ᠦᠢᠯᠡᠴᠢᠯᠡᠭᠡ   -   ᠰᠡᠷᠡᠮᠵᠢ᠎ᠶᠢᠨ ᠬᠤᠩᠬᠤ
ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠢ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-03-06

      ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠢ ᠰᠡᠷᠭᠡᠶ᠋ᠢᠯᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃ ᠠᠷᠠᠳ᠎ᠤᠨ ᠴᠠᠭᠳᠠᠭ᠎ᠠ ᠤᠬᠠᠭᠤᠯᠭ᠎ᠠ ᠵᠢᠨ ᠵᠠᠷᠯᠠᠯ ᠡᠯᠭᠦᠬᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠪᠠ ᠲᠤᠬᠠᠶ ᠵᠢᠨ ᠲᠠᠯᠠᠪᠤᠷ᠎ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠢᠨ ᠬᠠᠤᠯᠢ ᠵᠢ ᠵᠥᠷᠢᠴᠡᠭᠰᠡᠨ ᠴᠢᠨᠠᠷ᠂ ᠬᠣᠤᠷ ᠬᠥᠨᠥᠭᠡᠯᠲᠦ ᠴᠢᠨᠠᠷ ᠵᠢᠴᠢ ᠪᠠᠶ᠋ᠢᠩᠭᠤ ᠲᠣᠬᠢᠶᠠᠯᠳᠤᠬᠤ ᠠᠷᠭ᠎ᠠ ᠪᠠᠷᠢᠯ ᠪᠠ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠣᠯᠠᠨ ᠲᠦᠮᠡᠨ᠎ᠳᠤ ᠲᠠᠨᠢᠯᠴᠠᠭᠤᠯᠵᠤ᠂ ᠣᠯᠠᠨ ᠲᠦᠮᠡᠨ᠎ᠤ ᠬᠠᠤᠯᠢ ᠶᠣᠰᠣᠭ᠋ᠠᠷ ᠡᠳ᠋᠎ᠤᠨ ᠶᠠᠪᠤᠳᠠᠯ᠎ᠢ ᠬᠠᠮᠢᠶᠠᠷᠤᠭᠤᠯᠬᠤ᠂ ᠬᠠᠤᠯᠢ ᠪᠤᠰᠤ᠎ᠪᠠᠷ ᠪᠠᠯᠠ ᠴᠤᠭᠯᠠᠭᠤᠯᠤᠭᠰᠠᠨ ᠶᠠᠯᠠᠲᠤ ᠠᠵᠢᠯᠯᠠᠭ᠎ᠠ᠎ᠠᠴᠠ ᠤᠬᠠᠮᠰᠠᠷ᠎ᠠᠴᠠ᠎ᠪᠠᠨ ᠬᠣᠯᠠᠳᠠᠬᠤ ᠪᠠ ᠬᠣᠷᠢᠭᠯᠠᠬᠤ ᠵᠢ ᠬᠥᠲᠥᠯᠦᠨ ᠵᠢᠯᠣᠭᠣᠳᠪᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ