ᠦᠢᠯᠡᠴᠢᠯᠡᠭᠡ   -   ᠰᠡᠷᠡᠮᠵᠢ᠎ᠶᠢᠨ ᠬᠤᠩᠬᠤ
ᠪᠠᠷᠠᠭᠤᠨ ᠦᠵᠦᠮᠦᠴᠢᠨ ᠬᠤᠰᠢᠭᠤᠨ᠎ᠤ ᠳᠣᠳᠣᠭ᠋ᠠᠳᠣ ᠵᠢ ᠬᠠᠮᠠᠭ᠋ᠠᠯᠠᠬᠤ ᠳᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠣᠯᠳᠠ ᠵᠢᠨ ᠶᠡᠭᠡ ᠠᠩᠬᠢ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠤᠭᠤᠳᠬᠤ ᠵᠢ ᠪᠠᠶ᠋ᠢᠴᠠᠭ᠋ᠠᠬᠤ ᠳᠣᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠡ
ᠨᠡᠶ᠋ᠢᠲᠡᠯᠡᠭᠰᠡᠨ ᠴᠠᠭ᠄ 2025-04-22

     ᠣᠢ᠌ᠷ᠎ᠠ ᠵᠢᠨ ᠡᠳᠦᠷ᠎ᠲᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠰᠠᠶ᠋ᠢᠲᠤᠷ ᠬᠢᠬᠦ᠂ ᠵᠠᠮ ᠬᠠᠷᠢᠯᠴᠠᠭ᠋ᠠᠨ᠎ᠤ ᠠᠳᠡᠯ ᠭᠠᠷᠬᠤ ᠵᠢ ᠡᠷᠡᠰ ᠰᠡᠷᠭᠡᠶ᠋ᠢᠯᠡᠨ ᠪᠠᠭ᠋ᠠᠰᠬᠠᠬᠤ᠂ ᠵᠠᠮ ᠬᠠᠷᠢᠯᠴᠠᠭ᠋ᠠᠨ᠎ᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠣᠶ ᠪᠣᠯᠭ᠋ᠠᠬᠤ ᠵᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠠᠷᠢᠬᠢ ᠤᠤᠭᠤᠭ᠋ᠠᠳ ᠲᠡᠷᠭᠡ ᠵᠢᠯᠣᠭᠤᠳᠬᠤ ᠵᠢ ᠴᠢᠩᠭ᠎ᠠ ᠪᠠᠶ᠋ᠢᠴᠠᠭ᠋ᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃

mmexport1739360687982.jpg


      ᠠᠵᠢᠯᠯᠠᠭ᠎ᠠ ᠵᠢᠨ ᠳᠤᠮᠳᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠷᠢᠶᠠᠲᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠪᠠ ᠰᠣᠭᠲᠣᠭᠤ᠎ᠪᠠᠷ ᠲᠡᠷᠭᠡ ᠵᠢᠯᠣᠭᠤᠳᠤᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ 《ᠠᠷᠢᠬᠢ ᠤᠤᠭᠤᠵᠤ ᠲᠡᠷᠭᠡ ᠵᠢᠯᠣᠭᠤᠳᠤᠭᠰᠠᠨ᠂ ᠰᠣᠭᠲᠣᠭᠤ᠎ᠪᠠᠷ ᠲᠡᠷᠭᠡ ᠵᠢᠯᠣᠭᠤᠳᠤᠭᠰᠠᠨ᠂ ᠫᠠᠶ᠋ᠢᠰᠠ ᠦᠨᠡᠮᠯᠡᠯ᠎ᠳᠤ ᠬᠤᠯᠪᠣᠭᠳᠠᠭᠰᠠᠨ》 ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠤᠯᠢ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠶ᠃
      ᠡᠭᠦᠨ᠎ᠤ ᠬᠠᠮᠲᠤ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠬᠥᠩᠭᠡᠪᠲᠦᠷ ᠠᠵᠢᠯᠯᠠᠭ᠎ᠠ᠎ᠳᠤ ᠬᠠᠨᠳᠤᠯᠭ᠋ᠠᠲᠤ ᠴᠢᠨᠠᠷᠲᠠᠶ ᠢᠳᠬᠠᠨ ᠰᠤᠷᠭ᠋ᠠᠬᠤ ᠬᠥᠮᠦᠵᠢᠯ ᠬᠢᠵᠦ᠂ ᠬᠠᠷᠢᠶᠠᠲᠤ ᠣᠷᠣᠨ᠎ᠤ ᠳᠣᠲᠣᠷᠠᠬᠢ ᠵᠢᠯᠣᠭᠤᠴᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠬᠠᠷᠢᠶ᠎ᠠ ᠣᠷᠣᠨ᠎ᠤ ᠵᠠᠮ ᠬᠠᠷᠢᠯᠴᠠᠭ᠋ᠠᠨ᠎ᠤ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠲᠤᠯᠠᠪᠠ᠃
      ᠲᠣᠰ ᠤᠳᠠᠭ᠋ᠠᠨ᠎ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠎ᠳᠤ 110 ᠴᠠᠭᠳᠠᠭ᠋ᠠᠨ᠎ᠤ ᠬᠦᠴᠦᠨ᠂ 20 ᠴᠠᠭᠳᠠᠭ᠋ᠠᠨ᠎ᠤ ᠲᠡᠷᠭᠡ ᠬᠥᠳᠡᠯᠭᠡᠵᠦ᠂ ᠡᠯ᠎ᠡ ᠲᠥᠷᠥᠯ᠎ᠤᠨ ᠲᠡᠷᠭᠡ ᠬᠥᠰᠬᠡ ᠵᠢ 800 ᠭᠠᠷᠤᠶ ᠤᠳᠠᠭ᠎ᠠ ᠪᠠᠶ᠋ᠢᠴᠠᠭ᠋ᠠᠵᠤ᠂ ᠦᠨᠡᠮᠯᠡᠯ ᠥᠬᠡᠶ᠎ᠪᠠᠷ ᠲᠡᠷᠭᠡ ᠵᠢᠯᠣᠭᠤᠳᠤᠭᠰᠠᠨ 3 ᠬᠡᠷᠡᠭ᠂ ᠠᠷᠢᠬᠢ ᠤᠤᠭᠤᠵᠤ ᠲᠡᠷᠭᠡ ᠵᠢᠯᠣᠭᠤᠳᠤᠭᠰᠠᠨ 2 ᠬᠡᠷᠡᠭ᠎ᠢ ᠪᠠᠶ᠋ᠢᠴᠠᠭ᠋ᠠᠨ ᠢᠯᠡᠷᠡᠭᠦᠯᠪᠡ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ