ᠣᠶ᠋ᠢᠷ᠎ᠠ᠎ᠳᠤ᠂ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠤ ᠰᠠᠭᠤᠭ᠋ᠠᠯᠢ ᠠᠷᠠᠳ ᠯᠢᠦ ᠠᠪᠤᠭ᠋ᠠᠶ 《00》 ᠵᠶ᠋ᠠᠷ ᠡᠬᠢᠯᠡᠯᠲᠡ᠎ᠲᠠᠢ ᠤᠲᠠᠰᠤᠨ᠎ᠤ ᠨᠣᠮᠧᠷ ᠵᠶ᠋ᠠᠷ ᠢᠷᠡᠭᠦᠯᠦᠭᠰᠡᠨ ᠣᠬᠣᠷ ᠮᠡᠳᠡᠭᠡ ᠵᠢ ᠣᠯᠵᠤ᠂ ᠯᠢᠦ ᠠᠪᠤᠭ᠋ᠠᠶ ᠵᠢᠨ ETC ᠺᠠᠷᠲ᠎ᠨᠢ ᠮᠡᠳᠡᠭᠡ ᠵᠠᠩᠭᠢ ᠪᠦᠷᠢᠨ ᠪᠤᠰᠤ ᠤᠴᠢᠷ᠎ᠠᠴᠠ ᠬᠡᠷᠡᠭᠯᠡᠯᠲᠡ᠎ᠨᠢ ᠨᠢᠭᠡᠨᠲᠡ ᠲᠦᠷ ᠵᠣᠭᠰᠣᠵᠤ᠂ ᠴᠥᠷᠬᠡᠯᠡᠭᠡ ᠵᠢ ᠳᠠᠷᠤᠵᠤ ᠮᠠᠲ᠋ᠧᠷᠢᠶᠠᠯ ᠵᠶ᠋ᠠᠨ ᠨᠥᠬᠥᠬᠦ ᠴᠢᠬᠤᠯᠠᠲᠠᠶ ᠪᠣᠯᠤᠭᠰᠠᠨ᠎ᠢ ᠰᠠᠨᠠᠭᠤᠯᠪᠠ᠃

ᠯᠢᠦ ᠠᠪᠤᠭ᠋ᠠᠶ ᠦᠨᠡᠬᠡᠷ ETC ᠺᠠᠷᠲ ᠵᠶ᠋ᠠᠨ ᠤᠳᠠᠭ᠋ᠠᠨ ᠬᠡᠷᠡᠭᠯᠡᠭᠰᠡᠨ ᠥᠬᠡᠶ᠎ᠠᠴᠠ ᠢᠲᠡᠭᠡᠭᠡᠳ ᠴᠥᠷᠬᠡᠯᠡᠭᠡ ᠵᠢ ᠳᠠᠷᠤᠵᠤ ᠣᠷᠣᠭ᠋ᠠᠳ ᠰᠦᠯᠵᠢᠶᠡᠨ᠎ᠤ ᠥᠷᠲᠡᠭᠡᠨ᠎ᠤ ᠳᠠᠷᠠᠭ᠋ᠠᠯᠠᠯ ᠵᠶ᠋ᠠᠷ ᠬᠤᠪᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ ᠵᠢᠴᠢ ᠭᠠᠷ ᠤᠲᠠᠰᠤᠨ᠎ᠤ ᠨᠣᠮᠧᠷ᠂ ᠪᠠᠩᠬᠢ ᠵᠢᠨ ᠺᠠᠷᠲ᠎ᠤᠨ ᠨᠣᠮᠧᠷ᠂ ᠰᠢᠯᠭ᠋ᠠᠨ ᠪᠠᠲᠤᠯᠠᠬᠤ ᠨᠣᠮᠧᠷ ᠵᠡᠷᠭᠡ ᠮᠡᠳᠡᠭᠡ ᠵᠠᠩᠭᠢ᠎ᠪᠠᠨ ᠣᠷᠣᠭᠤᠯᠤᠭᠰᠠᠨ᠎ᠤ ᠳᠠᠷᠠᠭ᠎ᠠ᠂ ᠥᠪᠡᠷ᠎ᠤᠨ ᠪᠠᠩᠬᠢ ᠵᠢᠨ ᠺᠠᠷᠲ᠎ᠤᠨ 7 ᠲᠦᠮᠡᠨ ᠲᠥᠭᠥᠷᠢᠭ᠎ᠨᠢ ᠲᠡᠷᠡ ᠳᠠᠷᠤᠶᠳᠤᠨᠢ ᠰᠠᠭᠤᠯᠭ᠋ᠠᠨ ᠠᠪᠤᠭᠳᠠᠭᠰᠠᠨᠢ ᠣᠯᠵᠤ ᠮᠡᠳᠡᠵᠡᠶ᠂ ᠲᠡᠭᠡᠭᠡᠳ ᠯᠢᠦ ᠠᠪᠤᠭ᠋ᠠᠶ ᠮᠡᠬᠡᠯᠡᠭᠳᠡᠭᠰᠡᠨ ᠮᠠᠭ᠋ᠠᠳ ᠭᠡᠵᠦ ᠪᠣᠳᠣᠭ᠋ᠠᠳ ᠲᠡᠷᠡ ᠳᠠᠷᠤᠶᠳᠤᠨᠢ ᠡᠵᠡᠨ ᠬᠣᠷᠣᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠠᠰᠠᠭ ᠪᠠᠯᠭ᠋ᠠᠰᠤᠨ᠎ᠤ ᠲᠣᠮᠢᠯᠠᠭᠰᠠᠨ ᠰᠠᠯᠪᠤᠷᠢ᠎ᠳᠤ ᠬᠦᠷᠴᠦ ᠳᠦᠭᠰᠢᠭᠦᠷᠢ ᠮᠡᠳᠡᠭᠦᠯᠵᠦ ᠲᠤᠰᠠᠯᠠᠮᠵᠢ ᠭᠣᠶᠤᠪᠠ᠃

ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠮᠡᠬᠡᠯᠡᠯ᠎ᠢ ᠡᠰᠡᠷᠭᠦᠴᠡᠬᠦ ᠲᠥᠪ᠎ᠲᠠᠢ ᠬᠠᠷᠢᠯᠴᠠᠬᠤ ᠵᠢᠨ ᠵᠡᠷᠭᠡ᠎ᠳᠤ ᠯᠢᠦ ᠠᠪᠤᠭ᠋ᠠᠶ ᠵᠢ ᠳᠠᠭ᠋ᠠᠭᠤᠯᠤᠨ ᠪᠠᠩᠬᠢ᠎ᠳᠤ ᠬᠦᠷᠴᠦ᠂ ᠪᠠᠩᠬᠢ ᠵᠢᠨ ᠠᠵᠢᠯᠲᠠᠳ᠎ᠢ ᠵᠣᠬᠢᠴᠠᠭᠤᠯᠵᠤ ᠪᠠᠶ᠋ᠢᠭ᠋ᠠᠳ ᠪᠠᠶ᠋ᠢᠴᠠᠭ᠋ᠠᠨ ᠯᠠᠪᠯᠠᠬᠤ᠎ᠳᠤ᠂ ᠯᠢᠦ ᠠᠪᠤᠭ᠋ᠠᠶ ᠵᠢᠨ ᠪᠠᠩᠬᠢ ᠵᠢᠨ ᠺᠠᠷᠲ᠎ᠤᠨ ᠨᠢᠭᠤᠴᠠ ᠨᠣᠮᠧᠷ᠂ ᠭᠠᠷ ᠤᠲᠠᠰᠤᠨ᠎ᠤ ᠪᠠᠩᠬᠢ ᠵᠢᠨ ᠨᠢᠭᠤᠴᠠ ᠨᠣᠮᠧᠷ᠎ᠢ ᠴᠥᠮ ᠬᠠᠯᠠᠭᠳᠠᠭᠰᠠᠨᠢ ᠣᠯᠵᠤ ᠮᠡᠳᠡᠵᠡᠶ᠃ ᠪᠠᠩᠬᠢ ᠵᠢᠨ ᠠᠵᠢᠯᠲᠠᠨ ᠲᠡᠷᠡ ᠳᠠᠷᠤᠶᠳᠤᠨᠢ ᠪᠠᠩᠬᠢ ᠵᠢᠨ ᠺᠠᠷᠲ᠎ᠢ᠎ᠨᠢ ᠭᠡᠭᠡᠭᠰᠡᠨ ᠵᠶ᠋ᠠᠷ ᠮᠡᠳᠡᠭᠦᠯᠵᠦ᠂ ᠯᠢᠦ ᠠᠪᠤᠭ᠋ᠠᠶ ᠵᠢᠨ ᠺᠠᠷᠲ᠎ᠲᠠᠬᠢ 130 ᠭᠠᠷᠤᠶ ᠲᠦᠮᠡᠨ ᠲᠥᠭᠥᠷᠢᠭ᠎ᠤᠨ ᠬᠠᠳᠠᠭ᠋ᠠᠯᠠᠮᠵᠢ ᠵᠢᠨ ᠵᠣᠭᠣᠰ᠎ᠢ ᠠᠮᠵᠢᠯᠲᠠ᠎ᠲᠠᠢ᠎ᠪᠠᠷ ᠴᠡᠪᠳᠡᠭᠯᠡᠵᠦ᠂ ᠡᠳ᠋ ᠬᠥᠷᠥᠩᠭᠡ ᠵᠢᠨ ᠬᠣᠬᠢᠷᠠᠯ᠎ᠠᠴᠠ ᠵᠠᠢ᠌ᠯᠠᠭᠤᠯᠪᠠ᠃