8 ᠳ᠋ᠤᠭ᠋ᠠᠷ ᠰᠠᠷ᠎ᠠ ᠵᠢᠨ 24᠎ᠤ ᠡᠳᠦᠷ᠂ 《ᠥᠪᠥᠷ ᠮᠤᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠮᠤᠩᠭᠤᠯ ᠮᠣᠷᠢᠨ᠎ᠤ ᠬᠤᠯᠪᠤᠭ᠋ᠠᠳᠤ ᠤᠷᠤᠯᠳᠤᠭ᠋ᠠᠨ》 ᠰᠢᠯᠢ ᠵᠢᠨ ᠬᠤᠳᠠ ᠵᠢᠨ ᠰᠢᠷᠠᠳᠠᠯ᠎ᠠ ᠨᠠᠭ᠋ᠠᠳᠤᠮ᠎ᠤᠨ ᠬᠤᠷᠠᠯ᠎ᠤᠨ ᠲᠠᠯᠠᠪᠠᠢ᠎ᠳᠤ ᠶᠠᠪᠤᠭᠳᠠᠵᠤ᠂ ᠬᠣᠯᠠ ᠣᠢ᠌ᠷ᠎ᠠ ᠵᠢᠨ ᠵᠢᠭᠤᠯᠴᠢᠯᠠᠭᠴᠢᠳ ᠴᠤᠭᠯᠠᠷᠠᠨ ᠤᠷᠤᠯᠳᠤᠭ᠋ᠠᠨ᠎ᠢ ᠰᠣᠨᠢᠷᠬᠠᠪᠠ᠃ ᠰᠢᠯᠢ ᠵᠢᠨ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠴᠠᠭ ᠲᠣᠬᠢᠶᠠᠯ᠎ᠢ ᠵᠠᠪᠰᠢᠨ᠂ ᠤᠯᠠᠨ ᠲᠦᠮᠡᠨ᠎ᠳᠤ ᠵᠠᠮ ᠬᠠᠷᠢᠯᠴᠠᠭ᠋ᠠᠨ᠎ᠤ ᠬᠠᠤᠯᠢ ᠴᠠᠭ᠋ᠠᠵᠠ ᠬᠠᠤᠯᠢ ᠲᠤᠭᠳᠠᠭ᠋ᠠᠯ᠎ᠢ ᠢᠳᠡᠪᠬᠢᠲᠡᠢ᠎ᠪᠠᠷ ᠤᠬᠠᠭᠤᠯᠵᠤ᠂ ᠥᠷᠭᠡᠨ ᠤᠯᠠᠨ ᠲᠦᠮᠡᠨ᠎ᠤ ᠬᠠᠤᠯᠢ ᠵᠢ ᠮᠡᠳᠡᠬᠦ᠂ ᠬᠠᠤᠯᠢ ᠵᠢ ᠵᠢᠷᠤᠮᠯᠠᠬᠤ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠵᠢᠬᠦᠯᠬᠦ ᠦᠵᠡᠯᠳᠡ ᠲᠠᠨᠢᠯᠳᠠ ᠵᠢ ᠤᠯᠠᠮ ᠨᠢᠭᠡ ᠠᠯᠬᠤᠮ ᠲᠡᠭᠡᠭᠰᠢᠯᠡᠬᠦᠯᠪᠡ᠃


ᠤᠬᠠᠭᠤᠯᠭ᠎ᠠ ᠵᠢᠨ ᠠᠵᠢᠯᠯᠠᠭ᠎ᠠ ᠲᠤᠮᠳᠠ᠂ ᠶᠡᠬᠡ ᠠᠩᠬᠢ ᠵᠢᠨ ᠴᠠᠭᠳᠠᠭ᠎ᠠ ᠨᠠᠷ ᠨᠠᠭ᠋ᠠᠳᠤᠮ᠎ᠤᠨ ᠲᠠᠯᠠᠪᠠᠢ ᠵᠢᠨ ᠬᠥᠮᠥᠨ ᠪᠠ ᠲᠡᠷᠭᠡᠨ᠎ᠤ ᠤᠷᠤᠰᠴᠠ ᠶᠡᠭᠡ᠂ ᠵᠠᠮ ᠬᠠᠷᠢᠯᠴᠠᠭ᠋ᠠᠨ᠎ᠤ ᠣᠷᠴᠢᠨ ᠲᠣᠭᠣᠷᠢᠨ ᠪᠤᠳᠤᠯᠢᠶᠠᠨᠳᠠᠢ ᠣᠨᠴᠠᠯᠢᠭᠲᠤ ᠴᠢᠭᠯᠡᠭᠦᠯᠦᠨ᠂ ᠤᠬᠠᠭᠤᠯᠬᠤ ᠠᠷᠭ᠎ᠠ ᠬᠡᠯᠪᠡᠷᠢ᠎ᠪᠠᠨ ᠥᠭᠡᠷᠡᠴᠢᠯᠡᠵᠦ᠂ ᠵᠠᠮ ᠲᠠᠭ᠋ᠠᠤ ᠨᠠᠭ᠋ᠠᠰᠢ ᠴᠠᠭ᠋ᠠᠰᠢ ᠶᠠᠪᠤᠭ᠎ᠠ ᠤᠯᠠᠨ ᠲᠦᠮᠡᠨ᠎ᠳᠤ ᠤᠬᠠᠭᠤᠯᠬᠤ ᠬᠠᠭᠤᠳᠠᠰᠤ ᠲᠦᠭᠡᠭᠡᠬᠦ ᠵᠢᠨ ᠬᠠᠮᠳᠤ᠂ ᠨᠠᠢ᠌ᠷ᠎ᠤᠨ ᠲᠠᠯᠠᠪᠠᠢ᠎ᠳᠠᠬᠢ ᠦᠵᠡᠭᠴᠢᠳ ᠪᠠ ᠮᠤᠩᠭᠤᠯ ᠭᠡᠷ ᠵᠶ᠋ᠠᠷ ᠮᠠᠯᠴᠢᠳ᠎ᠲᠠᠢ ᠵᠣᠭᠣᠭ ᠲᠡᠯᠭᠡᠵᠦ᠂ ᠠᠮᠤᠷ ᠲᠦᠪᠰᠢᠨ᠎ᠤ ᠲᠤᠬᠠᠢ ᠶᠠᠷᠢᠯᠴᠠᠨ᠂ ᠮᠠᠯᠵᠢᠬᠤ ᠲᠠᠷᠢᠶᠠᠯᠠᠬᠤ ᠣᠷᠣᠨ ᠵᠶ᠋ᠠᠷ ᠨᠡᠢ᠌ᠳᠡᠮ ᠬᠠᠷᠠᠭᠳᠠᠳᠠᠭ ᠮᠣᠲ᠋ᠣᠷ ᠲᠡᠷᠭᠡ᠂ ᠲᠠᠷᠢᠶᠠᠯᠠᠩ᠎ᠤᠨ ᠬᠡᠷᠡᠭᠯᠡᠭᠡᠨ᠎ᠤ ᠮᠠᠰᠢᠨ ᠲᠡᠷᠭᠡ ᠬᠠᠤᠯᠢ᠎ᠠᠴᠠ ᠵᠥᠷᠢᠴᠡᠨ ᠬᠥᠮᠥᠨ ᠰᠠᠭᠤᠯᠭ᠋ᠠᠬᠤ᠂ ᠫᠠᠢ᠌ᠰᠠ ᠦᠭᠡᠢ᠂ ᠦᠨᠡᠮᠯᠡᠯ ᠦᠭᠡᠢ᠂ ᠰᠤᠭᠳᠤᠭᠤ᠎ᠪᠠᠷ ᠲᠡᠷᠭᠡ ᠵᠢᠯᠤᠭᠣᠳᠬᠤ ᠪᠠ ᠲᠤᠭᠤᠯᠠᠭ᠎ᠠ ᠵᠡᠭᠦᠬᠦ ᠦᠭᠡᠢ᠎ᠪᠠᠷ ᠮᠣᠲ᠋ᠣᠷ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ ᠤᠨᠤᠬᠤ ᠵᠢᠴᠢ ᠡᠬᠦᠨ᠎ᠠᠴᠠ ᠪᠣᠯᠣᠭᠰᠠᠨ ᠡᠨᠳᠡᠯ᠎ᠤᠨ ᠦᠵᠡᠬᠦᠯᠬᠦ ᠨᠥᠯᠥᠭᠡ᠂ ᠬᠠᠷᠢᠭᠤᠴᠠᠯᠭ᠎ᠠ ᠵᠢᠨ ᠲᠤᠬᠠᠢ ᠵᠢᠱ᠌ᠢᠶ᠎ᠡ ᠲᠠᠳᠠᠵᠦ ᠬᠦᠯᠢᠴᠡᠩᠭᠦᠢ ᠨᠠᠷᠢᠯᠢᠭ ᠲᠠᠢ᠌ᠯᠪᠤᠷᠢᠯᠠᠬᠤ ᠵᠢᠨ ᠬᠠᠮᠳᠤ᠂ ᠤᠯᠠᠨ ᠲᠦᠮᠡᠨ ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠠᠯ᠎ᠠ᠎ᠳᠤ᠎ᠬᠢ ᠰᠠᠨᠠᠯ ᠰᠠᠨᠠᠭᠤᠯᠭ᠎ᠠ ᠵᠢ ᠰᠣᠨᠣᠰᠤᠭᠰᠠᠨ ᠪᠠᠢ᠌ᠨ᠎ᠠ᠃ (ᠮᠡᠳᠡᠭᠡᠯᠡᠭᠴᠢ᠄ ᠰᠢᠯᠢ ᠵᠢᠨ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠣᠶᠤᠨᠴᠢᠮᠡᠭ)