ᠣᠷᠴᠢᠮᠬᠠᠨ᠎ᠳᠤ ᠰᠢᠯᠢ ᠵᠢᠨ ᠭᠣᠣᠯ ᠠᠶ᠋ᠢᠮᠠᠭ᠎ᠤᠨ ᠤᠯᠠᠭ᠋ᠠᠶ ᠬᠠᠮᠢᠶᠠᠷᠤᠯᠲᠠ ᠵᠢᠨ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠪᠠᠶᠠᠨᠬᠤᠰᠢᠭᠤ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠴᠠᠭᠳᠠᠭ᠎ᠠ ᠬᠡᠷᠡᠭ ᠮᠡᠳᠡᠭᠦᠯᠬᠦ ᠤᠲᠠᠰᠤ ᠵᠢ ᠬᠦᠯᠢᠶᠡᠨ ᠠᠪᠬᠤ ᠶᠠᠪᠤᠴᠠ᠎ᠳᠤ᠂ ᠬᠡᠷᠡᠭ ᠮᠡᠳᠡᠭᠦᠯᠵᠦ ᠪᠠᠢ᠌ᠭ᠎ᠠ ᠯᠢ ᠣᠪᠣᠭᠲᠤ ᠤᠲᠠᠰᠤ ᠳᠤᠰᠤᠭᠰᠠᠨ ᠴᠠᠭᠳᠠᠭ᠎ᠠ ᠵᠢ ᠤᠴᠢᠷ ᠰᠢᠯᠲᠠᠭ᠋ᠠᠨ ᠦᠭᠡᠶ᠎ᠪᠠᠷ ᠭᠤᠲᠤᠭ᠋ᠠᠨ ᠬᠠᠷᠢᠶᠠᠵᠤ᠂ ᠠᠷᠠᠳ᠎ᠤᠨ ᠴᠠᠭᠳᠠᠭ᠎ᠠ᠎ᠠᠴᠠ ᠯᠢ ᠣᠪᠣᠭᠲᠤ᠎ᠳᠤ ᠪᠣᠯᠪᠠᠰᠤᠨ ᠵᠶ᠋ᠠᠷ ᠶᠠᠷᠢᠬᠤ ᠬᠡᠷᠡᠭᠲᠡᠶ ᠭᠡᠵᠦ ᠣᠯᠠᠨᠲᠠ ᠰᠠᠨᠠᠭᠤᠯᠤᠭᠰᠠᠨ ᠪᠣᠯᠪᠠᠴᠤ ᠢᠳᠬᠠᠯ᠎ᠢ ᠰᠣᠨᠣᠰᠬᠤ ᠦᠭᠡᠶ᠎ᠪᠠᠷ ᠦᠷᠭᠦᠯᠵᠢᠯᠡᠨ ᠬᠠᠷᠢᠶᠠᠪᠠ᠃ ᠯᠢ ᠣᠪᠣᠭᠲᠤ ᠵᠢᠨ ᠠᠵᠢᠯᠯᠠᠭ᠎ᠠ᠎ᠨᠢ ᠨᠢᠭᠡᠨᠲᠡ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠬᠡᠯ᠎ᠤᠨ ᠬᠠᠤᠯᠢ》᠎ᠳᠤ ᠬᠠᠯᠳᠠᠵᠤ᠂ ᠵᠢᠵᠢᠭᠦᠷᠯᠡᠨ ᠬᠡᠷᠡᠭ ᠮᠡᠳᠡᠭᠦᠯᠦᠯᠲᠡ ᠵᠢ ᠬᠦᠯᠢᠶᠡᠨ ᠠᠪᠬᠤ ᠠᠵᠢᠯ᠎ᠤᠨ ᠡᠮᠬᠢ ᠵᠢᠷᠤᠮ᠎ᠢ ᠨᠥᠯᠥᠭᠡᠯᠡᠨ᠂ ᠣᠯᠠᠨ ᠨᠡᠶ᠋ᠢᠲᠡ ᠵᠢᠨ ᠲᠦᠭᠰᠢᠭᠦᠷᠢ ᠮᠡᠳᠡᠭᠦᠯᠬᠦ ᠡᠬᠢ ᠪᠠᠶᠠᠯᠢᠭ᠎ᠢ ᠡᠵᠡᠯᠡᠨ ᠬᠡᠷᠡᠭᠯᠡᠵᠦ᠂ ᠬᠡᠷᠡᠭ ᠡᠳᠦᠭᠰᠡᠨ ᠰᠡᠵᠢᠭᠲᠡᠶ ᠪᠣᠯᠬᠣᠷ ᠠᠷᠠᠳ᠎ᠤᠨ ᠴᠠᠭᠳᠠᠭ᠎ᠠ ᠭᠡᠷᠡᠴᠢ ᠪᠠᠷᠢᠮᠲᠠ ᠵᠢ ᠦᠳᠲᠡᠷ ᠲᠦᠷᠭᠡᠨ ᠲᠣᠭᠲᠠᠭ᠋ᠠᠵᠤ᠂ ᠬᠠᠤᠯᠢ ᠵᠢ ᠵᠥᠷᠢᠴᠡᠭᠰᠡᠨ ᠰᠡᠵᠢᠭᠳᠡᠨ ᠯᠢ ᠣᠪᠣᠭᠲᠤ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠳᠠᠭᠤᠳᠠᠨ ᠠᠪᠠᠴᠢᠵᠤ ᠯᠠᠪᠯᠠᠨ ᠠᠰᠠᠭᠤᠵᠠᠶ᠃ ᠲᠡᠭᠤ ᠰᠢᠩᠭᠡᠭᠡᠯᠲᠡ ᠵᠢ ᠲᠠᠯᠪᠢᠵᠤ ᠰᠣᠨᠣᠰᠬᠤ᠎ᠪᠠᠷ ᠳᠠᠮᠵᠢᠭᠤᠯᠤᠨ ᠯᠢ ᠣᠪᠣᠭᠲᠤ ᠬᠤᠪᠢ ᠵᠢᠨ ᠬᠣᠷᠣᠰᠤᠯ ᠵᠶ᠋ᠠᠨ ᠭᠠᠷᠭ᠋ᠠᠬᠤ ᠵᠢᠨ ᠲᠥᠯᠥᠭᠡ ᠬᠡᠷᠡᠭ ᠮᠡᠳᠡᠭᠦᠯᠬᠦ ᠤᠲᠠᠰᠤ ᠠᠪᠤᠭᠰᠠᠨ ᠪᠥᠭᠡᠳ ᠠᠷᠠᠳ᠎ᠤᠨ ᠴᠠᠭᠳᠠᠭ᠎ᠠ ᠵᠢ ᠳᠤᠷ᠎ᠠ ᠵᠣᠷᠢᠭ ᠵᠶ᠋ᠠᠷ ᠵᠶ᠋ᠠᠨ ᠭᠤᠲᠤᠭ᠋ᠠᠨ ᠬᠠᠷᠢᠶᠠᠭᠰᠠᠨ ᠬᠠᠤᠯᠢ ᠵᠢ ᠵᠥᠷᠢᠴᠡᠭᠰᠡᠨ ᠪᠣᠳᠠᠲᠤ ᠬᠡᠷᠡᠭ᠎ᠢ ᠥᠴᠢᠭᠯᠡᠨ ᠮᠡᠳᠡᠷᠡᠭᠰᠡᠨ ᠪᠠᠶ᠋ᠢᠨ᠎ᠠ᠃
ᠣᠳᠣᠬᠠᠨ᠎ᠳᠤ ᠯᠢ ᠣᠪᠣᠭᠲᠤ ᠵᠢ ᠨᠢᠭᠡᠨᠲᠡ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠲᠦᠷ ᠬᠣᠷᠢᠬᠤ᠎ᠪᠠᠷ ᠰᠢᠢ᠍ᠳᠬᠡᠪᠡ᠃