ᠰᠢᠶᠠᠨ᠎ᠤ ᠬᠡᠪᠴᠢᠶᠡᠨ᠎ᠤ ᠣᠯᠠᠨ ᠲᠦᠮᠡᠨ᠎ᠤ ᠤᠰᠤᠨ᠎ᠳᠤ ᠵᠢᠪᠬᠦ ᠵᠢ ᠰᠡᠷᠭᠡᠶ᠋ᠢᠯᠡᠬᠦ ᠠᠮᠤᠷ ᠲᠦᠪᠰᠢᠨ᠎ᠤ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ᠎ᠳᠤ ᠵᠢᠪᠬᠦ ᠠᠳᠡᠯ᠎ᠢ ᠬᠤᠷᠢᠭᠯᠠᠨ ᠰᠡᠷᠭᠡᠶ᠋ᠢᠯᠡᠬᠦ ᠵᠢᠨ ᠲᠥᠯᠥᠭᠡ᠂ ᠪᠠᠶᠠᠨᠨᠠᠭᠤᠷ ᠬᠣᠲᠠ ᠵᠢᠨ ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠤᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ᠎ᠲᠠᠢ ᠤᠶᠠᠯᠳᠤᠭᠤᠯᠤᠨ᠂ 《ᠤᠰᠤᠨ᠎ᠳᠤ ᠵᠢᠪᠬᠦ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠬᠠᠮᠠᠭ᠋ᠠᠯᠠᠬᠤ》᠎ᠪᠠᠷ ᠭᠤᠤᠯ ᠰᠡᠳᠦᠪ ᠪᠣᠯᠭ᠋ᠠᠭᠰᠠᠨ 《7 · 25》᠎ᠤ ᠳᠡᠯᠡᠬᠡᠶ ᠵᠢᠨ ᠤᠰᠤᠨ᠎ᠳᠤ ᠵᠢᠪᠬᠦ ᠵᠢ ᠰᠡᠷᠭᠡᠶ᠋ᠢᠯᠡᠬᠦ ᠡᠳᠦᠷ᠎ᠤᠨ ᠭᠤᠤᠯᠳᠠᠯᠭ᠎ᠠ᠎ᠲᠠᠢ ᠤᠬᠠᠭᠤᠯᠤᠨ ᠰᠡᠷᠭᠡᠶ᠋ᠢᠯᠡᠬᠦ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠰᠤᠨ᠎ᠳᠤ ᠵᠢᠪᠬᠦ ᠠᠳᠡᠯ ᠭᠠᠷᠬᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠰᠡᠷᠭᠡᠶ᠋ᠢᠯᠡᠨ ᠪᠠᠭ᠋ᠠᠰᠬᠠᠵᠤ᠂ ᠬᠤᠷᠢᠭᠯᠠᠨ ᠵᠣᠭᠰᠣᠭ᠋ᠠᠪᠠ᠃
《ᠤᠬᠠᠭᠤᠯᠭ᠎ᠠ ᠵᠢᠨ ᠪᠣᠭᠤᠮᠲᠠ》 ᠵᠢ ᠰᠠᠶ᠋ᠢᠲᠤᠷ ᠠᠳᠬᠤᠵᠤ᠂ ᠤᠰᠤᠨ᠎ᠳᠤ ᠵᠢᠪᠬᠦ ᠵᠢ ᠰᠡᠷᠭᠡᠶ᠋ᠢᠯᠡᠬᠦ 《ᠬᠠᠮᠤᠭ᠎ᠤᠨ ᠴᠢᠩᠭ᠎ᠠ ᠬᠥᠭ ᠠᠶᠠᠯᠭᠤ》 ᠵᠢ ᠪᠣᠶ ᠪᠣᠯᠭ᠋ᠠᠪᠠ᠃ ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠭᠦᠷᠭᠡ ᠴᠢᠳᠠᠪᠬᠢ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠤᠰᠤᠨ᠎ᠳᠤ ᠵᠢᠪᠬᠦ ᠵᠢ ᠰᠡᠷᠭᠡᠶ᠋ᠢᠯᠡᠬᠦ ᠠᠵᠢᠯ᠎ᠢ ᠳᠣᠲᠣᠭ᠋ᠠᠳᠤ ᠵᠢ ᠬᠠᠮᠠᠭ᠋ᠠᠯᠠᠬᠤ ᠭᠤᠣᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠵᠤ᠂ ᠤᠬᠠᠭᠤᠯᠭ᠎ᠠ ᠵᠢᠨ ᠤᠷᠢᠶ᠎ᠠ ᠯᠣᠽᠦ᠋ᠩ ᠡᠯᠭᠦᠬᠦ᠂ ᠭᠡᠷ᠎ᠲᠤ᠎ᠨᠢ ᠬᠦᠷᠴᠦ ᠤᠰᠤᠨ᠎ᠳᠤ ᠵᠢᠪᠬᠦ ᠵᠢ ᠰᠡᠷᠭᠡᠶ᠋ᠢᠯᠡᠬᠦ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠵᠣᠭᠤᠭᠳᠠᠬᠤ᠂ ᠨᠠᠶ᠋ᠢᠵᠠ ᠵᠢᠨ ᠲᠣᠭᠤᠷᠢᠭ᠂ ᠤᠯᠠᠨ ᠨᠡᠶ᠋ᠢᠲᠡ ᠵᠢᠨ ᠳ᠋ᠤᠭ᠋ᠠᠷ ᠵᠡᠷᠭᠡ ᠲᠠᠪᠴᠠᠩ᠎ᠢ ᠠᠰᠢᠭᠯᠠᠨ ᠤᠰᠤᠨ᠎ᠳᠤ ᠵᠢᠪᠬᠦ ᠵᠢ ᠰᠡᠷᠭᠡᠶ᠋ᠢᠯᠡᠬᠦ ᠠᠮᠤᠷ ᠲᠦᠪᠰᠢᠨ᠎ᠤ ᠤᠬᠠᠭᠤᠯᠭ᠎ᠠ ᠵᠢ ᠳᠠᠮᠵᠢᠭᠤᠯᠤᠨ ᠲᠠᠷᠬᠠᠭ᠋ᠠᠵᠤ᠂ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠤᠯᠠᠨ ᠠᠷᠭ᠎ᠠ ᠵᠠᠮ᠂ ᠤᠯᠠᠨ ᠠᠷᠭ᠎ᠠ ᠬᠡᠯᠪᠡᠷᠢ᠎ᠪᠠᠷ ᠤᠰᠤᠨ᠎ᠳᠤ ᠵᠢᠪᠬᠦ ᠵᠢ ᠰᠡᠷᠭᠡᠶ᠋ᠢᠯᠡᠬᠦ᠂ ᠲᠦᠷᠭᠡᠨ ᠠᠪᠤᠷᠠᠬᠤ ᠵᠡᠷᠭᠡ ᠬᠠᠮᠢᠶ᠎ᠠ ᠪᠦᠬᠦᠢ ᠮᠡᠳᠡᠯᠭᠡ ᠵᠢ ᠥᠷᠭᠡᠨ ᠵᠶ᠋ᠠᠷ ᠤᠬᠠᠭᠤᠯᠵᠤ᠂ ᠥᠷᠭᠡᠨ ᠤᠯᠠᠨ ᠲᠦᠮᠡᠨ᠂ ᠰᠤᠷᠤᠭᠴᠢᠳ᠎ᠤᠨ ᠭᠡᠷ᠎ᠤᠨ ᠠᠬᠠᠮᠠᠳ᠎ᠤᠨ ᠴᠢᠬᠤᠯᠠᠴᠢᠯᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠠᠮᠤᠷ ᠲᠦᠪᠰᠢᠨ᠎ᠤ ᠬᠥᠮᠦᠵᠢᠯ᠎ᠤᠨ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠤᠯᠠᠨ ᠲᠦᠮᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠤᠬᠠᠮᠰᠠᠷ ᠪᠣᠯᠤᠨ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠵᠤ᠂ ᠪᠦᠬᠦ ᠰᠢᠶᠠᠨ᠎ᠳᠤ ᠠᠮᠤᠷ ᠲᠦᠪᠰᠢᠨ᠎ᠤ ᠬᠥᠮᠦᠵᠢᠯ᠎ᠤᠨ ᠠᠭᠤᠷ ᠠᠮᠢᠰᠬᠤᠯ᠎ᠢ ᠪᠤᠢ ᠪᠣᠯᠭ᠋ᠠᠪᠠ᠃
《ᠵᠢᠭᠰᠠᠭ᠋ᠠᠨ ᠪᠠᠢ᠌ᠴᠠᠭ᠋ᠠᠬᠤ ᠪᠣᠭᠤᠮᠲᠠ》 ᠵᠢ ᠰᠠᠢ᠌ᠳᠤᠷ ᠠᠳᠬᠤᠵᠤ ᠤᠰᠤᠨ᠎ᠳᠤ ᠵᠢᠪᠬᠦ ᠵᠢ ᠰᠡᠷᠭᠡᠢ᠌ᠯᠡᠬᠦ 《ᠠᠮᠤᠷ ᠲᠥᠪᠰᠢᠨ᠎ᠤ ᠨᠡᠭᠡᠯᠡᠬᠡᠢ》 ᠵᠢ ᠪᠠᠷᠢᠬᠤ᠎ᠪᠠᠷ ᠭᠤᠤᠯᠳᠠᠯᠭ᠎ᠠ ᠪᠣᠯᠭ᠋ᠠᠪᠠ᠃ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠤᠨ ᠬᠠᠷᠢᠶ᠎ᠠ ᠣᠷᠣᠨ᠎ᠤ ᠭᠤᠤᠯᠳᠠᠯᠭ᠎ᠠ᠎ᠲᠠᠢ ᠭᠤᠤᠯ᠎ᠤᠨ ᠰᠤᠪᠠᠭ᠂ ᠨᠠᠭᠤᠷ ᠴᠥᠭᠦᠷᠥᠮ ᠵᠡᠷᠭᠡ ᠤᠰᠤᠨ᠎ᠳᠤ ᠵᠢᠪᠬᠦ ᠠᠳᠡᠯ ᠠᠮᠠᠷᠬᠠᠨ ᠭᠠᠷᠬᠤ ᠣᠷᠣᠨ ᠪᠦᠰᠡ᠎ᠳᠤ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠭᠤᠤᠯᠳᠠᠯᠭ᠎ᠠ᠎ᠲᠠᠢ ᠴᠠᠭ ᠦᠶ᠎ᠡ᠎ᠳᠤ ᠭᠤᠤᠯᠳᠠᠯᠭ᠎ᠠ᠂ ᠠᠶᠤᠯᠲᠠᠶ ᠤᠰᠤᠨ ᠣᠷᠣᠨ᠎ᠳᠤ 《ᠲᠡᠷᠭᠡ ᠤᠨᠤᠵᠤ ᠭᠣᠤᠯ᠎ᠤᠨ ᠡᠷᠭᠢ ᠳᠠᠭ᠋ᠠᠤ ᠪᠠ ᠵᠢᠯᠣᠭᠤᠴᠢ ᠥᠬᠡᠶ ᠨᠢᠰᠬᠡᠯ᠎ᠤᠨ ᠠᠭ᠋ᠠᠷ᠎ᠠᠴᠠ ᠴᠠᠭᠳᠠᠨ ᠰᠡᠷᠭᠡᠶ᠋ᠢᠯᠡᠬᠦ ᠲᠣᠭᠤᠷᠢᠨ ᠪᠠᠶ᠋ᠢᠴᠠᠭ᠋ᠠᠬᠤ》 ᠠᠵᠢᠯ᠎ᠢ ᠥᠷᠨᠢᠭᠦᠯᠪᠡ; ᠡᠪᠳᠡᠭᠳᠡᠭᠰᠡᠨ᠂ ᠰᠤᠯᠠᠷᠠᠭᠰᠠᠨ ᠰᠡᠷᠡᠮᠵᠢ ᠵᠢᠨ ᠫᠠᠶ᠋ᠢᠰᠠ᠂ ᠰᠡᠷᠭᠡᠶ᠋ᠢᠯᠡᠯᠲᠡ ᠵᠢᠨ ᠤᠷᠢᠶ᠎ᠠ ᠯᠣᠽᠦ᠋ᠩᠢ ᠪᠠᠬᠢᠵᠢᠭᠦᠯᠵᠦ᠂ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠪᠠ; ᠣᠯᠠᠨ ᠲᠦᠮᠡᠨ᠎ᠤ ᠬᠡᠭᠡᠷ᠎ᠡ ᠲᠠᠯ᠎ᠠ ᠵᠢᠨ ᠨᠠᠭᠤᠷ᠂ ᠭᠤᠤᠯ᠎ᠤᠨ ᠰᠤᠪᠠᠭ ᠵᠶ᠋ᠡᠷ ᠤᠰᠤ᠎ᠪᠠᠷ ᠨᠠᠭ᠋ᠠᠳᠬᠤ᠂ ᠤᠰᠤᠨ᠎ᠳᠤ ᠤᠮᠪᠠᠭ᠍ᠤ ᠵᠢ ᠴᠠᠭ ᠲᠤᠬᠠᠶ᠎ᠳᠤᠨᠢ ᠢᠳᠬᠠᠨ ᠬᠤᠷᠢᠭᠯᠠᠵᠤ᠂ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠪᠠ; ᠬᠠᠷᠢᠶ᠎ᠠ ᠣᠷᠣᠨ᠎ᠤ ᠤᠰᠤᠨ ᠣᠷᠣᠨ᠎ᠳᠤ ᠤᠰᠤᠨ᠎ᠳᠤ ᠵᠢᠪᠬᠦ ᠵᠢ ᠰᠡᠷᠭᠡᠶ᠋ᠢᠯᠡᠬᠦ ᠠᠵᠢᠯ᠎ᠢ ᠦᠷᠭᠦᠯᠵᠢᠯᠡᠨ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠰᠢᠶᠠᠨ᠎ᠤ ᠬᠡᠪᠴᠢᠶᠡᠨ᠎ᠤ ᠣᠯᠠᠨ ᠲᠦᠮᠡᠨ᠎ᠳᠤ ᠤᠰᠤᠨ᠎ᠳᠤ ᠵᠢᠪᠬᠦ ᠵᠢ ᠰᠡᠷᠭᠡᠶ᠋ᠢᠯᠡᠬᠦ ᠠᠮᠤᠷ ᠲᠦᠪᠰᠢᠨ᠎ᠤ ᠨᠡᠭᠡᠯᠡᠬᠡᠶ ᠵᠢ ᠦᠨᠡᠨ ᠬᠦ᠌ ᠴᠢᠩᠭ᠎ᠠ ᠪᠠᠷᠢᠪᠠ᠃