ᠦᠢᠯᠡᠴᠢᠯᠡᠭᠡ   -   ᠰᠡᠷᠡᠮᠵᠢ᠎ᠶᠢᠨ ᠬᠤᠩᠬᠤ
ᠨᠢᠭᠡ ᠬᠥᠮᠥᠨ 《ᠵᠢᠶᠠᠩ᠎ᠳᠤ ᠳᠦᠷᠦᠬᠦ ᠨᠣᠭᠣᠭ᠎ᠠ》 ᠢᠳᠡᠬᠦ ᠵᠢᠨ ᠲᠥᠯᠥᠭᠡ ᠬᠠᠤᠯᠢ ᠪᠤᠰᠤ᠎ᠪᠠᠷ ᠠᠮᠤ ᠴᠡᠴᠡᠭ ᠳᠠᠷᠢᠭᠰᠠᠨ᠎ᠠᠴᠠ ᠵᠠᠰᠠᠭ ᠵᠠᠬᠢᠷᠭ᠋ᠠᠨ᠎ᠤ ᠰᠢᠳᠭᠡᠯ ᠣᠯᠪᠠ
ᠨᠡᠶ᠋ᠢᠲᠡᠯᠡᠭᠰᠡᠨ ᠴᠠᠭ᠄ 2024-05-14

      2024 ᠣᠨ᠎ᠤ 5 ᠰᠠᠷ᠎ᠠ ᠵᠢᠨ 3᠎ᠤ ᠡᠳᠦᠷ᠂ 《ᠬᠤᠷᠴᠠ ᠰᠡᠯᠡᠮ᠎ᠡ — 24》 ᠵᠢᠨ ᠬᠣᠤᠷᠲᠤ ᠡᠳ᠋᠎ᠢ ᠠᠷᠢᠯᠭ᠋ᠠᠬᠤ ᠲᠤᠰᠬᠠᠶ ᠠᠵᠢᠯᠯᠠᠭ᠎ᠠ ᠳᠤᠮᠳᠠ᠂ ᠤᠯᠠᠭ᠋ᠠᠨᠬᠠᠳᠠ ᠬᠣᠲᠠ ᠵᠢᠨ ᠰᠥᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠴᠧᠩ ᠽᠢ ᠲᠣᠮᠢᠯᠠᠭᠰᠠᠨ ᠰᠠᠯᠪᠤᠷᠢ ᠵᠢᠨ᠎ᠬᠢᠨ ᠬᠠᠷᠢᠶᠠᠲᠤ ᠣᠷᠣᠨ᠎ᠤ᠎ᠪᠠᠨ ᠭᠠᠴᠠᠭ᠋ᠠᠨ᠎ᠤ ᠠᠷᠠᠳ ᠵᠠᠩ ᠣᠪᠣᠭᠲᠤ ᠬᠦᠯᠡᠮᠵᠢ᠎ᠠᠴᠠ 99 ᠰᠠᠭᠤᠷᠢ ᠠᠮᠤ ᠴᠡᠴᠡᠭ᠎ᠤᠨ ᠤᠷᠭᠤᠮᠠᠯ᠎ᠢ ᠪᠠᠶ᠋ᠢᠴᠠᠭ᠋ᠠᠨ ᠣᠯᠵᠤ᠂ ᠲᠡᠭᠦᠨ᠎ᠢ ᠪᠠᠷᠢᠪᠴᠢᠯᠠᠪᠠ᠃ 《ᠪᠢ ᠲᠡᠭᠦᠨ᠎ᠢ ᠲᠠᠷᠢᠭ᠋ᠠᠳ ᠵᠢᠶᠠᠩ᠎ᠳᠤ᠎ᠳᠤ ᠳᠦᠷᠦᠵᠦ ᠢᠳᠡᠬᠦ ᠭᠡᠰᠡᠨ᠎ᠠᠴᠠ ᠪᠢᠰᠢ ᠬᠠᠤᠯᠢ᠎ᠠᠴᠠ ᠵᠥᠷᠢᠴᠡᠬᠦ ᠵᠢ ᠮᠡᠳᠡᠬᠦ ᠦᠭᠡᠶ ᠁》 ᠭᠡᠵᠦ ᠵᠠᠩ ᠣᠪᠣᠭᠲᠤ ᠬᠡᠯᠡᠪᠡ᠃ ᠪᠤᠷᠤᠭᠤ ᠲᠠᠨᠢᠯᠲᠠ᠎ᠨᠢ ᠵᠠᠩ ᠣᠪᠣᠭᠲᠤ ᠵᠢᠨ ᠬᠠᠤᠯᠢ᠎ᠠᠴᠠ ᠵᠥᠷᠢᠴᠡᠬᠦ ᠵᠢᠨ 《ᠬᠠᠯᠬᠠᠪᠴᠢ》 ᠪᠣᠯᠵᠤ ᠪᠣᠯᠬᠤ ᠦᠭᠡᠶ᠂ ᠠᠷᠠᠳ᠎ᠤᠨ ᠴᠠᠭᠳᠠᠭ᠎ᠠ ᠬᠦᠯᠢᠴᠡᠩᠭᠦᠶ᠎ᠪᠠᠷ ᠵᠠᠩ ᠣᠪᠣᠭᠲᠤ᠎ᠳᠤ ᠬᠣᠣᠷ ᠴᠠᠭ᠋ᠠᠵᠠᠯᠠᠬᠤ ᠤᠬᠠᠭᠤᠯᠭ᠎ᠠ ᠬᠥᠮᠦᠵᠢᠯ ᠬᠢᠵᠦ᠂ ᠲᠡᠭᠦᠨ᠎ᠳᠤ ᠠᠮᠤ ᠴᠡᠴᠡᠭ ᠳᠠᠷᠢᠬᠤ ᠵᠢᠨ ᠬᠦᠨᠳᠦ ᠨᠣᠴᠢᠲᠠᠶ ᠬᠣᠣᠷ ᠬᠥᠨᠥᠭᠡᠯ ᠪᠠ ᠬᠠᠤᠯᠢ᠎ᠠᠴᠠ ᠵᠥᠷᠢᠴᠡᠭᠰᠡᠨ ᠰᠢᠨᠵᠢ ᠴᠢᠨᠠᠷ᠎ᠢ ᠨᠠᠷᠢᠨ ᠲᠠᠶ᠋ᠢᠯᠪᠤᠷᠢᠯᠠᠵᠤ ᠥᠭᠴᠡᠶ᠃ ᠠᠷᠠᠳ᠎ᠤᠨ ᠴᠠᠭᠳᠠᠭ᠎ᠠ ᠨᠠᠷ᠎ᠤᠨ ᠬᠥᠮᠦᠵᠢᠯ ᠵᠢᠯᠣᠭᠣᠳᠣᠯᠭ᠎ᠠ᠎ᠪᠠᠷ ᠵᠠᠩ ᠣᠪᠣᠭᠲᠤ ᠥᠪᠡᠷ᠎ᠤᠨ ᠪᠤᠷᠤᠭᠤ᠎ᠪᠠᠨ ᠭᠦᠨᠵᠡᠭᠡᠶ ᠲᠠᠨᠢᠵᠤ᠂ ᠰᠠᠨᠠᠭ᠋ᠠᠴᠢᠯᠠᠭ᠎ᠠ᠎ᠠᠴᠠ᠎ᠪᠠᠨ 99 ᠰᠠᠭᠤᠷᠢ ᠠᠮᠤ ᠴᠡᠴᠡᠭ᠎ᠤᠨ ᠤᠷᠭᠤᠮᠠᠯ᠎ᠢ ᠪᠦᠬᠦᠨ᠎ᠢ ᠠᠷᠢᠯᠭ᠋ᠠᠵᠤ ᠬᠠᠶᠠᠵᠠᠶ᠃ ᠭᠡᠪᠡᠴᠦ ᠵᠠᠩ ᠣᠪᠣᠭᠲᠤ ᠵᠢᠨ ᠠᠵᠢᠯᠯᠠᠭ᠎ᠠ᠎ᠨᠢ ᠨᠢᠭᠡᠨᠲᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠵᠡᠶ᠂

《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠰᠦᠩᠱ᠌ᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ᠎ᠠᠴᠠ ᠵᠠᠩ ᠣᠪᠣᠭᠲᠤ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠡᠶ᠃


嘴馋惹的祸 一村民为吃-1037.png


嘴馋惹的祸 一村民为吃-587.png

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ