ᠦᠢᠯᠡᠴᠢᠯᠡᠭᠡ   -   ᠰᠡᠷᠡᠮᠵᠢ᠎ᠶᠢᠨ ᠬᠤᠩᠬᠤ
ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠠᠶ᠋ᠢᠬᠠᠨ ᠲᠠᠯ᠎ᠠ ᠲᠣᠮᠢᠯᠠᠭᠰᠠᠨ ᠰᠠᠯᠪᠤᠷᠢ ᠨᠢᠭᠡ ᠤᠳᠠᠭ᠋ᠠᠨ᠎ᠤ ᠵᠥᠷᠢᠴᠡᠯ ᠵᠠᠭᠤᠷᠠᠯᠳᠤᠭ᠋ᠠᠨ᠎ᠢ ᠠᠮᠵᠢᠯᠲᠠᠲᠠᠶ ᠡᠶᠡᠳᠡᠭᠦᠯᠪᠡ
ᠨᠡᠶ᠋ᠢᠲᠡᠯᠡᠭᠰᠡᠨ ᠴᠠᠭ᠄ 2024-09-12

      2024 ᠣᠨ᠎ᠤ 9 ᠰᠠᠷ᠎ᠠ ᠵᠢᠨ 1᠎ᠤ ᠡᠳᠦᠷ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠠᠶ᠋ᠢᠬᠠᠨ ᠲᠠᠯ᠎ᠠ ᠵᠢᠨ ᠲᠣᠮᠢᠯᠠᠭᠰᠠᠨ ᠰᠠᠯᠪᠤᠷᠢ ᠵᠢᠨ ᠬᠠᠷᠢᠶᠠᠲᠤ ᠣᠷᠣᠨ᠎ᠤ ᠡ ᠣᠪᠣᠭᠲᠤ ᠵᠢᠨ ᠪᠢ ᠰᠠ ᠣᠪᠣᠭᠲᠤ᠎ᠲᠠᠢ ᠠᠷᠢᠬᠢ ᠦᠦᠭᠤᠭᠰᠠᠨ᠎ᠤ ᠳᠠᠷᠠᠭ᠎ᠠ ᠮᠠᠷᠭᠤᠯᠳᠤᠭ᠋ᠠᠨ ᠭᠠᠷᠴᠠᠢ ᠭᠡᠰᠡᠨ ᠬᠡᠷᠡᠭ᠎ᠤᠨ ᠮᠡᠳᠡᠭᠦᠯᠦᠯᠲᠡ ᠵᠢ ᠲᠣᠰᠪᠠ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ ᠠᠷᠠᠳ᠎ᠤᠨ ᠴᠠᠭᠳᠠᠭ᠎ᠠ ᠲᠡᠷᠡ ᠳᠠᠷᠤᠶ᠎ᠳᠤ᠎ᠨᠢ ᠲᠤᠬᠠᠶ ᠵᠢᠨ ᠲᠠᠯᠠᠪᠠᠶ᠎ᠳᠤ ᠬᠦᠷᠴᠦ ᠣᠶ᠋ᠢᠯᠠᠭ᠋ᠠᠭᠰᠠᠨ ᠵᠶ᠋ᠠᠷ᠂ ᠡ ᠣᠪᠣᠭᠲᠤ ᠪᠣᠯᠤᠨ ᠰᠠ ᠣᠪᠣᠭᠲᠤ ᠠᠷᠢᠬᠢ ᠤᠤᠭᠤᠭᠰᠠᠨ᠎ᠤ ᠳᠠᠷᠠᠭ᠎ᠠ ᠠᠷᠰᠠᠷ ᠶᠠᠪᠤᠳᠠᠯ᠎ᠠᠴᠠ ᠪᠣᠯᠵᠤ ᠬᠡᠯᠡ ᠠᠮᠠ ᠪᠣᠯᠵᠤ ᠭᠠᠷ ᠬᠥᠳᠡᠯᠪᠡ᠃

赛罕塔拉派出所矛盾纠纷.jpg


      ᠵᠠᠭᠤᠷᠠᠯᠳᠤᠭ᠋ᠠᠨ᠎ᠢ ᠲᠣᠬᠢᠲᠠᠶ ᠰᠢᠢ᠍ᠳᠪᠦᠷᠢᠯᠡᠬᠦ ᠵᠢᠨ ᠲᠥᠯᠥᠭᠡ᠂ ᠠᠷᠠᠳ᠎ᠤᠨ ᠴᠠᠭᠳᠠᠭ᠎ᠠ ᠬᠣᠶᠠᠷ ᠲᠠᠯ᠎ᠠ ᠵᠢᠨ ᠦᠵᠡᠯ ᠰᠠᠨᠠᠭ᠋ᠠᠨ᠎ᠤ ᠠᠵᠢᠯ᠎ᠢ ᠬᠦᠯᠢᠴᠡᠩᠭᠦᠶ᠎ᠪᠠᠷ ᠨᠠᠷᠢᠨ ᠨᠢᠮᠪᠠᠶ ᠬᠢᠵᠡᠶ᠃ ᠡᠴᠦᠰ᠎ᠲᠤ᠎ᠪᠠᠨ ᠠᠷᠠᠳ᠎ᠤᠨ ᠴᠠᠭᠳᠠᠭ᠎ᠠ ᠵᠢᠨ ᠴᠢᠷᠮᠠᠶ᠋ᠢᠯᠭ᠎ᠠ᠎ᠪᠠᠷ᠂ ᠬᠣᠶᠠᠷ ᠲᠠᠯ᠎ᠠ᠎ᠪᠠᠷ ᠵᠶ᠋ᠠᠨ ᠥᠪᠡᠷ ᠥᠪᠡᠷ᠎ᠤᠨ ᠪᠤᠷᠤᠭᠤ᠎ᠪᠠᠨ ᠲᠠᠨᠢᠵᠤ᠂ ᠨᠢᠭᠡ ᠴᠠᠭ᠎ᠤᠨ ᠠᠭᠤᠷ᠎ᠠᠴᠠ ᠪᠣᠯᠵᠣ ᠬᠡᠯᠡ ᠠᠮᠠ ᠪᠣᠯᠵᠣ ᠴᠢᠨᠠᠭᠰᠢᠯᠠᠪᠠᠯ ᠭᠠᠷ ᠬᠥᠳᠡᠯᠦᠨ ᠬᠡᠷᠡᠯᠳᠦᠵᠦ ᠪᠣᠯᠬᠤ ᠥᠬᠡᠶ ᠭᠡᠵᠦ ᠢᠯᠡᠷᠬᠡᠢ᠌ᠯᠡᠵᠦ᠂ ᠬᠣᠶᠠᠷ ᠲᠠᠯ᠎ᠠ᠎ᠪᠠᠷ ᠵᠶ᠋ᠡᠨ ᠡᠶᠡᠳᠡᠭᠦᠯᠭᠡ ᠵᠢᠨ ᠬᠡᠯᠡᠯᠴᠡᠭᠡᠷ᠎ᠲᠤ ᠭᠠᠷ᠎ᠤᠨ ᠥᠰᠥᠭ ᠵᠢᠷᠤᠬᠤ ᠵᠢᠨ ᠬᠠᠮᠲᠤ ᠭᠠᠷ ᠠᠳᠬᠤᠨ ᠡᠶᠡᠳᠡᠪᠡ᠃

 

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ