳᠣᠯ ᠡᠪᠦᠷᠯᠡᠨ ᠲᠤᠰ ᠵᠢᠭᠡᠯᠡᠯᠭᠡ ᠵᠢᠨ ᠲᠠᠪᠴᠠᠩ᠎ᠲᠠᠢ ᠬᠠᠷᠢᠯᠴᠠᠵᠤ᠂ ᠨᠥᠭᠥᠭᠡ ᠡᠲᠡᠭᠡᠳ᠎ᠤᠨ ᠵᠶ᠋ᠠᠨ ᠵᠢᠯᠣᠭᠣᠳᠣᠯᠭ᠎ᠠ ᠵᠢ ᠦᠨᠳᠦᠰᠦᠯᠡᠨ ᠬᠣᠯᠪᠣᠭᠳᠠᠯ ᠪᠦᠬᠦᠢ ᠵᠥᠭᠡᠯᠡᠨ ᠲᠣᠨᠣᠭ᠎ᠢ ᠪᠠᠭᠤᠯᠭ᠋ᠠᠨ ᠠᠪᠴᠤ ᠤᠭᠰᠠᠷᠠᠪᠠ᠃ ᠸᠠᠩ ᠣᠪᠣᠭᠲᠤ 1.8 ᠲᠦᠮᠡᠨ ᠲᠥᠭᠥᠷᠢᠭ᠎ᠤᠨ ᠵᠢᠭᠡᠯᠡᠯᠭᠡ ᠠᠪᠬᠤ ᠰᠠᠨᠠᠭ᠎ᠠ᠎ᠲᠠᠢ᠂ ᠨᠦᠬᠦᠭᠡ ᠡᠲᠡᠭᠡᠳ᠎ᠨᠢ ᠲᠡᠭᠦᠨ᠎ᠤ ᠲᠠᠨᠭ᠌ᠰᠠᠨ ᠨᠣᠮᠧᠷ᠎ᠢ ᠪᠤᠷᠤᠭᠤ ᠣᠷᠣᠭᠤᠯᠤᠭᠰᠠᠨ᠂ ᠴᠡᠪᠳᠡᠭᠰᠢᠭᠦᠯᠦᠭᠰᠡᠨ ᠲᠠᠨᠭ᠌ᠰᠠᠨ ᠡᠷᠤᠭᠡ ᠵᠢ ᠲᠠᠶ᠋ᠢᠯᠬᠤ ᠴᠢᠬᠤᠯᠠᠲᠠᠶ ᠭᠡᠳᠡᠭ ᠵᠶ᠋ᠠᠷ ᠰᠢᠯᠲᠠᠭ᠋ᠠᠨ ᠪᠣᠯᠭ᠋ᠠᠵᠤ ᠲᠡᠭᠦᠨ᠎ᠢ ᠲᠣᠭᠲᠠᠭ᠋ᠠᠭᠰᠠᠨ ᠲᠠᠨᠭ᠌ᠰᠠᠨ ᠡᠷᠤᠭᠡ᠎ᠳᠤ 5400 ᠲᠥᠭᠥᠷᠢᠭ ᠬᠠᠳᠠᠭ᠋ᠠᠯᠠᠭᠤᠯᠬᠤ᠎ᠪᠠᠷ ᠱᠠᠭ᠋ᠠᠷᠳᠠᠵᠠᠶ᠃ ᠰᠡᠭᠦᠯᠡᠷ᠎ᠨᠢ ᠨᠦᠬᠦᠭᠡ ᠡᠲᠡᠭᠡᠳ᠎ᠨᠢ ᠭᠡᠷ᠎ᠡ ᠨᠢᠭᠡᠨᠲᠡ ᠬᠦᠴᠦᠨ᠎ᠲᠠᠢ ᠪᠣᠯᠤᠭᠰᠠᠨ ᠵᠶ᠋ᠠᠷ ᠸᠠᠩ ᠣᠪᠣᠭᠲᠤ ᠵᠢ ᠦᠷᠭᠦᠯᠵᠢᠯᠡᠨ ᠪᠠᠩᠬᠢ ᠵᠢᠨ ᠺᠠᠷᠲ᠎ᠲᠤ 1.2 ᠲᠦᠮᠡᠨ ᠲᠥᠭᠥᠷᠢᠭ ᠬᠠᠳᠠᠭ᠋ᠠᠯᠠᠭᠤᠯᠬᠤ ᠭᠡᠪᠡ᠂ ᠡᠨᠡ ᠦᠶ᠎ᠡ᠎ᠳᠤ ᠸᠠᠩ ᠣᠪᠣᠭᠲᠤ ᠰᠠᠶᠢ ᠮᠡᠬᠡᠯᠡᠭᠳᠡᠭᠰᠡᠨ ᠵᠶ᠋ᠠᠨ ᠰᠡᠷᠡᠵᠦ ᠮᠡᠳᠡᠵᠡᠢ᠃ ᠸᠠᠩ ᠣᠪᠣᠭᠲᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠭᠤᠯᠭ᠎ᠠ ᠵᠢ ᠪᠤᠳᠤᠵᠤ ᠣᠯᠣᠭ᠋ᠠᠳ᠂ ᠲᠡᠷᠡ ᠳᠠᠷᠤᠶ᠎ᠳᠤ᠎ᠨᠢ ᠠᠳᠤᠭᠤᠴᠢᠨ ᠲᠣᠮᠢᠯᠠᠭᠰᠠᠨ ᠰᠠᠯᠪᠤᠷᠢ᠎ᠳᠤ ᠬᠦᠷᠴᠦ ᠬᠡᠷᠡᠭ ᠮᠡᠳᠡᠭᠦᠯᠪᠡ᠃
      ᠠᠷᠠᠳ᠎ᠤᠨ ᠴᠠᠭᠳᠠᠭ᠎ᠠ ᠸᠠᠩ ᠣᠪᠣᠭᠲᠤ ᠵᠢᠨ ᠭᠠᠷ ᠤᠲᠠᠰᠤᠨ ᠳᠡᠭᠡᠷ᠎ᠡ ᠠᠵᠢᠯᠯᠠᠭᠤᠯᠤᠭᠰᠠᠨ ᠠᠵᠢᠯᠯᠠᠭ᠎ᠠ᠂ ᠵᠣᠭᠣᠰ ᠬᠠᠳᠠᠭ᠋ᠠᠯᠠᠭᠰᠠᠨ᠂ ᠰᠢᠯᠭ᠋ᠠᠨ ᠪᠠᠲᠤᠯᠠᠭᠰᠠᠨ ᠨᠣᠮᠧᠷ᠂ ᠵᠣᠭᠣᠰ ᠰᠢᠯᠵᠢᠭᠦᠯᠦᠭᠰᠡᠨ᠂ ᠵᠣᠭᠣᠭᠳᠠᠭᠰᠠᠨ ᠲᠡᠮᠳᠡᠭᠯᠡᠯ ᠵᠡᠷᠭᠡ ᠠᠭᠤᠯᠭ᠎ᠠ ᠵᠢ ᠪᠠᠶ᠋ᠢᠴᠠᠭ᠋ᠠᠨ ᠦᠵᠡᠭᠰᠡᠨ᠎ᠤ ᠳᠠᠷᠠᠭ᠎ᠠ᠂ ᠡᠨᠡ ᠪᠣᠯ ᠨᠢᠭᠡᠨ ᠬᠤᠳᠠᠯ ᠬᠠᠭᠤᠷᠮᠠᠭ ᠰᠦᠯᠵᠢᠶᠡᠨ᠎ᠤ ᠵᠢᠭᠡᠯᠡᠯᠭᠡ ᠵᠢᠨ ᠲᠥᠷᠥᠯ᠎ᠤᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠨᠡᠶ᠋ᠢᠲᠡᠯᠢᠭ ᠬᠡᠷᠡᠭ ᠮᠥᠨ ᠭᠡᠵᠦ ᠮᠠᠭ᠋ᠠᠳᠯᠠᠨ ᠲᠣᠭᠲᠠᠭ᠋ᠠᠵᠠᠶ᠃ ᠸᠠᠩ ᠣᠪᠣᠭᠲᠤ ᠵᠢᠨ ᠭᠤᠪᠢᠭᠤᠯᠤᠭᠰᠠᠨ 5400 ᠲᠥᠭᠥᠷᠢᠭ᠎ᠢ ᠮᠡᠬᠡᠯᠡᠭᠴᠢ᠎ᠠᠴᠠ ᠤᠷᠢᠳᠠᠪᠠᠷ ᠠᠪᠠᠴᠢᠬᠤ᠎ᠠᠴᠠ ᠰᠡᠷᠭᠡᠶ᠋ᠢᠯᠡᠬᠦ ᠵᠢᠨ ᠲᠥᠯᠥᠭᠡ ᠠᠷᠠᠳ᠎ᠤᠨ ᠴᠠᠭᠳᠠᠭ᠎ᠠ ᠲᠡᠷᠡ ᠳᠠᠷᠤᠶ᠎ᠳᠤ᠎ᠨᠢ ᠬᠣᠰᠢᠭᠤᠨ᠎ᠤ ᠲᠣᠪᠴᠢᠶᠠᠨ᠎ᠤ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠮᠡᠬᠡᠯᠡᠯ᠎ᠢ ᠡᠰᠡᠷᠭᠦᠴᠡᠬᠦ ᠲᠥᠪ᠎ᠲᠠᠢ ᠬᠠᠷᠢᠯᠴᠠᠵᠤ ᠬᠠᠮᠵᠢᠯᠴᠠᠭᠤᠯᠪᠠ᠃
      ᠪᠠᠶ᠋ᠢᠴᠠᠭ᠋ᠠᠭᠰᠠᠨ ᠵᠶ᠋ᠠᠷ᠂ ᠸᠠᠩ ᠣᠪᠣᠭᠲᠤ ᠵᠢᠨ ᠵᠣᠭᠣᠰ᠎ᠨᠢ ᠨᠥᠭᠥᠭᠡ ᠡᠲᠡᠭᠡᠳ᠎ᠤᠨ ᠪᠠᠩᠬᠢ ᠵᠢᠨ ᠳᠠᠩᠰᠠᠨ ᠡᠷᠦᠬᠡ᠎ᠳᠤ ᠰᠢᠭᠤᠳ ᠣᠷᠣᠭ᠎ᠠ ᠦᠭᠡᠶ᠂ ᠬᠠᠷᠢᠨ ᠭᠤᠷᠪᠠᠳᠤᠭ᠋ᠠᠷ ᠡᠲᠡᠭᠡᠳ᠎ᠤᠨ ᠪᠠᠩᠬᠢ ᠵᠢᠨ ᠳᠠᠩᠰᠠᠨ ᠡᠷᠦᠬᠡ᠎ᠳᠤ ᠪᠠᠶ᠋ᠢᠭ᠎ᠠ ᠪᠣᠯᠬᠣᠷ ᠠᠷᠠᠳ᠎ᠤᠨ ᠴᠠᠭᠳᠠᠭ᠎ᠠ ᠲᠡᠷᠡ ᠳᠣᠣᠷ᠎ᠠ᠎ᠨᠢ ᠪᠠᠩᠬᠢ ᠵᠢᠨ ᠦᠢ᠍ᠯᠡᠴᠢᠯᠡᠭᠴᠢ᠎ᠲᠠᠢ ᠬᠠᠷᠢᠯᠴᠠᠵᠤ᠂ ᠮᠡᠬᠡᠯᠡᠭᠴᠢ᠎ᠠᠴᠠ ᠨᠢᠭᠡ ᠠᠯᠬᠤᠮ ᠤᠷᠢᠲᠠᠵᠤ᠂ ᠮᠡᠬᠡᠯᠡᠭᠳᠡᠭᠰᠡᠨ ᠵᠣᠭᠣᠰ᠎ᠢ ᠰᠢᠯᠵᠢᠭᠦᠯᠵᠦ ᠠᠪᠠᠴᠢᠬᠤ᠎ᠠᠴᠠ ᠡᠮᠦᠨ᠎ᠡ ᠬᠣᠷᠢᠭᠯᠠᠵᠤ ᠴᠢᠳᠠᠭᠰᠠᠨ ᠪᠠᠶ᠋ᠢᠨ᠎ᠠ᠃ ᠸᠠᠩ ᠣᠪᠣᠭᠲᠤ 《ᠠᠷᠠᠳ᠎ᠤᠨ ᠴᠠᠭᠳᠠᠭ᠎ᠠ ᠠᠷᠠᠳ ᠲᠦᠮᠡᠨ᠎ᠤ ᠲᠥᠯᠥᠭᠡ᠂ ᠠᠯᠳᠠᠭᠰᠠᠨ᠎ᠢ ᠡᠭᠡᠭᠦᠯᠵᠦ ᠰᠡᠳᠬᠢᠯ᠎ᠢ ᠪᠠᠶᠠᠰᠬᠠᠪᠠᠢ》 ᠭᠡᠰᠡᠨ ᠬᠡᠮᠡᠷᠯᠢᠭ ᠲᠤᠭ᠎ᠢ ᠲᠤᠰᠬᠠᠶ᠋ᠢᠯᠠᠨ ᠵᠣᠬᠢᠶᠠᠵᠤ ᠠᠳᠤᠭᠤᠴᠢᠨ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠵᠢᠨ ᠭᠠᠷ᠎ᠲᠤ ᠬᠦᠷᠭᠡᠵᠦ᠂ ᠲᠡᠭᠦᠨ᠎ᠢ ᠬᠣᠬᠢᠷᠠᠯ᠎ᠠᠴᠠ ᠵᠠᠢ᠌ᠯᠠᠭᠤᠯᠤᠭᠰᠠᠨ᠎ᠳᠤ ᠲᠠᠯᠠᠷᠬᠠᠯ ᠵᠶ᠋ᠠᠨ ᠢᠯᠡᠳᠬᠡᠪᠡ᠃

ᠢᠷᠡᠯᠲᠡ᠄ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ