ᠬᠠᠷᠢᠶᠠᠲᠤ ᠣᠷᠣᠨ᠎ᠤ ᠤᠯᠠᠨ ᠲᠦᠮᠡᠨ᠎ᠤ ᠵᠣᠭᠣᠰ ᠮᠦᠷᠦᠢ᠌ᠴᠡᠬᠦ ᠵᠢ ᠡᠰᠡᠷᠭᠦᠴᠡᠬᠦ᠂ ᠵᠣᠭᠣᠰ ᠮᠦᠷᠦᠢ᠌ᠴᠡᠬᠦ ᠵᠢ ᠲᠡᠪᠴᠢᠬᠦ ᠤᠬᠠᠮᠰᠠᠷ᠎ᠢ ᠨᠡᠮᠡᠭᠳᠡᠭᠦᠯᠵᠦ᠂ ᠨᠡᠶ᠋ᠢᠭᠡᠮ᠎ᠤᠨ ᠠᠮᠤᠷ ᠲᠦᠪᠰᠢᠨ᠎ᠤ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠬᠤ ᠵᠢᠨ ᠲᠥᠯᠥᠭᠡ᠂ ᠣᠶ᠋ᠢᠷ᠎ᠠ᠎ᠳᠤ᠂ ᠬᠥᠬᠡᠬᠣᠲᠠ ᠵᠢᠨ ᠴᠢᠩ ᠱᠦᠶ ᠾᠧ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠬᠡ ᠠᠩᠭᠢ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ ᠬᠠᠷᠢᠶ᠎ᠠ ᠣᠷᠣᠨ᠎ᠳᠤ᠎ᠪᠠᠨ ᠭᠦᠨᠵᠡᠭᠡᠶ᠋ᠢᠷᠡᠨ ᠬᠢᠯᠢ ᠠᠯᠤᠰᠯᠠᠨ ᠵᠣᠭᠣᠰ ᠮᠦᠷᠦᠢ᠌ᠴᠡᠬᠦ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠤᠬᠠᠭᠤᠯᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ᠎ᠬᠢᠨ ᠣᠯᠠᠨ ᠲᠦᠮᠡᠨ᠎ᠳᠤ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠤ᠂ ᠬᠢᠯᠢ ᠠᠯᠤᠰᠯᠠᠨ ᠵᠣᠭᠣᠰ ᠮᠦᠷᠦᠢ᠌ᠴᠡᠭᠰᠡᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠢᠯᠡᠷᠡᠬᠦ ᠬᠡᠯᠪᠡᠷᠢ᠂ ᠬᠣᠤᠷ ᠬᠥᠨᠥᠭᠡᠯ ᠪᠠ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠲᠠᠶ᠋ᠢᠯᠪᠤᠷᠢᠯᠠᠨ ᠶᠠᠷᠢᠵᠤ᠂ ᠥᠷᠭᠡᠨ ᠣᠯᠠᠨ ᠲᠦᠮᠡᠨ᠎ᠳᠤ ᠬᠢᠯᠢ ᠠᠯᠤᠰᠯᠠᠨ ᠵᠣᠭᠣᠰ ᠮᠦᠷᠦᠢ᠌ᠴᠡᠬᠦ᠎ᠳᠤ ᠨᠠᠭ᠋ᠠᠳᠤᠭᠰᠠᠨ ᠪᠣᠯᠭ᠋ᠠᠨ ᠵᠣᠭᠣᠰ ᠵᠶ᠋ᠠᠨ ᠮᠡᠯᠵᠢᠭᠳᠡᠭᠰᠡᠨ ᠮᠥᠨ ᠴᠢᠨᠠᠷ᠎ᠢ ᠲᠣᠳᠣᠷᠬᠠᠶ ᠲᠠᠨᠢᠵᠤ᠂ ᠬᠢᠯᠢ ᠠᠯᠤᠰᠯᠠᠨ ᠵᠣᠭᠣᠰ ᠮᠥᠷᠥᠶ᠋ᠢᠴᠡᠬᠦ᠎ᠠᠴᠠ ᠬᠣᠯᠠᠳᠠᠬᠤ ᠬᠡᠷᠡᠭᠲᠡᠶ᠂ ᠬᠠᠤᠯᠢ ᠪᠤᠰᠤ ᠡᠲᠡᠭᠡᠳ᠎ᠤᠨ ᠨᠠᠷᠢᠨ ᠨᠢᠮᠪᠠᠶ ᠵᠣᠬᠢᠶᠠᠭᠰᠠᠨ 《ᠭᠡᠨᠡᠳᠲᠡ᠎ᠪᠠᠷ ᠪᠠᠶᠠᠵᠢᠬᠤ ᠵᠡᠭᠦᠳᠦ》 ᠵᠢ ᠶᠠᠭ᠋ᠠᠬᠢᠭᠰᠠᠨ ᠴᠤ᠌ ᠢᠲᠡᠭᠡᠵᠦ ᠪᠣᠯᠬᠤ ᠥᠬᠡᠶ ᠭᠡᠵᠦ ᠰᠡᠷᠡᠮᠵᠢᠯᠡᠭᠦᠯᠵᠡᠶ᠃ ᠬᠥᠮᠦᠨ ᠣᠯᠠᠨ ᠴᠤᠭᠯᠠᠷᠠᠳᠠᠭ ᠲᠠᠯᠠᠪᠤᠷ᠎ᠲᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ᠎ᠬᠢᠨ ᠵᠠᠷᠯᠠᠯ ᠨᠠᠭ᠋ᠠᠬᠤ᠂ ᠤᠬᠠᠭᠤᠯᠭ᠎ᠠ ᠵᠢᠨ ᠡᠯᠭᠦᠭᠡ ᠪᠢᠴᠢᠭᠡᠰᠦ ᠡᠯᠭᠦᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠣᠯᠠᠨ ᠲᠦᠮᠡᠨ᠎ᠤ ᠬᠢᠯᠢ ᠠᠯᠤᠰᠯᠠᠨ ᠵᠣᠭᠣᠰ ᠮᠦᠷᠦᠢ᠌ᠴᠡᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠳᠡᠪᠬᠢᠲᠡᠶ᠎ᠪᠠᠷ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠬᠤ ᠵᠢᠨ ᠬᠠᠮᠲᠤ ᠬᠠᠷᠢᠶ᠎ᠠ ᠣᠷᠣᠨ᠎ᠤ ᠪᠠᠩᠬᠢ ᠵᠢᠨ ᠦᠢ᠍ᠯᠡᠰ᠂ ᠰᠢᠯᠵᠢᠮᠡᠯ ᠬᠣᠯᠪᠣᠭ᠋ᠠᠨ᠎ᠤ ᠣᠷᠣᠯᠠᠨ ᠭᠦᠢ᠍ᠴᠡᠳᠬᠡᠬᠦ ᠭᠠᠵᠠᠷ ᠵᠡᠷᠭᠡ ᠬᠠᠮᠢᠶ᠎ᠠ ᠪᠥᠬᠥᠶ ᠨᠢᠭᠡᠴᠢ ᠵᠢᠨ ᠠᠵᠢᠯᠯᠠᠭᠴᠢᠳᠢ ᠰᠢᠪᠠᠳᠠᠵᠤ ᠪᠠᠶ᠋ᠢᠭ᠋ᠠᠳ ᠦᠨᠡᠨ ᠨᠡᠷ᠎ᠡ ᠵᠢᠨ ᠲᠦᠷᠢᠮ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠢᠯᠭ᠋ᠠᠨ ᠲᠠᠨᠢᠬᠤ᠎ᠪᠠᠷ ᠳᠡᠮᠵᠢᠨ ᠬᠡᠪ᠎ᠤᠨ ᠪᠤᠰᠤ ᠺᠠᠷᠲ ᠭᠦᠢ᠍ᠴᠡᠳᠬᠡᠭᠰᠡᠨ ᠪᠠᠶ᠋ᠢᠳᠠᠯ ᠣᠷᠣᠰᠢᠵᠤ ᠪᠠᠶ᠋ᠢᠪᠠᠯ᠂ ᠲᠡᠷᠡ ᠳᠠᠷᠤᠶᠳᠤᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠬᠡᠷᠡᠭ ᠮᠡᠳᠡᠭᠦᠯᠬᠦ ᠬᠡᠷᠡᠭᠲᠡᠶ ᠭᠡᠪᠡ᠃

ᠡᠭᠦᠨ᠎ᠠᠴᠠ ᠭᠠᠳᠠᠨ᠎ᠠ᠂ ᠠᠷᠠᠳ᠎ᠤᠨ ᠴᠠᠭᠳᠠᠭ᠎ᠠ ᠪᠠᠰᠠ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠸᠢᠴᠠᠲ᠎ᠤᠨ ᠬᠣᠯᠪᠣᠭ᠎ᠠ᠂ LED ᠡᠯᠧᠺᠲᠷᠣᠨ ᠳᠡᠯᠭᠡᠴᠡ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠬᠠᠭᠤᠯᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠤᠬᠠᠭᠤᠯᠭ᠎ᠠ ᠵᠢᠨ ᠬᠠᠮᠤᠷᠬᠤ ᠬᠡᠪᠴᠢᠶ᠎ᠡ᠎ᠪᠠᠨ ᠥᠷᠭᠡᠳᠬᠡᠨ᠂ ᠥᠷᠭᠡᠨ ᠣᠯᠠᠨ ᠰᠠᠭᠤᠭ᠋ᠠᠯᠢ ᠠᠷᠠᠳ᠎ᠢ ᠤᠷᠢᠶᠠᠯᠠᠨ ᠬᠢᠯᠢ ᠠᠯᠤᠰᠯᠠᠨ ᠵᠣᠭᠣᠰ ᠮᠦᠷᠦᠢ᠌ᠴᠡᠬᠦ ᠰᠦᠯᠵᠢᠶ᠎ᠡ ᠵᠢ ᠢᠯᠡᠴᠢᠯᠡᠨ ᠮᠡᠳᠡᠭᠦᠯᠵᠦ᠂ ᠪᠥᠬᠥ ᠠᠷᠠᠳ᠎ᠤᠨ ᠬᠢᠯᠢ ᠠᠯᠤᠰᠯᠠᠨ ᠵᠣᠭᠣᠰ ᠮᠦᠷᠦᠢ᠌ᠴᠡᠬᠦ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠬᠦ 《ᠰᠡᠷᠭᠡᠶ᠋ᠢᠯᠡᠯᠲᠡ ᠵᠢᠨ ᠬᠡᠷᠡᠮ》᠎ᠢ ᠴᠢᠷᠮᠠᠢ᠌ᠨ ᠪᠠᠢ᠌ᠭᠤᠯᠪᠠ᠃ ᠳᠠᠷᠠᠭ᠋ᠠᠴᠢ ᠵᠢᠨ ᠠᠯᠬᠤᠮ᠎ᠳᠤ᠂ ᠴᠢᠩ ᠱᠦᠢ ᠡᡁᠸ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠨᠠᠭᠰᠢᠳᠠ ᠴᠢᠩᠭ᠋ᠠᠳᠬᠠᠵᠤ᠂ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠴᠢᠩᠭ᠎ᠠ ᠴᠣᠬᠢᠯᠲᠠ ᠥᠭᠬᠦ᠂ ᠪᠦᠲᠦᠮᠵᠢᠲᠡᠢ ᠬᠠᠮᠢᠶᠠᠷᠤᠨ ᠡᠵᠡᠮᠳᠡᠬᠦ᠂ ᠴᠣᠬᠢᠯᠲᠠ ᠥᠭᠬᠦ ᠪᠠ ᠰᠡᠷᠭᠡᠶ᠋ᠢᠯᠡᠬᠦ ᠵᠢ ᠵᠡᠷᠭᠡ᠎ᠪᠡᠷ ᠠᠳᠬᠤᠬᠤ ᠵᠢ ᠪᠠᠷᠢᠮᠲᠠᠯᠠᠵᠤ᠂ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠭᠦᠯᠵᠦ᠂ ᠬᠢᠯᠢ ᠠᠯᠤᠰᠯᠠᠭᠰᠠᠨ ᠵᠣᠭᠣᠰ ᠮᠦᠷᠦᠢ᠌ᠴᠡᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠨ ᠡᠵᠡᠮᠳᠡᠬᠦ 《ᠬᠡᠷᠡᠮ》 ᠦᠨᠡᠨ ᠬᠦ᠌ ᠪᠠᠲᠤᠳᠬᠠᠵᠤ᠂ ᠰᠤᠷᠲᠠᠯ ᠴᠢᠬᠡᠴᠢ ᠣᠪᠣᠷ ᠲᠥᠪ ᠨᠡᠶ᠋ᠢᠭᠡᠮ᠎ᠤᠨ ᠠᠭᠤᠷ ᠠᠮᠢᠰᠬᠤᠯ᠎ᠢ ᠡᠷᠡᠰ ᠪᠤᠢ ᠪᠣᠯᠭ᠋ᠠᠨ᠎ᠠ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠭ᠎ᠠ
ᠬᠢᠯᠢ ᠠᠯᠤᠰᠯᠠᠨ ᠵᠣᠭᠣᠰ ᠮᠦᠷᠦᠢ᠌ᠴᠡᠬᠦ᠎ᠨᠢ ᠲᠤᠶ᠋ᠢᠯ᠎ᠤᠨ ᠶᠡᠬᠡ ᠬᠣᠣᠷ ᠬᠥᠨᠥᠭᠡᠯ᠎ᠲᠠᠢ ᠪᠠᠶ᠋ᠢᠳᠠᠭ ᠪᠣᠯᠬᠣᠷ ᠬᠢᠯᠢ ᠵᠢᠨ ᠭᠠᠳᠠᠨ᠎ᠠ ᠭᠠᠷᠬᠤ ᠪᠤᠶᠤ ᠰᠦᠯᠵᠢᠶᠡᠨ ᠳᠡᠭᠡᠷ᠎ᠡ ᠵᠣᠭᠣᠰ ᠮᠦᠷᠦᠢ᠌ᠴᠡᠬᠦ᠎ᠳᠤ ᠣᠷᠣᠯᠴᠠᠬᠤ ᠵᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠨ᠎ᠠ᠃ ᠡᠭᠦᠨ᠎ᠤ ᠵᠡᠷᠭᠡ᠎ᠳᠤ ᠥᠷᠭᠡᠨ ᠣᠯᠠᠨ ᠬᠣᠲᠠ ᠵᠢᠨ ᠠᠷᠠᠳ ᠨᠠᠶ᠋ᠢᠵᠠ ᠨᠠᠷ᠎ᠲᠤ ᠰᠠᠨᠠᠭᠤᠯᠬᠤ᠎ᠨᠢ᠄ ᠬᠤᠪᠢ ᠬᠥᠮᠦᠨ᠎ᠤ ᠪᠠᠩᠬᠢ ᠵᠢᠨ ᠳᠠᠩᠰᠠᠨ ᠡᠷᠦᠬᠡ᠂ ᠪᠠᠩᠬᠢ ᠵᠢᠨ ᠺᠠᠷᠲ᠎ᠤᠨ ᠳᠠᠩᠰᠠᠨ ᠡᠷᠦᠬᠡ᠂ ᠵᠣᠭᠣᠰ ᠬᠤᠷᠢᠶᠠᠬᠤ ᠨᠣᠮᠧᠷ᠎ᠢ ᠶᠠᠭ᠋ᠠᠬᠢᠭᠰᠠᠨ ᠴᠤ᠌ ᠲᠦᠷᠢᠶᠡᠰᠦᠯᠡᠭᠦᠯᠵᠦ᠂ ᠵᠢᠭᠡᠯᠡᠭᠦᠯᠵᠦ᠂ ᠬᠤᠳᠠᠯᠳᠤᠵᠤ ᠪᠣᠯᠬᠤ ᠦᠭᠡᠶ; ᠥᠪᠡᠷ᠎ᠤᠨ ᠪᠡᠶ᠎ᠡ ᠵᠢᠨ ᠦᠨᠡᠮᠯᠡᠯ᠂ ᠪᠠᠩᠬᠢ ᠵᠢᠨ ᠺᠠᠷᠲ᠂ ᠰᠦᠯᠵᠢᠶᠡᠨ᠎ᠤ ᠪᠠᠩᠬᠢ᠂ U ᠪᠠᠮᠪᠠᠶ᠂ ᠭᠠᠷ ᠤᠲᠠᠰᠤᠨ᠎ᠤ ᠺᠠᠷᠲ ᠵᠶ᠋ᠠᠨ ᠰᠠᠶ᠋ᠢᠲᠤᠷ ᠬᠠᠳᠠᠭ᠋ᠠᠯᠠᠬᠤ ᠬᠡᠷᠡᠭᠲᠡᠶ; ᠬᠤᠪᠢ ᠬᠥᠮᠦᠨ᠎ᠤ ᠪᠠᠩᠬᠢ ᠵᠢᠨ ᠲᠠᠩᠰᠠᠨ ᠡᠷᠦᠬᠡ ᠵᠢᠨ ᠮᠡᠳᠡᠭᠡ ᠵᠠᠩᠭᠢ ᠵᠢ ᠲᠦᠷᠢᠶᠡᠰᠦᠯᠡᠭᠦᠯᠬᠦ᠂ ᠵᠢᠭᠡᠯᠡᠭᠦᠯᠬᠦ᠂ ᠬᠤᠳᠠᠯᠳᠤᠬᠤ ᠪᠤᠶᠤ ᠬᠤᠳᠠᠯᠳᠤᠨ ᠠᠪᠬᠤ ᠵᠢ ᠳᠠᠮᠵᠢᠭᠤᠯᠬᠤ ᠪᠠ ᠤᠬᠠᠭᠤᠯᠬᠤ ᠵᠢ ᠲᠡᠪᠴᠢᠬᠦ ᠬᠡᠷᠡᠭᠲᠡᠶ; ᠮᠡᠬᠡᠯᠡᠯ᠎ᠤᠨ ᠠᠷᠭ᠎ᠠ ᠪᠠᠷᠢᠯ ᠵᠶ᠋ᠠᠷ ᠬᠢᠯᠢ ᠠᠯᠤᠰᠯᠠᠭᠰᠠᠨ ᠰᠦᠯᠵᠢᠶ᠎ᠡ᠎ᠪᠠᠷ ᠵᠣᠭᠣᠰ ᠮᠦᠷᠦᠢ᠌ᠴᠡᠬᠦ᠎ᠳᠤ ᠣᠷᠣᠯᠴᠠᠭᠤᠯᠤᠭᠰᠠᠨ ᠬᠥᠮᠦᠰ᠎ᠲᠤ ᠰᠣᠨᠣᠷ ᠰᠡᠷᠡᠮᠵᠢ᠎ᠪᠠᠨ ᠳᠡᠭᠡᠭᠰᠢᠯᠡᠭᠦᠯᠵᠦ᠂ ᠴᠠᠭ ᠲᠤᠬᠠᠶ᠎ᠳᠤᠨᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠬᠡᠷᠡᠭ ᠮᠡᠳᠡᠭᠦᠯᠬᠦ ᠬᠡᠷᠡᠭᠲᠡᠶ᠃