ᠰᠢᠶᠧ ᠣᠪᠣᠭᠲᠤ 9 ᠰᠠᠷ᠎ᠠ ᠵᠢᠨ 10᠎ᠤ ᠡᠳᠦᠷ᠎ᠤᠨ ᠰᠦᠯᠵᠢᠶᠡᠨ᠎ᠤ ᠰᠢᠭᠤᠳ ᠨᠡᠪᠲᠡᠷᠡᠭᠦᠯᠭᠡ᠎ᠳᠤ ᠴᠠᠭᠳᠠᠭ᠋ᠠᠨ᠎ᠤ ᠬᠤᠪᠴᠠᠰᠤ ᠡᠮᠦᠰᠴᠦ ᠪᠠᠷᠠᠭ᠎ᠠ ᠪᠠᠶ᠋ᠢᠭᠰᠠᠨ ᠪᠥᠭᠡᠳ ᠬᠡᠷᠡᠭ᠎ᠨᠢ ᠦᠷᠭᠦᠯᠵᠢᠯᠡᠨ ᠠᠩᠬᠠᠷᠤᠯ᠎ᠢ ᠲᠠᠲᠠᠵᠤ ᠪᠠᠶ᠋ᠢᠨ᠎ᠠ᠃ 17 ᠡᠳᠦᠷ᠂ ᠶᠦᠨᠨᠠᠨ ᠮᠡᠳᠡᠭᠳᠡᠯ ᠂ ᠠᠭᠤᠯᠭ᠎ᠠ᠎ᠨᠢ ᠳᠣᠣᠷᠠᠬᠢ ᠮᠡᠲᠦ᠄
ᠣᠶ᠋ᠢᠷ᠎ᠠ᠎ᠳᠤ᠂ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ᠄ 《ᠵᠠᠷᠢᠮ ᠬᠥᠮᠦᠨ ᠴᠠᠭᠳᠠᠭ᠋ᠠᠨ᠎ᠤ ᠬᠤᠪᠴᠠᠰᠤ ᠡᠮᠦᠰᠴᠦ ᠰᠢᠭᠤᠳ ᠨᠡᠪᠲᠡᠷᠡᠭᠦᠯᠭᠡ᠎ᠪᠠᠷ ᠪᠠᠶ᠋ᠢᠨ᠎ᠠ᠂ ᠴᠠᠭᠳᠠᠭ᠋ᠠᠨ᠎ᠤ ᠲᠠᠯ᠎ᠠ᠎ᠠᠴᠠ ᠪᠠᠶ᠋ᠢᠴᠠᠭ᠋ᠠᠨ ᠰᠢᠢ᠍ᠳᠪᠦᠷᠢᠯᠡᠭᠡᠷᠡᠢ᠃》 ᠮᠡᠳᠡᠭᠦᠯᠦᠯᠲᠡ ᠵᠢ ᠬᠦᠯᠢᠶᠡᠨ ᠠᠪᠤᠭᠰᠠᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠳᠠᠷᠤᠢ ᠲᠦᠷᠭᠡᠨ ᠪᠠᠶ᠋ᠢᠴᠠᠭ᠋ᠠᠬᠤ ᠠᠵᠢᠯ᠎ᠢ ᠃
ᠪᠠᠷ᠂ ᠰᠢᠶᠧ ᠣᠪᠣᠭᠲᠤ (ᠡᠷᠡᠭᠲᠡᠢ᠂ 36 ᠨᠠᠰᠤᠲᠠᠢ᠂ ᠾᠧᠪᠧᠢ ᠵᠢᠨ ᠰᠢᠶᠦ᠋ᠩ ᠬᠥᠮᠦᠨ ) ᠰᠡᠭᠦᠳᠡᠷᠯᠡᠬᠦ ᠂ ᠢᠯᠡᠷᠬᠡᠢ ᠴᠠᠭᠳᠠᠭ᠎ᠠ ᠵᠢᠨ ᠲᠡᠮᠳᠡᠭ᠎ᠲᠠᠢ ᠬᠤᠪᠴᠠᠰᠤ ᠵᠢ ᠨᠡᠪᠲᠡᠷᠡᠭᠦᠯᠭᠡ ᠪᠠᠷᠠᠭ᠎ᠠ ᠳᠤ ᠮᠠᠭᠤ ᠨᠥᠯᠥᠭᠡ ᠦᠵᠡᠭᠦᠯᠦᠭᠰᠡᠨ ᠃ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠴᠠᠭᠳᠠᠭ᠎ᠠ ᠵᠢᠨ ᠬᠠᠤᠯᠢ》 ᠵᠢᠨ ᠭᠤᠴᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠰᠢᠶᠧ ᠣᠪᠣᠭᠲᠤ ᠵᠢ ᠬᠠᠤᠯᠢ ᠶᠣᠰᠣᠭ᠋ᠠᠷ 7 ᠡᠳᠦᠷ ᠵᠠᠰᠠᠭ ᠵᠠᠬᠢᠷᠭ᠋ᠠᠨ ᠲᠦᠷ ᠃
ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ᠄ ᠠᠷᠠᠳ᠎ᠤᠨ ᠴᠠᠭᠳᠠᠭ᠎ᠠ ᠵᠢᠨ ᠴᠠᠭᠳᠠᠭ᠋ᠠᠨ᠎ᠤ ᠲᠡᠮᠳᠡᠭ᠂ ᠳᠦᠷᠢᠮᠲᠦ ᠬᠤᠪᠴᠠᠰᠤ᠂ ᠴᠠᠭᠳᠠᠭ᠋ᠠᠨ᠎ᠤ ᠪᠠᠭ᠋ᠠᠵᠢ ᠬᠡᠷᠡᠭᠰᠡᠯ᠂ ᠦᠨᠡᠮᠯᠡᠯ᠎ᠢ ᠠᠷᠠᠳ᠎ᠤᠨ ᠴᠠᠭᠳᠠᠭ᠎ᠠ ᠲᠤᠰᠬᠠᠢ ᠂ ᠪᠤᠰᠤᠳ ᠬᠤᠪᠢ ᠬᠥᠮᠥᠨ ᠪᠠ ᠵᠣᠬᠢᠶᠠᠨ ᠪᠠᠶ᠋ᠢᠭᠤᠯᠤᠯᠲᠠ ᠡᠵᠡᠮᠰᠢᠵᠦ ᠬᠡᠷᠡᠭᠯᠡᠵᠦ ᠪᠣᠯᠬᠤ ᠦᠭᠡᠢ᠃ ᠰᠦᠯᠵᠢᠶᠡᠨ᠎ᠤ ᠣᠷᠣᠨ ᠵᠠᠶ ᠪᠣᠯ 《ᠬᠠᠤᠯᠢ᠎ᠠᠴᠠ ᠭᠠᠳᠠᠭᠤᠷᠬᠢ ᠭᠠᠵᠠᠷ》 ᠪᠢᠰᠢ᠂ ᠥᠷᠭᠡᠨ ᠤᠯᠠᠨ ᠰᠦᠯᠵᠢᠶᠡᠨ᠎ᠤ ᠠᠷᠠᠳ ᠪᠣᠯᠪᠠᠰᠤᠨ᠂ ᠬᠠᠤᠯᠢ ᠶᠣᠰᠣᠭ᠋ᠠᠷ ᠰᠦᠯᠵᠢᠶᠡᠨ᠎ᠳᠤ ᠭᠠᠷᠴᠤ᠂ ᠴᠡᠪᠡᠷ ᠲᠤᠩᠭ᠋ᠠᠯᠠᠭ ᠰᠦᠯᠵᠢᠶᠡᠨ᠎ᠤ ᠣᠷᠣᠨ ᠵᠠᠶ ᠵᠢ ᠬᠠᠮᠲᠤ᠎ᠪᠠᠷ ᠃