ᠣᠷᠴᠢᠮᠬᠠᠨ᠎ᠳᠤ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠬᠠᠢ᠍ᠢ᠍ᠷᠤᠪ᠎ᠤᠨ ᠲᠤᠬᠤᠢ ᠲᠣᠭᠣᠷᠢᠭ᠎ᠤᠨ ᠬᠤᠪᠢᠶᠠᠷᠢ ᠲᠣᠪᠴᠢᠶᠠᠨ᠎ᠤ ᠬᠣᠣᠷ ᠴᠠᠭ᠋ᠠᠵᠠᠯᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠥᠳᠡᠭᠡ ᠲᠣᠰᠬᠣᠨ᠎ᠳᠤ ᠭᠦᠨᠵᠡᠭᠡᠢ᠌ᠷᠡᠨ ᠬᠣᠣᠷᠲᠤ ᠡᠳ᠋᠎ᠤᠨ ᠤᠷᠭᠤᠮᠠᠯ ᠲᠠᠷᠢᠵᠤ ᠤᠷᠠᠭᠤᠯᠬᠤ ᠪᠠᠢ᠌ᠳᠠᠯ᠎ᠳᠤ ᠪᠠᠢ᠌ᠴᠠᠭ᠋ᠠᠯᠲᠠ ᠬᠢᠪᠡ᠃ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ᠎ᠬᠢᠨ ᠲᠠᠷᠢᠶᠠᠨ ᠭᠠᠵᠠᠷ᠂ ᠢᠳᠡᠰᠢᠨ ᠨᠣᠭᠣᠭ᠎ᠠ ᠵᠢᠨ ᠬᠦᠷᠢᠶᠡᠯᠡᠩ᠂ ᠰᠤᠯᠠ ᠪᠠᠶ᠋ᠢᠬᠤ ᠠᠲᠠᠷ ᠭᠠᠵᠠᠷ ᠵᠡᠷᠭᠡ ᠭᠣᠤᠯᠳᠠᠯᠭ᠎ᠠ᠎ᠲᠠᠢ ᠣᠷᠣᠨ ᠪᠦᠰᠡ᠎ᠳᠤ ᠭᠦᠨᠵᠡᠭᠡᠶ᠋ᠢᠷᠡᠨ ᠥᠨᠴᠥᠭ ᠪᠤᠯᠤᠩ᠎ᠢ ᠦᠯᠡᠳᠡᠭᠡᠯ ᠦᠭᠡᠢ ᠪᠠᠶ᠋ᠢᠴᠠᠭ᠋ᠠᠯᠲᠠ ᠬᠢᠵᠦ᠂ 《ᠨᠢᠭᠡ ᠡᠷᠦᠬᠡ ᠵᠢ ᠴᠦ᠍ ᠣᠷᠬᠢᠭᠳᠠᠭᠤᠯᠬᠤ ᠥᠬᠡᠶ᠂ ᠨᠢᠭᠡ ᠰᠠᠭᠤᠷᠢ ᠴᠤ᠌ ᠠᠯᠳᠠᠵᠤ ᠭᠠᠷᠭ᠋ᠠᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ》 ᠪᠠᠶ᠋ᠢᠬᠤ ᠵᠢ ᠪᠡᠶᠡᠯᠡᠭᠦᠯᠵᠦ᠂ ᠬᠣᠤᠷᠲᠤ ᠡᠳ᠋᠎ᠤᠨ ᠤᠷᠭᠤᠮᠠᠯ᠎ᠢ 《ᠳᠠᠷᠢᠬᠤ ᠥᠬᠡᠶ》 《ᠤᠨᠠᠯᠲᠠ ᠥᠬᠡᠶ》 ᠪᠠᠶ᠋ᠢᠯᠭ᠋ᠠᠬᠤ ᠵᠢ ᠦᠨᠡᠨ ᠬᠦ᠌ ᠪᠠᠲᠤᠯᠠᠪᠠ᠃
ᠡᠨᠡ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠣᠯᠠᠨ ᠲᠦᠮᠡᠨ᠎ᠳᠤ ᠡᠯ᠎ᠡ ᠲᠥᠷᠥᠯ᠎ᠤᠨ ᠬᠣᠤᠷᠲᠤ ᠡᠳ᠋᠎ᠤᠨ ᠤᠤᠯ ᠲᠠᠷᠢᠮᠠᠯ᠎ᠤᠨ ᠥᠰᠥᠯᠲᠡ ᠵᠢᠨ ᠣᠨᠴᠠᠯᠢᠭ ᠪᠠ ᠢᠯᠭ᠋ᠠᠨ ᠲᠠᠨᠢᠬᠤ ᠠᠷᠭ᠎ᠠ ᠵᠢ ᠨᠠᠷᠢᠨ ᠲᠠᠨᠢᠯᠴᠠᠭᠤᠯᠵᠤ᠂ ᠬᠣᠣᠷᠲᠤ ᠡᠳ᠋᠎ᠤᠨ ᠤᠷᠭᠤᠮᠠᠯ᠎ᠢ ᠲᠠᠷᠢᠬᠤ ᠵᠢ ᠴᠠᠭ᠋ᠠᠵᠠᠯᠠᠬᠤ ᠪᠠ ᠠᠷᠢᠯᠭ᠋ᠠᠬᠤ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠣᠤᠷᠲᠤ ᠡᠳ᠋᠎ᠤᠨ ᠲᠠᠷᠢᠮᠠᠯ᠎ᠢ ᠬᠠᠤᠯᠢ ᠪᠤᠰᠤ᠎ᠪᠠᠷ ᠳᠠᠷᠢᠬᠤ᠎ᠳᠤ ᠡᠭᠦᠷᠭᠡᠯᠡᠬᠦ ᠶᠣᠰᠣᠲᠠᠶ ᠬᠠᠤᠯᠢ ᠵᠢᠨ ᠬᠠᠷᠢᠭᠤᠴᠠᠯᠭ᠎ᠠ ᠵᠢ ᠤᠬᠠᠭᠤᠯᠤᠨ ᠲᠠᠶ᠋ᠢᠯᠪᠤᠷᠢᠯᠠᠵᠤ᠂ ᠣᠯᠠᠨ ᠲᠦᠮᠡᠨ᠎ᠤ ᠬᠣᠤᠷᠲᠤ ᠡᠳ᠋᠎ᠤᠨ ᠤᠤᠯ ᠤᠷᠭᠤᠮᠠᠯ᠎ᠢ ᠳᠠᠷᠢᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠳᠡᠪᠬᠢᠲᠡᠶ᠎ᠪᠠᠷ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠪᠠ᠃