ᠦᠢᠯᠡᠴᠢᠯᠡᠭᠡ   -   ᠰᠡᠷᠡᠮᠵᠢ᠎ᠶᠢᠨ ᠬᠤᠩᠬᠤ
ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ᠎ᠬᠢᠨ ᠬᠡᠭᠡᠷ᠎ᠡ ᠵᠢᠨ ᠡᠮ᠎ᠤᠨ ᠮᠠᠲ᠋ᠧᠷᠢᠶᠠᠯ᠎ᠢ ᠬᠤᠯᠠᠭ᠋ᠠᠶ᠋ᠢᠯᠠᠨ ᠮᠠᠯᠲᠠᠭᠰᠠᠨ ᠠᠵᠢᠯᠯᠠᠭ᠎ᠠ᠎ᠳᠤ ᠥᠴᠦᠬᠡᠨ ᠴᠦ᠍ ᠢᠯᠳᠠᠷ ᠬᠠᠶᠠᠬᠤ ᠥᠬᠡᠶ᠎ᠪᠠᠷ ᠬᠦᠴᠦᠲᠡᠶ ᠴᠣᠬᠢᠯᠲᠠ ᠥᠭᠪᠡ
ᠨᠡᠶ᠋ᠢᠲᠡᠯᠡᠭᠰᠡᠨ ᠴᠠᠭ᠄ 2024-09-12

      ᠰᠢᠯᠢ ᠵᠢᠨ ᠭᠣᠤᠯ ᠠᠶ᠋ᠢᠮᠠᠭ᠎ᠤᠨ ᠬᠢᠯᠢ ᠳᠣᠲᠣᠷᠠᠬᠢ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠤᠨ ᠡᠬᠢ ᠪᠠᠶᠠᠯᠢᠭ᠎ᠢ ᠪᠦᠲᠦᠮᠵᠢᠲᠡᠶ ᠬᠠᠮᠠᠭ᠋ᠠᠯᠠᠵᠤ᠂ ᠬᠡᠭᠡᠷ᠎ᠡ ᠵᠢᠨ ᠤᠷᠭᠤᠮᠠᠯ᠎ᠤᠨ ᠡᠬᠢ ᠪᠠᠶᠠᠯᠢᠭ᠎ᠢ ᠮᠠᠯᠲᠠᠬᠤ᠂ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠬᠤᠳᠠᠯᠳᠤᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ 《ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠡᠷᠬᠡ ᠣᠯᠭᠣᠵᠤ ᠣᠶ ᠰᠢᠭᠤᠶ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠡᠷᠬᠡ ᠵᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ》᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠨᠠᠩ ᠰᠠᠶ᠋ᠢᠲᠤᠷ ᠨᠠᠢ᠌ᠳᠠᠪᠤᠷᠢᠵᠢᠭᠤᠯᠬᠤ ᠵᠢᠨ ᠲᠤᠰᠠᠳᠠ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠢ ᠠᠬᠤᠢ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ᠎ᠬᠢᠨ ᠬᠡᠭᠡᠷ᠎ᠡ ᠵᠢᠨ ᠤᠷᠭᠤᠮᠠᠯ᠎ᠤᠨ ᠡᠬᠢ ᠪᠠᠶᠠᠯᠢᠭ᠎ᠢ ᠬᠠᠤᠯᠢ ᠪᠤᠰᠤ᠎ᠪᠠᠷ ᠮᠠᠯᠲᠠᠬᠤ᠂ ᠠᠷᠠᠯᠵᠢᠶᠠᠯᠠᠬᠤ ᠵᠡᠷᠭᠡ ᠡᠪᠳᠡᠬᠦ ᠠᠵᠢᠯᠯᠠᠭ᠎ᠠ ᠵᠢ ᠡᠷᠡᠰ ᠬᠣᠷᠢᠭᠯᠠᠪᠠ᠃ ᠣᠶ᠋ᠢᠷ᠎ᠠ᠎ᠳᠤ᠂ ᠬᠡᠭᠡᠷ᠎ᠡ ᠵᠢᠨ ᠡᠮ᠎ᠤᠨ ᠮᠠᠲ᠋ᠧᠷᠢᠶᠠᠯ᠎ᠢ ᠬᠤᠯᠠᠭ᠋ᠠᠶ᠋ᠢᠯᠠᠨ ᠮᠠᠯᠲᠠᠭᠰᠠᠨ 2 ᠬᠡᠷᠡᠭ᠎ᠢ ᠢᠯᠡᠷᠡᠭᠦᠯᠵᠦ᠂ 《ᠵᠣᠨ᠎ᠤ ᠤᠯᠠᠷᠢᠯ᠎ᠤᠨ ᠠᠵᠢᠯᠯᠠᠭ᠎ᠠ》 ᠵᠢᠨ ᠦᠷ᠎ᠡ ᠪᠦᠲᠦᠮᠵᠢ᠎ᠳᠤ ᠳᠠᠬᠢᠨᠲᠠ ᠠᠮᠵᠢᠯᠲᠠ ᠨᠡᠮᠡᠵᠦ᠂ ᠪᠥᠬᠥ ᠬᠣᠰᠢᠭᠤᠨ᠎ᠤ ᠠᠮᠢ ᠠᠬᠤᠶ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠪᠠ᠃

c3116b76c9494922d3648196e83162d.jpg


      ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠬᠤ ᠵᠢ ᠢᠮᠠᠭᠲᠠ ᠪᠠᠷᠢᠮᠲᠠᠯᠠᠵᠤ᠂ ᠠᠮᠢ ᠠᠬᠤᠢ ᠵᠢ ᠬᠠᠮᠲᠤᠪᠠᠷ ᠪᠠᠶ᠋ᠢᠭᠤᠯᠵᠤ ᠬᠠᠮᠲᠤᠪᠠᠷ ᠡᠳ᠋ᠯᠡᠬᠦ ᠰᠠᠭᠤᠷᠢ ᠵᠢ ᠪᠠᠲᠤᠳᠬᠠᠪᠠ᠃ ᠠᠷᠠᠳ᠎ᠤᠨ ᠴᠠᠭᠳᠠᠭ᠎ᠠ + ᠴᠠᠭᠳᠠᠭ᠋ᠠᠨ᠎ᠤ ᠶᠠᠪᠤᠳᠠᠯ᠎ᠤᠨ ᠲᠤᠰᠠᠯᠠᠭᠴᠢ + ᠠᠮᠢ ᠠᠬᠤᠶ ᠵᠢᠨ ᠵᠢᠷᠤᠮ᠎ᠤᠨ ᠴᠠᠭᠳᠠᠭ᠎ᠠ ᠵᠢᠨ ᠬᠦᠴᠦᠨ ᠵᠶ᠋ᠡᠷ᠂ 《ᠴᠠᠭᠳᠠᠭ᠎ᠠ + N》 ᠠᠵᠢᠯ᠎ᠤᠨ ᠰᠢᠨ᠎ᠡ ᠵᠠᠭᠪᠤᠷ᠎ᠢ ᠪᠠᠶ᠋ᠢᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠰᠤᠷᠭ᠋ᠠᠭᠤᠯᠢ᠂ ᠠᠵᠤ ᠠᠬᠤᠶ᠋ᠢᠯᠠᠯ᠂ ᠨᠡᠶ᠋ᠢᠭᠡᠮ ᠲᠣᠭᠣᠷᠢᠭ᠎ᠢ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠤᠬᠠᠭᠤᠯᠭ᠎ᠠ ᠵᠢᠨ ᠴᠢᠬᠤᠯᠠ ᠵᠢᠭᠰᠠᠭ᠋ᠠᠯ᠎ᠤᠨ ᠭᠠᠵᠠᠷ ᠪᠣᠯᠭ᠋ᠠᠪᠠ᠃ 7 ᠰᠠᠷ᠎ᠠ ᠵᠢᠨ 28᠎ᠤ ᠡᠳᠦᠷ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠣᠩᠭᠣᠷᠭᠣᠣᠯ ᠪᠠᠯᠭ᠋ᠠᠰᠤᠨ᠎ᠤ ᠬᠢᠯᠢ ᠵᠢᠨ ᠲᠣᠮᠢᠯᠠᠭᠰᠠᠨ ᠰᠠᠯᠪᠤᠷᠢ᠎ᠲᠠᠢ ᠬᠠᠮᠲᠤᠷᠠᠨ 《2024 ᠣᠨ ᠴᠡᠴᠡᠭᠯᠡᠨ ᠠᠷᠢᠯᠭ᠋ᠠᠬᠤ ᠠᠵᠢᠯᠯᠠᠭ᠎ᠠ》 ᠵᠢᠨ ᠤᠬᠠᠭᠤᠯᠤᠨ ᠰᠡᠷᠭᠡᠶ᠋ᠢᠯᠡᠬᠦ ᠠᠵᠢᠯᠯᠠᠭ᠎ᠠ ᠥᠷᠨᠢᠭᠦᠯᠵᠦ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠤᠯᠢ ᠪᠤᠰᠤ ᠠᠷᠠᠯᠵᠢᠶᠠᠨ᠎ᠤ ᠠᠵᠢᠯᠯᠠᠭ᠎ᠠ᠎ᠳᠤ ᠪᠦᠲᠦᠮᠵᠢᠲᠡᠶ ᠴᠣᠬᠢᠯᠲᠠ ᠥᠭᠬᠦ ᠵᠢᠨ ᠲᠥᠯᠥᠭᠡ ᠬᠠᠮᠲᠤ᠎ᠪᠠᠷ ᠬᠦᠴᠦᠯᠡᠵᠦ᠂ 《ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ》᠎ᠪᠠᠷ ᠠᠮᠢ ᠠᠬᠤᠶ ᠵᠢᠨ ᠬᠠᠮᠠᠭ᠋ᠠᠯᠠᠯᠲᠠ ᠵᠢ ᠳᠥᠯᠭᠢᠨ ᠠᠬᠢᠭᠤᠯᠪᠠ᠃ ᠡᠷᠦᠬᠡ᠎ᠳᠤ ᠣᠷᠣᠵᠤ ᠤᠬᠠᠭᠤᠯᠬᠤ ᠶᠠᠪᠤᠴᠠ᠎ᠳᠤ᠂ ᠭᠠᠩᠭ᠋ᠠᠨᠰᠢᠯᠢ ᠭᠠᠴᠠᠭ᠋ᠠᠨ᠎ᠤ ᠮᠠᠯᠴᠢᠳ ᠵᠠᠷᠢᠮ ᠬᠥᠮᠥᠨ ᠨᠡᠶ᠋ᠢᠲᠡ ᠵᠢᠨ ᠪᠡᠯᠴᠢᠭᠡᠷ᠎ᠲᠤ ᠬᠡᠭᠡᠷ᠎ᠡ ᠵᠢᠨ ᠤᠷᠭᠤᠮᠠᠯ ᠮᠠᠯᠲᠠᠵᠤ ᠪᠠᠶ᠋ᠢᠨ᠎ᠠ ᠭᠡᠵᠦ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠂ ᠠᠷᠠᠳ᠎ᠤᠨ ᠴᠠᠭᠳᠠᠭ᠎ᠠ ᠦᠳᠲᠡᠷ ᠲᠦᠷᠭᠡᠨ ᠵᠶ᠋ᠠᠷ ᠲᠤᠬᠠᠢ ᠵᠢᠨ ᠭᠠᠵᠠᠷ᠎ᠲᠤ ᠬᠦᠷᠴᠦ ᠵᠢᠭᠰᠠᠭ᠋ᠠᠨ ᠪᠠᠢ᠌ᠴᠠᠭ᠋ᠠᠬᠤ ᠠᠵᠢᠯ ᠥᠷᠨᠢᠭᠦᠯᠵᠦ᠂ 《ᠰᠢᠪᠲᠤᠯᠤᠨ ᠳᠠᠭ᠋ᠠᠷᠢᠬᠤ ᠮᠠᠶᠢᠭ》᠎ᠤᠨ ᠪᠦᠬᠦ ᠲᠠᠯ᠎ᠠ ᠵᠢᠨ ᠲᠣᠭᠣᠷᠢᠨ ᠪᠠᠶ᠋ᠢᠴᠠᠭ᠋ᠠᠬᠤ ᠠᠷᠭ᠎ᠠ᠎ᠪᠠᠷ ᠬᠠᠤᠯᠢ᠎ᠠᠴᠠ ᠵᠥᠷᠢᠴᠡᠭᠰᠡᠨ 2 ᠬᠥᠮᠦᠨ᠎ᠢ ᠲᠤᠬᠠᠶ ᠵᠢᠨ ᠲᠠᠯᠠᠪᠤᠷ᠎ᠲᠤ ᠪᠠᠷᠢᠪᠴᠢᠯᠠᠵᠤ᠂ 15 ᠵᠢᠩ ᠬᠡᠭᠡᠷ᠎ᠡ ᠵᠢᠨ ᠡᠮ᠎ᠤᠨ ᠮᠠᠲ᠋ᠧᠷᠢᠶᠠᠯ᠂ ᠬᠡᠷᠡᠭ᠎ᠤᠨ ᠪᠠᠭ᠋ᠠᠵᠢ ᠵᠢ ᠲᠤᠬᠠᠶ ᠵᠢᠨ ᠲᠠᠯᠠᠪᠤᠷ᠎ᠲᠤ᠎ᠨᠢ ᠬᠤᠷᠢᠶᠠᠮᠵᠢᠯᠠᠵᠤ᠂ ᠬᠠᠤᠯᠢ᠎ᠠᠴᠠ ᠵᠥᠷᠢᠴᠡᠭᠰᠡᠨ 1 ᠬᠥᠮᠦᠨ ᠮᠣᠲ᠋ᠣᠷ ᠤᠨᠤᠵᠤ ᠳᠤᠲᠠᠭ᠋ᠠᠭ᠋ᠠᠳ᠂ ᠬᠠᠤᠯᠢ ᠴᠠᠭ᠋ᠠᠵᠠ ᠵᠢᠨ ᠰᠦᠷᠳᠡᠭᠦᠯᠦᠯ ᠪᠠ ᠬᠦᠯᠢᠴᠡᠩᠭᠦᠶ ᠢᠳᠬᠠᠯ ᠳᠣᠣᠷ᠎ᠠ᠂ 8 ᠰᠠᠷ᠎ᠠ ᠵᠢᠨ 9᠎ᠤ ᠡᠳᠦᠷ ᠰᠠᠨᠠᠭ᠋ᠠᠴᠢᠯᠠᠭ᠎ᠠ᠎ᠠᠴᠠ᠎ᠪᠠᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠦᠷᠴᠦ ᠪᠡᠶ᠎ᠡ᠎ᠪᠠᠨ ᠲᠤᠰᠢᠶᠠᠵᠠᠶ᠃ ᠸᠠᠩ ᠣᠪᠣᠭᠲᠤ ᠵᠡᠷᠭᠡ ᠭᠤᠷᠪᠠᠨ ᠬᠥᠮᠦᠨ ᠬᠡᠭᠡᠷ᠎ᠡ ᠵᠢᠨ ᠡᠮ᠎ᠤᠨ ᠮᠠᠲ᠋ᠧᠷᠢᠶᠠᠯ᠎ᠢ ᠬᠤᠯᠠᠭ᠋ᠠᠶ᠋ᠢᠯᠠᠨ ᠮᠠᠯᠲᠠᠭᠰᠠᠨ ᠠᠵᠢᠯᠯᠠᠭ᠎ᠠ᠎ᠪᠠᠨ ᠥᠴᠢᠭᠯᠡᠨ ᠮᠡᠳᠡᠷᠡᠵᠡᠶ᠃ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠬᠠᠤᠯᠢ ᠵᠢ ᠵᠥᠷᠢᠴᠡᠭᠰᠡᠨ 3 ᠦᠢ᠍ᠯᠡ ᠠᠵᠢᠯᠯᠠᠭ᠋ᠠᠲᠤ ᠬᠥᠮᠦᠨ᠎ᠳᠤ ᠵᠠᠰᠠᠭ ᠵᠠᠬᠢᠷᠭ᠋ᠠᠨ᠎ᠤ ᠲᠦᠷ ᠬᠣᠷᠢᠬᠤ ᠠᠷᠭ᠎ᠠ ᠬᠡᠮᠵᠢᠶ᠎ᠡ ᠠᠪᠴᠤ᠂ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠢ᠌ᠨ᠎ᠠ᠃


      ᠠᠷᠠᠳ᠎ᠤᠨ ᠴᠠᠭᠳᠠᠭ᠎ᠠ᠎ᠠᠴᠠ ᠬᠠᠤᠯᠢ ᠵᠢ ᠵᠥᠷᠢᠴᠡᠭᠰᠡᠨ ᠶᠠᠯᠠᠲᠤ ᠬᠡᠷᠡᠭ᠎ᠤᠨ ᠰᠦᠪᠡᠭᠴᠢ ᠵᠢ ᠢᠳᠡᠪᠬᠢᠲᠡᠶ᠎ᠪᠠᠷ ᠢᠯᠡᠴᠢᠯᠡᠨ ᠮᠡᠳᠡᠭᠦᠯᠬᠦ ᠵᠢ ᠤᠷᠢᠶᠠᠯᠠᠵᠤ ᠪᠠᠶ᠋ᠢᠨ᠎ᠠ᠂ ᠬᠡᠷᠪᠡ ᠳᠣᠤᠷᠠᠬᠢ ᠪᠠᠶ᠋ᠢᠳᠠᠯ᠎ᠳᠤ ᠲᠤᠯᠭ᠋ᠠᠷᠠᠪᠠᠯ ᠴᠠᠭ ᠲᠤᠬᠠᠶ᠎ᠳᠤ᠎ᠨᠢ 110 ᠴᠠᠭᠳᠠᠭ᠎ᠠ᠎ᠳᠤ ᠮᠡᠳᠡᠭᠦᠯᠬᠦ ᠤᠲᠠᠰᠤ ᠵᠢ ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠣᠨ᠎ᠠ᠄
      (ᠨᠢᠭᠡ) ᠱᠦᠷᠭᠦᠭᠡᠨ᠎ᠡ᠂ ᠴᠠᠨ᠎ᠠ ᠴᠡᠴᠡᠭ᠂ ᠴᠠᠭ᠋ᠠᠨ ᠰᠣᠷᠭᠣᠭ ᠬᠠᠯᠢᠰᠤ ᠵᠡᠷᠭᠡ ᠵᠢ ᠬᠠᠤᠯᠢ ᠪᠤᠰᠤ᠎ᠪᠠᠷ ᠮᠠᠯᠲᠠᠬᠤ ᠵᠡᠷᠭᠡ ᠨᠤᠲᠤᠭ ᠪᠡᠯᠴᠢᠭᠡᠷ᠎ᠤᠨ ᠬᠡᠭᠡᠷ᠎ᠡ ᠵᠢᠨ ᠡᠮ᠎ᠳᠤ ᠣᠷᠣᠬᠤ  ᠤᠷᠭᠤᠮᠠᠯ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ;
      (ᠬᠣᠶᠠᠷ) ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ᠎ᠳᠤ ᠪᠠᠶ᠋ᠢᠭ᠎ᠠ ᠬᠡᠭᠡᠷ᠎ᠡ ᠵᠢᠨ ᠤᠷᠭᠤᠮᠠᠯ᠎ᠢ ᠬᠠᠤᠯᠢ ᠪᠤᠰᠤ᠎ᠪᠠᠷ ᠴᠤᠭᠯᠠᠭᠤᠯᠤᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠪᠣᠯᠪᠠᠰᠤᠷᠠᠭᠤᠯᠤᠭᠰᠠᠨ᠂ ᠬᠤᠳᠠᠯᠳᠤᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ;
      (ᠭᠤᠷᠪᠠ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠤᠢ᠍ᠭᠡᠢ ᠪᠤᠶᠤ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠤᠨ ᠲᠣᠭᠲᠠᠭ᠋ᠠᠯ ᠶᠣᠰᠣᠭ᠋ᠠᠷ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠤᠭᠰᠠᠨ᠂ ᠬᠤᠳᠠᠯᠳᠤᠨ ᠠᠪᠤᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ;
      (ᠲᠦᠷᠪᠡ) ᠮᠠᠯᠲᠠᠬᠤ ᠵᠢ ᠴᠠᠭ᠋ᠠᠵᠠᠯᠠᠬᠤ ᠬᠤᠭᠤᠴᠠᠭ᠋ᠠᠨ᠎ᠳᠤ ᠪᠤᠶᠤ ᠮᠠᠯᠲᠠᠬᠤ ᠵᠢ ᠴᠠᠭ᠋ᠠᠵᠠᠯᠠᠬᠤ ᠣᠷᠣᠨ᠎ᠤ ᠳᠣᠲᠣᠷ᠎ᠠ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠂ ᠴᠦᠯ᠂ ᠬᠠᠭ᠋ᠠᠰ ᠴᠦᠯ᠂ ᠬᠦᠨᠳᠦ ᠨᠣᠴᠢᠲᠠᠶ ᠮᠠᠭᠤᠳᠠᠭᠰᠠᠨ᠂ ᠡᠯᠡᠰᠦᠵᠢᠭᠰᠡᠨ᠂ ᠬᠤᠵᠢᠷᠰᠢᠭᠰᠠᠨ᠂ ᠴᠦᠯᠡᠷᠭᠡᠭᠵᠢᠭᠰᠡᠨ ᠪᠠ ᠬᠥᠷᠥᠰᠥ ᠰᠢᠷᠣᠶ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠶ ᠬᠡᠪᠡᠷᠡᠭ ᠣᠷᠣᠨ᠎ᠤ ᠨᠤᠲᠤᠭ ᠪᠡᠯᠴᠢᠭᠡᠷ ᠳᠡᠭᠡᠷ᠎ᠡ᠎ᠠᠴᠠ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠬᠠᠤᠯᠢ ᠵᠢ ᠵᠥᠷᠢᠴᠡᠭᠰᠡᠨ ᠠᠵᠢᠯᠯᠠᠭ᠎ᠠ;
      (ᠲᠠᠪᠤ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ᠎ᠳᠠᠭᠠᠨ ᠮᠠᠯᠲᠠᠵᠤ ᠭᠠᠷᠭ᠋ᠠᠭᠰᠠᠨ ᠨᠤᠲᠤᠭ ᠪᠡᠯᠴᠢᠭᠡᠷ ᠵᠶ᠋ᠠᠨ ᠴᠠᠭ ᠲᠤᠬᠠᠶ᠎ᠳᠤᠨᠢ ᠡᠭᠡᠭᠦᠯᠦᠨ ᠪᠥᠭᠯᠡᠭᠰᠡᠨ ᠤᠢ᠍ᠭᠡᠢ ᠬᠠᠤᠯᠢ ᠵᠢ ᠵᠥᠷᠢᠴᠡᠭᠰᠡᠨ ᠠᠵᠢᠯᠯᠠᠭ᠎ᠠ;
      (ᠵᠢᠷᠭᠤᠭ᠎ᠠ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠬᠤᠳᠠᠯᠳᠤᠨ ᠠᠪᠬᠤ ᠵᠥᠪᠰᠢᠶᠡᠷᠡᠯ᠎ᠤᠨ ᠲᠣᠭᠲᠠᠭ᠋ᠠᠯ᠎ᠢ ᠬᠠᠭᠤᠷᠮᠠᠭᠯᠠᠨ ᠵᠣᠬᠢᠶᠠᠬᠤ᠂ ᠪᠠᠯᠠᠯᠤᠨ ᠵᠠᠰᠠᠬᠤ᠂ ᠰᠢᠯᠵᠢᠭᠦᠯᠦᠨ ᠥᠭᠬᠦ᠂ ᠰᠠᠷᠢᠭ᠋ᠠᠯᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠬᠠᠤᠯᠢ ᠵᠢ ᠵᠥᠷᠢᠴᠡᠭᠰᠡᠨ ᠠᠵᠢᠯᠯᠠᠭ᠎ᠠ;
      (ᠲᠤᠯᠤᠭ᠎ᠠ) ᠣᠭᠲᠣᠯᠬᠤ᠂ ᠡᠮ ᠲᠡᠭᠦᠬᠦ ᠵᠡᠷᠭᠡ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠭᠡᠷ᠎ᠡ ᠵᠢᠨ ᠤᠷᠭᠤᠮᠠᠯ᠎ᠤᠨ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ;
      (ᠨᠠᠢ᠍ᠮᠠ) ᠨᠤᠲᠤᠭ ᠪᠡᠯᠴᠢᠭᠡᠷ᠎ᠤᠨ ᠬᠡᠭᠡᠷ᠎ᠡ ᠵᠢᠨ ᠤᠷᠭᠤᠮᠠᠯ᠎ᠢ ᠮᠠᠯᠲᠠᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠪᠣᠯᠪᠠᠰᠤᠷᠠᠭᠤᠯᠬᠤ᠂ ᠬᠤᠳᠠᠯᠳᠤᠬᠤ ᠵᠢ ᠵᠣᠬᠢᠶᠠᠨ  ᠪᠠᠢ᠌ᠭᠤᠯᠤᠭᠰᠠᠨ ᠡᠪᠰᠡᠯ ᠪᠦᠯᠦᠭ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ;
      (ᠶᠢᠰᠦ) ᠬᠡᠭᠡᠷ᠎ᠡ ᠵᠢᠨ ᠤᠷᠭᠤᠮᠠᠯ᠎ᠤᠨ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ᠃

 

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ