ᠦᠢᠯᠡᠴᠢᠯᠡᠭᠡ   -   ᠰᠡᠷᠡᠮᠵᠢ᠎ᠶᠢᠨ ᠬᠤᠩᠬᠤ
ᠪᠠᠭ᠋ᠠᠷᠢᠨ ᠵᠡᠭᠦᠨ ᠬᠣᠰᠢᠭᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠦᠯᠵᠢᠶᠡᠨ ᠳᠡᠭᠡᠷ᠎ᠡ ᠴᠤᠤᠷᠬᠠᠯ ᠲᠠᠷᠬᠠᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠪᠡ
ᠨᠡᠶ᠋ᠢᠲᠡᠯᠡᠭᠰᠡᠨ ᠴᠠᠭ᠄ 2024-05-10

      ᠣᠶ᠋ᠢᠷ᠎ᠠ᠎ᠳᠤ᠂ ᠤᠯᠠᠭ᠋ᠠᠨᠬᠠᠳᠠ ᠬᠤᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠦᠯᠵᠢᠶ᠎ᠡ᠎ᠪᠠᠷ ᠲᠣᠭᠣᠷᠢᠨ ᠪᠠᠶ᠋ᠢᠴᠠᠭ᠋ᠠᠬᠤ᠎ᠳᠤ᠎ᠪᠠᠨ ᠨᠢᠭᠡ ᠬᠥᠮᠦᠨ ᠨᠡᠶ᠋ᠢᠭᠡᠮ᠎ᠤᠨ ᠬᠠᠷᠢᠯᠴᠠᠭ᠋ᠠᠨ᠎ᠤ ᠲᠠᠪᠴᠠᠩ᠎ᠳᠤ ᠨᠢᠭᠡᠨ ᠭᠠᠵᠠᠷ᠎ᠤᠨ ᠬᠠᠪᠤᠷ᠎ᠤᠨ ᠲᠠᠷᠢᠶᠠᠯᠠᠭ᠎ᠠ ᠵᠢᠨ ᠵᠢᠭᠤᠷᠠᠯᠳᠤᠭ᠋ᠠᠨ᠎ᠤ ᠬᠡᠷᠡᠭ᠎ᠤᠨ ᠠᠭᠤᠯᠭ᠎ᠠ ᠵᠢ ᠳᠤᠷ᠎ᠠ᠎ᠪᠠᠷ ᠵᠶ᠋ᠠᠨ ᠬᠠᠯᠠᠨ ᠥᠭᠡᠷᠡᠴᠢᠯᠡᠵᠦ᠂ ᠬᠡᠷᠡᠭ ᠡᠭᠦᠰᠦᠭᠰᠡᠨ ᠭᠠᠵᠠᠷ᠎ᠢ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤ᠎ᠪᠠᠷ ᠰᠣᠯᠢᠵᠤ᠂ ᠴᠣᠣᠷᠬᠠᠯ ᠮᠡᠳᠡᠭᠡ ᠵᠠᠩᠭᠢ ᠵᠢ ᠵᠣᠬᠢᠶᠠᠵᠤ ᠲᠠᠷᠬᠠᠭ᠋ᠠᠭᠰᠠᠨ ᠰᠡᠵᠢᠭᠯᠡᠯᠲᠡᠶ ᠵᠢ ᠣᠯᠵᠤ ᠮᠡᠳᠡᠵᠡᠢ᠃ ᠡᠨᠡ ᠬᠦ᠌ ᠰᠦᠪᠡᠭᠴᠢ ᠵᠢ ᠢᠯᠡᠷᠡᠭᠦᠯᠦᠭᠰᠡᠨ᠎ᠤ ᠳᠠᠷᠠᠭ᠎ᠠ᠂ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠶᠡᠬᠡ ᠠᠩᠭᠢ ᠲᠡᠷᠡ ᠳᠠᠷᠤᠶ᠎ᠳᠤ᠎ᠨᠢ ᠡᠬᠢ ᠡᠭᠦᠰᠦᠯ᠎ᠢ᠎ᠨᠢ ᠡᠷᠢᠬᠦ ᠠᠵᠢᠯ ᠥᠷᠨᠢᠭᠦᠯᠵᠦ᠂ ᠸᠢᠳᠢᠣ᠋ ᠵᠢᠨ ᠵᠣᠬᠢᠶᠠᠭᠴᠢ ᠵᠢᠨ ᠬᠠᠮᠢᠶ᠎ᠠ ᠪᠥᠬᠥᠶ ᠰᠦᠪᠡᠭᠴᠢ ᠵᠢ ᠴᠤᠭᠯᠠᠭᠤᠯᠵᠤ᠂ ᠠᠨᠾᠦ᠋ᠢ ᠮᠤᠵᠢ᠎ᠪᠠᠷ ᠨᠤᠲᠤᠭ᠎ᠲᠠᠢ ᠯᠢᠦ ᠣᠪᠣᠭᠲᠤ ᠵᠢ ᠠᠮᠵᠢᠯᠲᠠ᠎ᠲᠠᠢ᠎ᠪᠠᠷ ᠪᠠᠶ᠋ᠢᠴᠠᠭ᠋ᠠᠨ ᠳᠣᠲᠣᠯᠠᠵᠠᠶ᠃ ᠯᠢᠦ ᠣᠪᠣᠭᠲᠤ ᠵᠢᠨ ᠣᠷᠣᠨ ᠪᠠᠶ᠋ᠢᠷᠢ ᠵᠢ ᠲᠣᠭᠲᠠᠭ᠋ᠠᠭᠰᠠᠨ᠎ᠤ ᠳᠠᠷᠠᠭ᠎ᠠ᠂ ᠬᠡᠷᠡᠭ ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠲᠡᠷᠡ ᠳᠠᠷᠤᠶ᠎ᠳᠤ᠎ᠨᠢ ᠠᠨᠾᠤᠢ᠍ᠢ ᠮᠤᠵᠢ᠎ᠳᠤ ᠬᠦᠷᠴᠦ᠂ ᠲᠤᠬᠠᠶ ᠵᠢᠨ ᠭᠠᠵᠠᠷ᠎ᠤᠨ ᠴᠠᠭᠳᠠᠭ᠋ᠠᠨ᠎ᠤ ᠲᠠᠯ᠎ᠠ ᠵᠢᠨ ᠬᠠᠮᠵᠢᠯᠴᠠᠭ᠎ᠠ᠎ᠪᠠᠷ ᠯᠢᠦ ᠣᠪᠣᠭᠲᠤ ᠵᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠳᠠᠭᠤᠳᠠᠨ ᠠᠪᠠᠴᠢᠵᠤ ᠪᠠᠶ᠋ᠢᠴᠠᠭ᠋ᠠᠯᠲᠠ ᠬᠦᠯᠢᠶᠡᠯᠭᠡᠵᠡᠶ᠂ ᠯᠠᠪᠯᠠᠨ ᠠᠰᠠᠭᠤᠬᠤ᠎ᠪᠠᠷ ᠳᠠᠮᠵᠢᠭ᠋ᠠᠳ ᠯᠢᠦ ᠣᠪᠣᠭᠲᠤ ᠴᠤᠤᠷᠬᠠᠯ ᠲᠠᠷᠬᠠᠭ᠋ᠠᠵᠤ ᠣᠯᠠᠨ ᠨᠡᠶ᠋ᠢᠲᠡ ᠵᠢᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ ᠵᠶ᠋ᠠᠨ ᠥᠴᠢᠭᠯᠡᠨ ᠮᠡᠳᠡᠷᠡᠭᠰᠡᠨ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠪᠤᠷᠤᠭᠤ᠎ᠪᠠᠨ ᠮᠡᠳᠡᠷᠡᠵᠡᠶ᠃

640 (1).jpg


      ᠣᠳᠣᠬᠠᠨ᠎ᠳᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠨᠢᠭᠡᠨᠲᠡ ᠬᠠᠤᠯᠢ ᠶᠣᠰᠣᠭ᠋ᠠᠷ ᠯᠢᠦ ᠣᠪᠣᠭᠲᠤ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠪᠡ᠃

 

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ