ᠦᠢᠯᠡᠴᠢᠯᠡᠭᠡ   -   ᠰᠡᠷᠡᠮᠵᠢ᠎ᠶᠢᠨ ᠬᠤᠩᠬᠤ
ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠨᠢᠭᠡ ᠡᠷᠡᠭᠲᠡᠢ ᠵᠢᠨ ᠮᠡᠬᠡᠯᠡᠭᠳᠡᠬᠦ ᠵᠢ ᠴᠠᠭ ᠲᠤᠬᠠᠢ᠎ᠳᠤ᠎ᠨᠢ ᠬᠣᠷᠢᠭᠯᠠᠪᠠ
ᠨᠡᠶ᠋ᠢᠲᠡᠯᠡᠭᠰᠡᠨ ᠴᠠᠭ᠄ 2023-04-07

      ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠵᠢᠨ ᠤᠯᠠᠨ ᠡᠭᠦᠰᠬᠦ ᠪᠠᠶ᠋ᠢᠳᠠᠯ᠎ᠢ ᠡᠷᠡᠰ ᠬᠣᠷᠢᠭᠯᠠᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠤᠨ ᠡᠭᠦᠰᠬᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠤᠷᠢᠳᠴᠢᠯᠠᠨ ᠰᠡᠷᠭᠡᠶ᠋ᠢᠯᠡᠬᠦ ᠪᠠ ᠪᠠᠭ᠋ᠠᠰᠬᠠᠬᠤ ᠵᠢᠨ ᠲᠦᠯᠦᠭᠡ᠂ 3 ᠰᠠᠷ᠎ᠠ ᠵᠢᠨ 17᠎ᠤ ᠡᠳᠦᠷ᠂ ᠴᠢᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠠᠮᠵᠢᠯᠲᠠ᠎ᠲᠠᠢ᠎ᠪᠠᠷ ᠤᠷᠢᠳᠴᠢᠯᠠᠨ ᠰᠡᠷᠡᠮᠵᠢᠯᠡᠭᠦᠯᠵᠦ᠂ ᠨᠢᠭᠡ ᠮᠡᠬᠡᠯᠡᠯ᠎ᠢ ᠢᠳᠬᠠᠨ ᠬᠣᠷᠢᠭᠯᠠᠵᠤ᠂ 6 ᠲᠦᠮᠡ ᠭᠠᠷᠤᠶ ᠲᠥᠭᠥᠷᠢᠭ ᠳᠥᠯᠥᠬᠦ ᠵᠢ ᠵᠣᠭᠰᠣᠭ᠋ᠠᠪᠠ᠃
      ᠲᠤᠬᠠᠶ ᠵᠢᠨ ᠡᠳᠦᠷ᠎ᠤᠨ ᠦᠳᠡ ᠵᠢᠨ ᠡᠮᠦᠨ᠎ᠡ᠂ ᠬᠤᠪᠢᠶᠠᠷᠢ ᠲᠣᠪᠴᠢᠶ᠎ᠠ ᠵᠢᠨ ᠴᠢᠮᠡᠭᠡ ᠮᠡᠳᠡᠭᠡ ᠵᠢᠯᠣᠭᠣᠳᠬᠤ ᠲᠥᠪ᠎ᠤᠨ᠎ᠬᠢᠨ ᠬᠠᠷᠢᠶᠠᠲᠤ ᠣᠷᠣᠨ᠎ᠤ ᠰᠠᠭᠤᠭ᠋ᠠᠯᠢ ᠠᠷᠠᠳ ᠮᠡᠬᠡᠯᠡᠯ᠎ᠳᠤ ᠤᠴᠠᠷᠠᠵᠤ ᠪᠠᠢ᠌ᠬᠤ ᠮᠠᠭ᠋ᠠᠳ᠂ ᠲᠤᠬᠠᠶ ᠵᠢᠨ ᠬᠥᠮᠦᠨ ᠵᠢᠩ ᠣᠪᠣᠭᠲᠤ᠎ᠲᠠᠢ ᠲᠡᠷᠡ ᠳᠠᠷᠤᠶ᠎ᠳᠤ᠎ᠨᠢ ᠬᠣᠯᠪᠣᠭ᠎ᠠ ᠠᠪᠴᠤ᠂ ᠶᠠᠮᠠᠷᠪᠠ ᠬᠥᠮᠦᠨ᠎ᠤ ᠲᠠᠩᠰᠠ ᠰᠢᠯᠵᠢᠭᠦᠯᠬᠦ ᠱᠠᠭ᠋ᠠᠷᠳᠠᠯᠭ᠎ᠠ ᠵᠢ ᠶᠠᠭ᠋ᠠᠬᠢᠭᠰᠠᠨ ᠴᠤ᠌ ᠢᠲᠡᠭᠡᠵᠦ ᠪᠣᠯᠬᠤ ᠥᠬᠡᠶ᠂ ᠭᠠᠷ ᠤᠲᠠᠰᠤᠨ᠎ᠤ ᠠᠵᠢᠯᠯᠠᠭ᠎ᠠ᠎ᠪᠠᠨ ᠵᠣᠭᠰᠣᠵᠤ᠂ ᠲᠤᠬᠠᠢ ᠵᠢᠨ ᠭᠠᠵᠠᠷ᠎ᠲᠤ᠎ᠪᠠᠨ ᠠᠷᠠᠳ᠎ᠤᠨ ᠴᠠᠭᠳᠠᠭ᠎ᠠ ᠵᠢ ᠬᠦᠯᠢᠶᠡᠵᠦ ᠪᠠᠶ᠋ᠢᠬᠤ ᠵᠢ ᠮᠡᠳᠡᠭᠳᠡ ᠭᠡᠰᠡᠨ ᠲᠠᠪᠴᠠᠩ᠎ᠤᠨ ᠰᠡᠷᠡᠮᠵᠢᠯᠡᠭᠦᠯᠦᠯ᠎ᠢ ᠲᠤᠰᠪᠠ᠃ ᠳᠠᠷᠠᠭ᠎ᠠ᠎ᠨᠢ ᠰᠢᠨᠵᠢᠯᠡᠬᠦ ᠤᠬᠠᠭ᠋ᠠᠨ᠎ᠤ ᠵᠠᠮ᠎ᠤᠨ ᠵᠡᠭᠡᠯᠢ ᠭᠤᠳᠤᠮᠵᠢ ᠵᠢᠨ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠵᠢ ᠲᠤᠬᠠᠶ ᠵᠢᠨ ᠲᠠᠯᠠᠪᠠᠶ᠎ᠳᠤ ᠲᠣᠮᠢᠯᠠᠵᠤ᠂ ᠠᠷᠠᠳ᠎ᠤᠨ ᠴᠠᠭᠳᠠᠭ᠎ᠠ ᠵᠢᠨ ᠭᠤᠷᠪᠠᠨ ᠴᠠᠭ ᠰᠢᠬᠠᠮ᠎ᠤᠨ ᠬᠠᠯᠠᠰᠢᠷᠠᠯ ᠦᠭᠡᠶ ᠢᠳᠬᠠᠭᠰᠠᠨ ᠵᠶ᠋ᠠᠷ ᠵᠢᠩ ᠣᠪᠣᠭᠲᠤ ᠮᠡᠬᠡᠯᠡᠯ᠎ᠳᠤ ᠤᠴᠠᠷᠠᠭᠰᠠᠨ ᠵᠶ᠋ᠠᠨ ᠰᠡᠷᠡᠵᠦ ᠮᠡᠳᠡᠭᠡᠳ ᠲᠠᠪᠴᠠᠩ᠎ᠤᠨ ᠳᠠᠩᠰᠠᠨ ᠨᠣᠮᠧᠷ᠎ᠢ ᠬᠦᠴᠦᠨ ᠦᠭᠡᠶ ᠪᠣᠯᠭ᠋ᠠᠵᠤ᠂ ᠲᠤᠰ APP ᠵᠢ ᠪᠠᠭᠤᠯᠭ᠋ᠠᠵᠤ ᠠᠪᠤᠭᠰᠠᠨ ᠪᠥᠭᠡᠳ ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ᠎ᠤᠨ APP ᠵᠢ ᠤᠭᠰᠠᠷᠠᠵᠤ ᠳᠠᠩᠰᠠᠯᠠᠭᠤᠯᠵᠠᠶ᠃
     《ᠲᠠ ᠨᠠᠷ᠎ᠲᠤ ᠶᠡᠬᠡᠳᠡ ᠲᠠᠯᠠᠷᠬᠠᠵᠤ ᠪᠠᠶ᠋ᠢᠨ᠎ᠠ᠂ ᠲᠠ ᠨᠠᠷ ᠪᠠᠶ᠋ᠢᠭᠰᠠᠨ ᠦᠭᠡᠶ ᠪᠣᠯ ᠮᠢᠨᠦ ᠬᠣᠬᠢᠷᠠᠯ ᠶᠡᠬᠡ ᠪᠣᠯᠤᠨ᠎ᠠ》 ᠭᠡᠵᠦ ᠵᠢᠩ ᠣᠪᠣᠭᠲᠤ ᠠᠷᠠᠳ᠎ᠤᠨ ᠴᠠᠭᠳᠠᠭ᠎ᠠ ᠵᠢᠨ ᠭᠠᠷ᠎ᠠᠴᠠ ᠠᠳᠬᠤᠨ ᠳᠠᠬᠢᠨᠲᠠ ᠲᠠᠯᠠᠷᠬᠠᠭᠰᠠᠨ ᠪᠥᠭᠡᠳ ᠬᠣᠶ᠋ᠢᠰᠢᠳᠠ ᠰᠦᠯᠵᠢᠶᠡᠨ ᠳᠡᠭᠡᠷᠡᠬᠢ ᠪᠡᠯᠡ ᠣᠷᠣᠭᠤᠯᠤᠯᠲᠠ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠠᠪᠴᠠᠩ᠎ᠢ ᠳᠠᠬᠢᠵᠤ ᠢᠲᠡᠭᠡᠬᠦ ᠦᠭᠡᠶ ᠭᠡᠵᠦ ᠢᠯᠡᠷᠬᠡᠶ᠋ᠢᠯᠡᠵᠡᠶ᠃
      ᠴᠢᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠴᠢᠮᠡᠭᠡ ᠮᠡᠳᠡᠭᠡ ᠵᠢᠯᠣᠭᠣᠳᠬᠤ ᠲᠥᠪ᠎ᠨᠢ ᠦᠷᠭᠦᠯᠵᠢᠯᠡᠨ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠰᠤᠷᠲᠠᠯ᠎ᠢ ᠴᠡᠭᠴᠡᠯᠡᠬᠦ᠂ ᠬᠡᠪ ᠴᠢᠨᠠᠷ᠎ᠢ ᠴᠢᠩᠭ᠋ᠠᠳᠬᠠᠬᠤ᠂ ᠳᠦᠷᠢ ᠲᠥᠷᠬᠦ ᠵᠢ ᠪᠤᠶ ᠪᠣᠯᠭ᠋ᠠᠬᠤ》 ᠲᠤᠰᠬᠠᠶ ᠠᠵᠢᠯᠯᠠᠭ᠎ᠠ ᠵᠢ ᠲᠤᠬᠠᠶ᠋ᠢᠯᠠᠭᠰᠠᠨ ᠠᠵᠢᠯ᠎ᠲᠠᠢ᠎ᠪᠠᠨ ᠣᠷᠭ᠋ᠠᠨᠢᠭ ᠵᠶ᠋ᠠᠷ ᠤᠶᠠᠯᠳᠤᠭᠤᠯᠵᠤ᠂ 《ᠴᠢᠮᠡᠭᠡ ᠮᠡᠳᠡᠭᠡ ᠵᠢᠯᠣᠭᠣᠳᠬᠤ ᠦᠢ᠍ᠯᠡ ᠠᠵᠢᠯᠯᠠᠭ᠎ᠠ》 ᠵᠢ ᠨᠢᠭᠡ ᠴᠣᠠᠠᠴᠠᠵᠢᠭᠤᠯᠬᠤ ᠠᠵᠢᠯᠯᠠᠭ᠋ᠠᠨ᠎ᠤ ᠲᠣᠭᠲᠠᠴᠠ᠎ᠳᠤ ᠲᠦᠰᠢᠭᠯᠡᠨ᠂ ᠲᠠᠪᠴᠠᠩ ᠵᠶ᠋ᠠᠷ ᠤᠷᠢᠳᠴᠢᠯᠠᠨ ᠰᠡᠷᠡᠮᠵᠢᠯᠡᠭᠦᠯᠬᠦ᠂ ᠬᠡᠷ᠎ᠲᠤ᠎ᠨᠢ ᠬᠦᠷᠴᠦ ᠢᠳᠬᠠᠨ ᠬᠣᠷᠢᠭᠯᠠᠵᠤ ᠠᠵᠢᠯ᠎ᠤᠨ ᠲᠣᠭᠲᠠᠴᠠ᠎ᠪᠠᠷ ᠳᠠᠮᠵᠢᠭᠤᠯᠤᠨ᠂ ᠤᠬᠠᠭᠤᠯᠭ᠎ᠠ ᠵᠢᠨ ᠬᠦᠴᠦᠨ ᠴᠢᠳᠠᠪᠤᠷᠢ ᠵᠢ ᠴᠢᠩᠭ᠋ᠠᠷᠠᠭᠤᠯᠵᠤ᠂ ᠬᠠᠷᠢᠶᠠᠲᠤ ᠣᠷᠣᠨ᠎ᠤ ᠣᠯᠠᠨ ᠲᠦᠮᠡᠨ᠎ᠤ ᠮᠡᠬᠡᠯᠡᠯ᠎ᠢ ᠡᠰᠡᠷᠭᠦᠴᠡᠬᠦ ᠦᠵᠡᠯ ᠤᠬᠠᠮᠰᠠᠷ ᠪᠠ ᠮᠡᠬᠡᠯᠡᠯ᠎ᠢ ᠲᠠᠨᠢᠬᠤ ᠰᠡᠷᠭᠡᠶ᠋ᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠥ ᠠᠷᠠᠳ᠎ᠤᠨ  ᠮᠡᠬᠡᠯᠡᠯ᠎ᠢ ᠡᠰᠡᠷᠭᠦᠴᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠡᠬᠢᠵᠢᠭᠦᠯᠵᠦ᠂ ᠪᠥᠬᠥ ᠨᠡᠶ᠋ᠢᠭᠡᠮ ᠵᠶ᠋ᠠᠷ ᠵᠶ᠋ᠠᠨ ᠬᠠᠮᠲᠤᠪᠠᠷ ᠣᠷᠣᠯᠴᠠᠵᠤ  ᠮᠡᠬᠡᠯᠡᠯ᠎ᠢ ᠰᠡᠷᠭᠡᠶ᠋ᠢᠯᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃

 

ᠢᠷᠡᠯᠲᠡ᠄ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ