ᠦᠢᠯᠡᠴᠢᠯᠡᠭᠡ   -   ᠤᠬᠠᠭᠤᠯᠭ᠎ᠠ
ᠰᠦᠯᠵᠢᠶᠡᠨ ᠠᠮᠤᠷ ᠲᠦᠪᠰᠢᠨ᠎ᠤ ᠤᠬᠠᠭᠤᠯᠭ᠎ᠠ ᠵᠢ ᠮᠠᠯᠵᠢᠬᠤ ᠣᠷᠣᠨ᠎ᠳᠤ ᠭᠦᠨᠵᠡᠭᠡᠢ᠌ᠷᠡᠭᠦᠯᠦᠨ ᠰᠦᠯᠵᠢᠶᠡᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠬᠠᠮᠲᠤᠪᠠᠷ ᠴᠤᠭᠴᠠᠯᠠᠪᠠ
ᠨᠡᠶ᠋ᠢᠲᠡᠯᠡᠭᠰᠡᠨ ᠴᠠᠭ᠄ 2024-10-17

     9 ᠳ᠋ᠦ᠍ᠭᠡᠷ ᠰᠠᠷ᠎ᠠ ᠵᠢᠨ 11᠎ᠤ ᠡᠳᠦᠷ᠂ ᠵᠡᠭᠦᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ 《ᠰᠦᠯᠵᠢᠶᠡᠨ᠎ᠤ ᠠᠮᠤᠷ ᠲᠦᠪᠰᠢᠨ᠎ᠢ ᠮᠠᠯᠵᠢᠬᠤ ᠣᠷᠣᠨ᠎ᠳᠤ ᠭᠦᠨᠵᠡᠭᠡᠢ᠌ᠷᠡᠭᠦᠯᠬᠦ》 ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
640 (1).jpg   


    ᠠᠵᠢᠯᠯᠠᠭ᠎ᠠ ᠵᠢᠨ ᠳᠤᠮᠳᠠ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠲᠤᠬᠠᠢ ᠵᠢᠨ ᠲᠠᠯᠠᠪᠤᠷ᠎ᠲᠤ ᠨᠢᠭᠤᠷᠳᠠᠨ ᠶᠠᠷᠢᠯᠴᠠᠬᠤ ᠬᠡᠯᠪᠡᠷᠢ᠎ᠪᠠᠷ ᠳᠠᠮᠵᠢᠭᠤᠯᠤᠨ᠂ ᠭᠣᠣᠯᠳᠠᠭᠤ ᠣᠯᠠᠨ ᠲᠦᠮᠡᠨ᠎ᠳᠤ ᠰᠦᠯᠵᠢᠶᠡᠨ᠎ᠤ ᠠᠮᠤᠷ ᠲᠦᠪᠰᠢᠨ᠎ᠤ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠪᠣᠯᠪᠠᠰᠤᠨ ᠵᠶ᠋ᠠᠷ ᠰᠦᠯᠵᠢᠶᠡᠨ᠎ᠳᠤ ᠭᠠᠷᠬᠤ᠂ ᠠᠮᠤᠷ ᠲᠦᠪᠰᠢᠨ ᠰᠦᠯᠵᠢᠶᠡᠨ᠎ᠤ ᠶᠡᠷᠦ ᠵᠢᠨ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠰᠦᠯᠵᠢᠶᠡᠨ᠎ᠤ ᠴᠤᠤᠷᠬᠠᠯ᠎ᠤᠨ ᠬᠣᠣᠷ ᠬᠥᠨᠥᠭᠡᠯ᠎ᠢ ᠥᠷᠭᠡᠨ ᠵᠶ᠋ᠡᠷ ᠳᠠᠮᠵᠢᠭᠤᠯᠪᠠ᠃ ᠡᠭᠦᠨ᠎ᠤ ᠵᠡᠷᠭᠡ᠎ᠳᠤ᠂ ᠠᠷᠠᠳ᠎ᠤᠨ ᠴᠠᠭᠳᠠᠭ᠎ᠠ ᠨᠠᠷ ᠰᠦᠯᠵᠢᠶᠡᠨ ᠳᠡᠭᠡᠷᠡᠬᠢ ᠴᠤᠤᠷᠬᠠᠯ᠎ᠢ ᠬᠡᠷᠬᠢᠨ ᠢᠯᠭ᠋ᠠᠨ ᠲᠠᠨᠢᠬᠤ ᠲᠤᠬᠠᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠴᠤᠤᠷᠬᠠᠯ᠎ᠢ ᠢᠲᠡᠭᠡᠬᠦ ᠦᠭᠡᠢ᠂ ᠴᠤᠤᠷᠬᠠᠯ ᠲᠠᠷᠬᠠᠭ᠋ᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠢ᠌ᠬᠤ ᠵᠢᠨ ᠬᠠᠮᠲᠤ ᠣᠯᠠᠨ ᠲᠦᠮᠡᠨ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠵᠤ᠂ ᠰᠦᠯᠵᠢᠶᠡᠨ᠎ᠤ ᠲᠤᠬᠠᠢ ᠶᠣᠰᠣ ᠮᠣᠷᠠᠯ᠎ᠤᠨ ᠤᠬᠠᠮᠰᠠᠷ ᠵᠶ᠋ᠠᠨ ᠴᠢᠩᠭ᠋ᠠᠳᠬᠠᠨ᠂ ᠰᠦᠯᠵᠢᠶᠡᠨ᠎ᠤ ᠪᠣᠯᠬᠢ ᠰᠤᠷᠲᠠᠯ᠎ᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠵᠤ᠂ ᠡᠷᠡᠭᠦᠯ ᠪᠥᠭᠡᠳ ᠡᠮᠬᠢ ᠵᠢᠷᠤᠮ᠎ᠲᠠᠢ᠂ ᠪᠣᠯᠪᠠᠰᠤᠨ ᠪᠥᠭᠡᠳ ᠡᠶ᠎ᠡ ᠵᠣᠬᠢᠴᠠᠯ᠎ᠲᠠᠢ ᠰᠦᠯᠵᠢᠶᠡᠨ ᠠᠮᠢ ᠠᠬᠤᠢ ᠵᠢᠨ ᠣᠷᠴᠢᠨ ᠨᠥᠬᠥᠴᠡᠯ᠎ᠢ ᠬᠠᠮᠲᠤ᠎ᠪᠠᠷ ᠪᠣᠢ ᠪᠣᠯᠭ᠋ᠠᠵᠤ᠂ ᠲᠥᠪ ᠴᠢᠬᠡᠴᠢ ᠬᠡᠪ ᠰᠤᠷᠲᠠᠯ ᠪᠦᠬᠦᠢ ᠰᠦᠯᠵᠢᠶᠡᠨ᠎ᠤ ᠣᠷᠣᠨ ᠵᠠᠢ ᠵᠢ ᠪᠣᠢ ᠪᠣᠯᠭ᠋ᠠᠬᠤ ᠲᠤᠬᠠᠢ ᠰᠠᠨᠠᠭᠤᠯᠪᠠ᠃

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠳᠣᠲᠤᠭ᠋ᠠᠳᠤ ᠵᠢ ᠬᠠᠮᠠᠭ᠋ᠠᠯᠠᠬᠤ ᠳᠤᠪᠴᠢᠶ᠎ᠠ